2020 ᠣᠨ ᠳᠤ ᠠᠯᠠᠱᠠ ᠪᠠᠷᠠᠭᠤᠨ ᠬᠤᠰᠢᠭᠤᠨ ᠤ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠲᠥᠷᠥᠯ ᠵᠤᠶᠢᠯ ᠢ ᠯᠠᠪᠳᠠᠭᠤᠨ ᠠᠬᠢᠭᠤᠯᠪᠠ
ᠨᠡᠶᠢᠲᠡᠯᠡᠭᠰᠡᠨ ᠴᠠᠭ᠄
2020/11/23
         ᠠᠷᠪᠠᠨ ᠰᠠᠷ᠎ᠠ ᠶᠢᠨ ᠰᠡᠭᠦᠯᠴᠢ ᠪᠣᠯᠲᠠᠯ᠎ᠠ          1᠂ ᠠᠯᠠᠱᠠ ᠪᠠᠷᠠᠭᠤᠨ ᠬᠤᠰᠢᠭᠤᠨ ᠤ ᠬᠡᠲᠦ ᠴᠤᠪᠤᠷᠠᠯᠲᠠ ᠶᠢ ᠲᠤᠬᠢᠷᠠᠭᠤᠯᠬᠤ ᠬᠠᠯᠠᠭᠤᠨ ᠤ ᠰᠤᠷᠪᠤᠯᠵᠢ ᠶᠢᠨ ᠦᠢᠯᠡᠳᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ
         ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠳᠠᠭᠤᠰᠴᠤ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠪᠠ ᠲᠦᠬᠦᠭᠡᠷᠦᠮᠵᠢ ᠶᠢᠨ ᠲᠣᠬᠢᠷᠠᠭᠤᠯᠤᠯᠲᠠ ᠬᠢᠵᠦ ᠪᠠᠶᠢᠨ᠎ᠠ᠃          2᠂ ᠭᠠᠴᠠᠭ᠎ᠠ ᠨᠡᠶᠢᠭᠡᠮ ᠲᠣᠭᠤᠷᠢᠭ ᠤᠨ ᠺᠠᠳ᠋ᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢᠨ ᠳᠤ ᠠᠵᠢᠯᠯᠠᠬᠤ ᠬᠦᠮᠦᠰ ᠲᠤ ᠠᠮᠢᠳᠤᠷᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠲᠥᠷᠥᠯ ᠵᠤᠶᠢᠯ
         ᠭᠠᠴᠠᠭᠠᠨ ᠤ ︽ᠬᠤᠶᠠᠷ ᠵᠥᠪᠯᠡᠯ︾ 2019 ᠣᠨ ᠤ 12 ᠰᠠᠷ᠎ᠠ ᠠᠴᠠ ᠡᠬᠢᠯᠡᠨ ᠠᠮᠢᠳᠤᠷᠠᠯ ᠤᠨ ᠬᠠᠷᠠᠭᠠᠯᠵᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ  ᠤᠯᠭᠤᠪᠠ︔ ᠪᠥᠬᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢᠨ ᠳᠤ ᠠᠵᠢᠯᠯᠠᠬᠤ ᠬᠥᠮᠦᠨ ᠪᠦᠷᠢ ᠳᠤ ᠰᠠᠷ᠎ᠠ ᠪᠣᠯᠭᠠᠨ 200 ᠲᠥᠭᠦᠷᠢᠭ ᠤᠨ ᠠᠮᠢᠳᠤᠷᠠᠯ ᠤᠨ ᠬᠠᠷᠠᠭᠠᠯᠵᠠᠯ ᠨᠡᠮᠡᠭᠳᠡᠭᠦᠯᠵᠦ᠂ 2020 ᠣᠨ ᠤ ᠨᠢᠭᠡᠳᠦᠭᠡᠷ ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ᠃          3᠂ ᠳᠥᠭᠦᠮ ᠪᠦᠳᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠵᠦ ᠨᠤᠷᠠᠭᠠᠨ ᠨᠡᠭᠦᠯᠭᠡᠬᠦ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠷᠥᠯ ᠵᠤᠶᠢᠯ
         ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢᠭᠡ᠂ ᠬᠤᠶᠠᠳᠤᠭᠠᠷ ᠪᠠᠷᠢᠮᠵᠢᠶᠠᠲᠤ ᠬᠡᠰᠡᠭ ᠤᠨ ᠠᠵᠢᠯ ᠢ ᠳᠠᠭᠤᠰᠬᠠᠵᠤ᠂ ᠭᠤᠷᠪᠠ᠂ ᠳᠥᠷᠪᠡᠳᠦᠭᠡᠷ ᠪᠠᠷᠢᠮᠵᠢᠶᠠᠲᠤ ᠬᠡᠰᠡᠭ ᠤᠨ ᠲᠠᠯᠠᠪᠠᠢ ᠶᠢ ᠶᠠᠭ ᠴᠡᠭᠴᠡᠯᠡᠨ ᠵᠠᠰᠠᠵᠤ ᠪᠠᠶᠢᠨ᠎ᠠ︔ ᠵᠠᠮ ᠤᠨ ᠪᠠᠷᠢᠯᠭ᠎ᠠ ᠶᠢᠨ ᠨᠢᠭᠡᠳᠦᠭᠡᠷ ᠪᠠᠷᠢᠮᠵᠢᠶ᠎ᠠ ᠬᠡᠰᠡᠭ ᠢ ᠦᠨᠳᠦᠰᠦᠨ ᠳᠡᠭᠡᠨ ᠳᠠᠭᠤᠰᠬᠠᠵᠤ᠂ ᠬᠤᠶᠠᠳᠤᠭᠠᠷ ᠪᠠᠷᠢᠮᠵᠢᠶ᠎ᠠ ᠬᠡᠰᠡᠭ ᠤᠨ ᠪᠠᠷᠢᠯᠭ᠎ᠠ ᠶᠢᠨ ᠠᠵᠢᠯ ᠢ 30% ᠶᠢᠨ ᠬᠡᠮᠵᠢᠶ᠎ᠡ ᠪᠠᠷ ᠪᠡᠶᠡᠯᠡᠭᠦᠯᠪᠡ᠃          4᠂ ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ
         ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠳᠠᠭᠤᠰᠴᠤ᠂ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠪᠠ ᠲᠦᠬᠦᠭᠡᠷᠦᠮᠵᠢ ᠶᠢᠨ ᠲᠣᠬᠢᠷᠠᠭᠤᠯᠤᠯᠲᠠ ᠬᠢᠵᠦ ᠪᠠᠶᠢᠨ᠎ᠠ᠃          5᠂ ᠦᠨᠳᠦᠰᠦᠨ ᠱᠠᠲᠤᠨ ᠤ ᠰᠤᠮᠤ ᠪᠠᠯᠭᠠᠰᠤᠨ ᠤ ᠠᠵᠢᠯᠲᠠᠨ ᠤ ᠠᠵᠢᠯ ᠪᠣᠯᠤᠨ ᠠᠮᠢᠳᠤᠷᠠᠯ ᠤᠨ ᠬᠠᠷᠠᠭᠠᠯᠵᠠᠯ ᠢ ᠰᠠᠶᠢᠵᠢᠷᠠᠭᠤᠯᠤᠨ᠎ᠠ
         2020 ᠣᠨ ᠳᠤ ᠪᠥᠬᠦ ᠬᠤᠰᠢᠭᠤᠨ ᠤ ᠰᠤᠮᠤ ᠪᠠᠯᠭᠠᠰᠤᠨ ᠤ ᠠᠵᠢᠯ ᠤᠨ ᠪᠠᠶᠢᠷᠢ ᠳᠡᠭᠡᠷ᠎ᠡ ᠪᠠᠶᠢᠭ᠎ᠠ ᠠᠵᠢᠯᠲᠠᠨ ᠤ ᠬᠤᠪᠢ ᠪᠡᠶ᠎ᠡ ᠶᠢᠨ ᠰᠠᠨᠠᠭᠠᠨ ᠳᠤ ᠦᠭᠡᠢ ᠰᠢᠷᠬᠠᠳᠤᠯ ᠤᠨ ᠳᠠᠭᠠᠳᠬᠠᠯ ᠪᠤᠶᠤ ᠵᠠᠮ ᠬᠠᠷᠢᠯᠴᠠᠭᠠᠨ ᠤ ᠭᠡᠨᠡᠳᠡᠯ ᠤᠨ ᠳᠠᠭᠠᠳᠬᠠᠯ ᠢ ᠵᠠᠰᠠᠭ ᠤᠨ ᠤᠷᠳᠤᠨ ᠤ ᠬᠤᠳᠠᠯᠳᠤᠨ ᠠᠪᠬᠤ ᠪᠠᠷ ᠳᠠᠮᠵᠢᠭᠤᠯᠤᠨ ᠬᠤᠳᠠᠯᠳᠤᠨ ᠠᠪᠤᠨ᠎ᠠ︔ ᠡᠯ᠎ᠡ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠠᠯᠪᠠᠨ ᠵᠠᠷᠤᠳᠠᠯ ᠢ ᠳᠡᠭᠡᠭᠰᠢᠯᠡᠭᠦᠯᠬᠦ ᠪᠠᠷᠢᠮᠵᠢᠶ᠎ᠠ ᠶᠣᠰᠣᠭᠠᠷ ᠲᠥᠰᠦᠪ ᠲᠤ ᠣᠷᠣᠭᠤᠯᠤᠨ᠎ᠠ︔ ᠰᠤᠮᠤ ᠪᠠᠯᠭᠠᠰᠤᠨ ᠳᠤ ᠲᠣᠭᠤᠭᠠᠴᠢ ᠲᠣᠬᠢᠷᠠᠭᠤᠯᠬᠤ ᠳᠠᠭᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠴᠠᠯᠢᠩ ᠢᠶᠠᠷ ᠲᠥᠰᠦᠪ ᠲᠤ ᠣᠷᠣᠭᠤᠯᠤᠨ᠎ᠠ︔ ᠰᠤᠮᠤ ᠪᠠᠯᠭᠠᠰᠤᠨ ᠤ ᠠᠵᠢᠯ᠂ ᠠᠮᠢᠳᠤᠷᠠᠯ ᠤᠨ ᠲᠦᠬᠦᠭᠡᠷᠦᠮᠵᠢ ᠶᠢ ᠰᠡᠯᠪᠢᠨ ᠵᠠᠰᠠᠵᠤ ᠬᠠᠮᠠᠭᠠᠯᠠᠬᠤ ᠵᠢᠴᠢ ᠲᠡᠷᠭᠡ ᠮᠠᠰᠢᠨ ᠢ ᠰᠢᠨᠡᠳᠬᠡᠬᠦ ᠳᠤ ᠠᠯᠬᠤᠮ ᠠᠯᠬᠤᠮ ᠢᠶᠠᠷ ᠪᠦᠯᠦᠭ ᠬᠤᠪᠢᠶᠠᠨ ᠲᠣᠬᠢᠷᠠᠭᠤᠯᠤᠨ᠎ᠠ᠃          6᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠪᠠᠶᠢᠴᠠᠭᠠᠯᠲᠠ
         ᠣᠳᠣ ᠪᠣᠯᠲᠠᠯ᠎ᠠ 100 ᠪᠦᠯᠦᠭ ᠤᠳᠠᠭ᠎ᠠ ᠰᠤᠭᠤᠯᠠᠨ ᠪᠠᠶᠢᠴᠠᠭᠠᠵᠤ ᠳᠠᠭᠤᠰᠬᠠᠪᠠ᠂ 67 ᠪᠦᠯᠦᠭ ᠤᠳᠠᠭ᠎ᠠ ᠨᠢ ᠰᠢᠯᠭᠠᠨ ᠪᠠᠶᠢᠴᠠᠭᠠᠭᠠᠳ ᠬᠢᠷᠢ ᠲᠡᠩᠴᠡᠵᠦ᠂ 33 ᠪᠦᠯᠦᠭ ᠤᠳᠠᠭ᠎ᠠ ᠨᠢ ᠦᠷ᠎ᠡ ᠳ᠋ᠦᠩ ᠭᠠᠷᠤᠭᠰᠠᠨ ᠦᠭᠡᠢ︔ ᠬᠤᠭᠤᠯᠠᠨ ᠤ ᠪᠠᠭᠠᠵᠢ ᠬᠡᠷᠡᠭᠰᠡᠯ᠂ ᠵᠢᠮᠢᠰ ᠨᠣᠭᠤᠭ᠎ᠠ ᠵᠡᠷᠭᠡ ᠵᠤᠶᠢᠯ ᠳᠤ 475 ᠪᠦᠯᠦᠭ ᠤᠳᠠᠭ᠎ᠠ ᠲᠦᠷᠭᠡᠨ ᠪᠠᠶᠢᠴᠠᠭᠠᠯᠲᠠ ᠬᠢᠵᠦ᠂ ᠴᠥᠮ ᠬᠢᠷᠢ ᠲᠡᠩᠴᠡᠪᠡ᠃          7᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ ᠴᠢᠮᠡᠭᠯᠡᠬᠦ ᠠᠵᠢᠯᠯᠠᠭ᠎ᠠ
         ᠳᠥᠷᠪᠡᠨ ᠲᠠᠯ᠎ᠠ ︵ᠲᠣᠰᠬᠤᠨ ᠤ ᠬᠠᠵᠠᠭᠤ᠂ ᠣᠷᠣᠨ ᠰᠠᠭᠤᠴᠠ ᠶᠢᠨ ᠬᠠᠵᠠᠭᠤ᠂ ᠤᠰᠤᠨ ᠤ ᠬᠠᠵᠠᠭᠤ᠂ ᠵᠠᠮ ᠤᠨ ᠬᠠᠵᠠᠭᠤ︶ ᠪᠠᠷ 72300 ᠰᠠᠭᠤᠷᠢ ᠮᠣᠳᠣ ᠲᠠᠷᠢᠵᠤ᠂ ᠬᠠᠯᠬᠠᠪᠴᠢ ᠣᠢ 3128 ᠮᠦ ᠰᠢᠨ᠎ᠡ ᠪᠠᠷ ᠨᠡᠮᠡᠭᠳᠡᠵᠦ᠂ ᠣᠯᠠᠨ ᠨᠡᠶᠢᠲᠡ ᠶᠢᠨ ᠵᠦᠯᠭᠡᠲᠦ ᠭᠠᠵᠠᠷ ᠵᠡᠷᠭᠡ ᠨᠣᠭᠤᠭᠠᠷᠠᠭᠤᠯᠤᠯᠲᠠ ᠶᠢᠨ ᠲᠠᠯᠠᠪᠠᠶ 1386 ᠮᠦ᠂ ᠤᠨᠠᠯᠲᠠ ᠪᠠᠭ᠎ᠠ ᠦᠷ᠎ᠡ ᠠᠰᠢᠭ ᠪᠠᠭᠠᠲᠠᠶ ᠣᠶ ᠰᠢᠭᠤᠶ ᠶᠢᠨ ᠥᠭᠡᠷᠡᠴᠢᠯᠡᠯᠲᠡ ︵ᠭᠠᠴᠠᠭ᠎ᠠ ᠲᠣᠰᠬᠤᠨ︶᠂ ᠳᠤᠮᠳᠠ ᠪᠠᠭ᠎ᠠ ᠨᠠᠰᠤᠨ ᠤ ᠣᠶ ᠶᠢ 12390 ᠮᠦ  ᠪᠤᠯᠭᠠᠵᠤ᠂ ᠴᠡᠭᠴᠡᠯᠡᠨ ᠵᠠᠰᠠᠬᠤ ᠠᠵᠢᠯ ᠢ ᠨᠢᠭᠡᠨᠲᠡ ᠪᠡᠶᠡᠯᠡᠭᠦᠯᠪᠡ᠃          8᠂ ᠪᠦᠬᠦ ᠬᠤᠰᠢᠭᠤᠨ ᠤ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠬᠦᠯᠦᠨ ᠳᠡᠭᠡᠭᠰᠢᠯᠡᠭᠦᠯᠬᠦ ᠢᠨᠵᠧᠨᠧᠷᠢᠩ
         ᠯᠦᠴᠢᠦᠸᠠᠨ ᠠᠴᠠ ᠯᠠᠮᠠ ᠶᠢᠨ ᠬᠤᠳᠳᠤᠭ ᠬᠦᠷᠬᠦ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠨᠢᠭᠡᠨᠲᠡ ᠳᠠᠭᠤᠰᠪᠠ︔ ᠭᠠᠰᠢᠭᠤᠨ ᠱᠣᠷᠪᠣᠭ ᠤᠰᠤ ᠶᠢ ᠰᠡᠷᠭᠡᠶᠢᠯᠡᠨ ᠵᠠᠰᠠᠬᠤ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠨᠢᠭᠡᠨᠲᠡ ᠠᠵᠢᠯ ᠢᠶᠠᠨ ᠡᠬᠢᠯᠡᠭᠦᠯᠵᠦ᠂ ᠣᠳᠣᠬᠠᠨ ᠳᠤ 4 ᠮᠠᠰᠢᠨᠴᠢᠯᠠᠭᠰᠠᠨ ᠴᠠᠬᠢᠯᠭᠠᠨ ᠬᠤᠳᠳᠤᠭ᠂ 3 ᠤᠰᠤᠨ ᠵᠣᠭᠤᠷᠢ᠂ 4 ᠡᠩ ᠤᠨ ᠬᠤᠳᠳᠤᠭ ᠬᠢᠵᠦ ᠳᠠᠭᠤᠰᠬᠠᠪᠠ᠃          9᠂ ᠪᠠᠳᠠᠢ ᠶᠢᠨ ᠵᠢᠷᠠᠨ ᠤ ᠰᠢᠨ᠎ᠡ ᠤᠰᠤᠨ ᠰᠤᠷᠪᠤᠯᠵᠢ ᠠᠴᠠ ᠶᠠᠪᠠᠷᠠᠢ ᠪᠠᠯᠭᠠᠰᠤᠨ ᠳᠤ ᠬᠦᠷᠬᠦ ᠤᠰᠤ ᠲᠠᠲᠠᠬᠤ ᠢᠨᠵᠧᠨᠧᠷᠢᠩ
         ᠨᠢᠭᠡᠨᠲᠡ ᠳᠠᠭᠤᠰᠴᠠᠶ᠃          10᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ
         ᠡᠯ᠎ᠡ ᠱᠠᠲᠤᠨ ᠤ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠬᠡᠪ ᠤᠨ ᠪᠠᠶᠢᠳᠠᠯ ᠳᠠᠭᠠᠨ ᠣᠷᠣᠪᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号