2019 ᠣᠨ ᠤ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠬᠢᠵᠠᠭᠠᠷᠯᠠᠬᠤ ᠬᠦᠢᠴᠡᠳᠬᠡᠯ ᠲᠤᠭᠠᠨ ᠤ ᠬᠤᠪᠢᠶᠠᠷᠢᠯᠠᠯᠲᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/1/14
ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠠᠴᠠ ᠲᠠᠷᠬᠠᠭᠠᠭᠰᠠᠨ            ︹ 2019 ︺ 4 ᠳ᠋ᠤᠭᠠᠷ ᠲᠣᠭᠠᠲᠤ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄          ᠠᠶᠢᠮᠠᠭ ᠤᠨ ᠤᠰᠤᠨ ᠶᠠᠪᠤᠳᠠᠯ ᠤᠨ ᠲᠤᠪᠴᠢᠶ᠎ᠠ ᠠᠴᠠ ᠪᠠᠭᠤᠯᠭᠠᠭᠰᠠᠨ ︽2019 ᠣᠨ ᠤ ᠬᠤᠰᠢᠭᠤ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠶᠢ ᠦᠨᠳᠦᠰᠦᠯᠡᠪᠡᠯ᠂ ᠡᠳᠦᠭᠡ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠵᠠᠭᠠᠷᠯᠠᠭᠰᠠᠨ ᠬᠦᠢᠴᠡᠳᠬᠡᠯ ᠲᠤᠭᠠᠨ ᠤ ᠬᠤᠪᠢᠶᠠᠷᠢᠯᠠᠬᠤ ᠲᠥᠰᠦᠯ ᠢ ᠲᠠᠨᠠᠷ ᠲᠤ ᠶᠠᠪᠤᠭᠤᠯᠤᠯ᠎ᠠ ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠦᠷᠡᠢ᠃                                                         2019 ᠣᠨ ᠤ 2 ᠰᠠᠷ᠎ᠠ ᠶᠢᠨ 21                  ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠭᠦᠬᠦ ᠬᠤᠷᠢᠶ᠎ᠠ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2019 ᠣᠨ ᠤ 2 ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ᠃                         ᠠᠯᠠᠱᠠ ᠪᠠᠷᠠᠭᠤᠨ ᠬᠤᠰᠢᠭᠤᠨ ᠤ 2019 ᠣᠨ ᠤ ᠤᠰᠤᠨ ᠤ ᠡᠬᠢ ᠪᠠᠶᠠᠯᠢᠭ ᠤᠨ                ᠬᠠᠮᠢᠶᠠᠷᠤᠯᠲᠠ ᠶᠢ ᠬᠢᠵᠠᠭᠠᠷᠯᠠᠬᠤ ᠬᠦᠢᠴᠡᠳᠬᠡᠯ ᠲᠤᠭ᠎ᠠ ᠶᠢ ᠬᠤᠪᠢᠶᠠᠷᠢᠯᠠᠬᠤ ᠲᠥᠰᠦᠯ                          ᠨᠢᠭᠡ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠦᠢᠴᠡᠳᠬᠡᠯ ᠲᠤᠭ᠎ᠠ          ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠦᠢᠴᠡᠳᠬᠡᠯ ᠲᠤᠭ᠎ᠠ ᠪᠣᠯ ︽ᠥᠪᠥᠷ ᠮᠣᠩᠭᠤᠯ  ᠤᠨ ᠦᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠲᠥᠯᠥᠪᠵᠢᠭᠦᠯᠭᠡ︾ ᠶᠢᠨ ᠤᠰᠤᠨ ᠤ ᠡᠬᠢ ᠪᠠᠶᠠᠯᠢᠭ ᠢ ᠲᠤᠬᠢᠷᠠᠭᠤᠯᠤᠭᠰᠠᠨ ᠦᠷ᠎ᠡ ᠪᠦᠲᠦᠭᠡᠯ ᠢᠶᠠᠷ ᠭᠤᠤᠯ ᠦᠨᠳᠦᠰᠦᠯᠡᠯ ᠪᠣᠯᠭᠠᠵᠤ᠂ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ᠂ ᠤᠰᠤ ᠬᠡᠷᠡᠭᠯᠡᠬᠦ ᠣᠳᠣᠬᠢ ᠪᠠᠶᠢᠳᠠᠯ ᠪᠠ ᠣᠶᠢᠷ᠎ᠠ ᠶᠢᠨ ᠵᠢᠯ ᠤᠨ ᠤᠰᠤ ᠬᠡᠷᠡᠭᠯᠡᠭᠰᠡᠨ ᠬᠤᠪᠢᠷᠠᠯᠲᠠ ᠵᠢᠴᠢ ᠨᠢᠭᠡᠨᠲᠡ ᠪᠠᠶᠢᠭ᠎ᠠ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠬᠦᠢᠴᠡᠳᠬᠡᠯ ᠲᠤᠭ᠎ᠠ ᠶᠢ ᠬᠦᠢᠴᠡᠳ ᠪᠣᠳᠣᠯᠬᠢᠯᠠᠵᠤ᠂ 2019 ᠣᠨ ᠳᠤ ᠠᠶᠢᠮᠠᠭ ᠤᠨ ᠤᠰᠤᠨ ᠶᠠᠪᠤᠳᠠᠯ ᠤᠨ ᠲᠣᠪᠴᠢᠶ᠎ᠠ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠤᠯ 4800 ᠲᠦᠮᠡᠨ m3 ᠪᠣᠯᠤᠨ᠎ᠠ᠃         ᠬᠤᠶᠠᠷ᠂ ᠤᠰᠤ ᠬᠡᠷᠡᠭᠯᠡᠬᠦ ᠦᠷ᠎ᠡ ᠪᠦᠲᠦᠮᠵᠢ ᠶᠢ ᠡᠵᠡᠮᠳᠡᠬᠦ ᠬᠦᠢᠴᠡᠳᠬᠡᠯ ᠲᠤᠭ᠎ᠠ          ︵ᠨᠢᠭᠡ︶ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ          ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2015 ᠤᠨ ᠤ ᠦᠯᠦ ᠬᠤᠪᠢᠰᠬᠤ ᠦᠨ᠎ᠡ ᠪᠠᠷ ᠪᠣᠳᠣᠵᠤ᠂ 15m3/ᠲᠦᠮᠡᠨ ᠲᠥᠭᠦᠷᠢᠭ ᠲᠤ ᠬᠦᠷᠭᠡᠬᠦ ᠪᠤᠶᠤ 2015 ᠤᠨ ᠤ ᠬᠢ ᠠᠴᠠ 24% ᠪᠠᠷ ᠪᠠᠭᠤᠷᠠᠭᠤᠯᠤᠨ᠎ᠠ᠃         ︵ᠬᠤᠶᠠᠷ︶ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ           ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2015 ᠣᠨ ᠤ ᠥᠯᠥ ᠬᠤᠪᠢᠰᠬᠤ ᠦᠨ᠎ᠡ ᠪᠠᠷ ᠪᠤᠳᠤᠵᠦ᠂ 50m3/ ᠲᠦᠮᠡᠨ ᠲᠥᠭᠦᠷᠢᠭ ᠲᠤ ᠬᠦᠷᠭᠡᠬᠦ ᠪᠤᠶᠤ 2015 ᠣᠨ ᠤ ᠬᠢ ᠠᠴᠠ 24.8% ᠪᠠᠷ ᠪᠠᠭᠤᠷᠠᠭᠤᠯᠤᠨ᠎ᠠ᠃         ︵ᠭᠤᠷᠪᠠ︶ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠶᠢ ᠬᠢᠵᠠᠭᠠᠷᠯᠠᠬᠤ ᠬᠦᠢᠴᠡᠳᠬᠡᠯ ᠲᠤᠭ᠎ᠠ           ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠶᠢ ᠬᠢᠵᠠᠭᠠᠷᠯᠠᠬᠤ ᠬᠦᠢᠴᠡᠳᠬᠡᠯ ᠲᠤᠭ᠎ᠠ ᠨᠢ 0.62 ᠠᠴᠠ ᠶᠡᠭᠡ ᠪᠠᠶᠢᠬᠤ᠃           ᠭᠤᠷᠪᠠ᠂ ᠴᠧᠨ ᠵᠢᠶᠠ ᠵᠢᠩ ᠤᠨ ᠬᠡᠳᠦ ᠮᠠᠯᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ           ᠬᠡᠲᠦ ᠮᠠᠯᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠬᠠᠷᠠᠯᠲᠠ ᠪᠣᠯ ᠴᠧᠨ ᠵᠢᠶᠠ ᠵᠢᠩ ᠤᠨ ᠤᠰᠤᠯᠠᠯᠲᠠ ᠶᠢᠨ ᠣᠷᠣᠨ ᠤ ᠬᠡᠲᠦ ᠮᠠᠯᠲᠠᠭᠰᠠᠨ ᠣᠷᠣᠨ ᠤ ᠲᠠᠷᠢᠶᠠᠯᠠᠩ ᠤᠨ ᠤᠰᠤᠯᠠᠯᠲᠠ ᠳᠤ 2 ᠬᠤᠳᠳᠤᠭ ᠮᠠᠯᠲᠠᠵᠤ᠂ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ 442 ᠲᠦᠮᠡᠨ m3 ᠪᠣᠯᠤᠨ᠎ᠠ᠃          《ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠲᠥᠯᠥᠪᠵᠢᠭᠦᠯᠭᠡ︾ ᠶᠢᠨ ᠤᠰᠤᠨ ᠤ ᠡᠬᠢ ᠪᠠᠶᠠᠯᠢᠭ ᠢ ᠲᠤᠬᠢᠷᠠᠭᠤᠯᠤᠭᠰᠠᠨ ᠦᠷ᠎ᠡ ᠪᠦᠲᠦᠭᠡᠯ ᠢᠶᠠᠷ ᠭᠤᠤᠯ ᠦᠨᠳᠦᠰᠦᠯᠡᠯ ᠪᠣᠯᠭᠠᠵᠤ᠂ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ᠂ ᠤᠰᠤ ᠬᠡᠷᠡᠭᠯᠡᠬᠦ ᠣᠳᠣᠬᠢ ᠪᠠᠶᠢᠳᠠᠯ ᠪᠠ ᠣᠶᠢᠷ᠎ᠠ ᠶᠢᠨ ᠵᠢᠯ ᠤᠨ ᠤᠰᠤ ᠬᠡᠷᠡᠭᠯᠡᠭᠰᠡᠨ ᠬᠤᠪᠢᠷᠠᠯᠲᠠ ᠵᠢᠴᠢ ᠨᠢᠭᠡᠨᠲᠡ ᠪᠠᠶᠢᠭ᠎ᠠ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠬᠦᠢᠴᠡᠳᠬᠡᠯ ᠲᠤᠭ᠎ᠠ ᠶᠢ ᠬᠦᠢᠴᠡᠳ ᠪᠣᠳᠣᠯᠬᠢᠯᠠᠵᠤ᠂ 2019 ᠣᠨ ᠳᠤ ᠠᠶᠢᠮᠠᠭ ᠤᠨ ᠤᠰᠤᠨ ᠶᠠᠪᠤᠳᠠᠯ ᠤᠨ ᠲᠣᠪᠴᠢᠶ᠎ᠠ ᠠᠴᠠ ᠮᠠᠨ ᠤ ᠬᠤᠰᠢᠭᠤᠨ ᠳᠤ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠤᠯ 4800 ᠲᠦᠮᠡᠨ m3 ᠪᠣᠯᠤᠨ᠎ᠠ᠃      ᠲᠠᠭᠠᠯᠳᠤᠭᠤᠯᠤᠯ᠄ 2019 ᠣᠨ ᠤ ᠠᠯᠠᠱᠠ ᠪᠠᠷᠠᠭᠤᠨ ᠬᠤᠰᠢᠭᠤᠨ ᠤ ᠡᠯ᠎ᠡ ᠰᠤᠮᠤ ᠪᠠᠯᠭᠠᠰᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢ ᠬᠢᠨᠠᠨ ᠰᠢᠯᠭᠠᠬᠤ ᠬᠤᠪᠢᠶᠠᠷᠢ ᠬᠦᠰᠦᠨᠦᠭᠲᠦ
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号