| | | | ︽ᠠᠯᠠᠱᠠ ᠪᠠᠷᠠᠭᠤᠨ ᠬᠤᠰᠢᠭᠤᠨ ᠤ 2019 ᠣᠨ ᠤ ᠮᠠᠯᠴᠢᠳ ᠢ ᠰᠢᠯᠵᠢᠭᠦᠯᠦᠨ ᠲᠥᠪᠬᠢᠨᠡᠭᠦᠯᠬᠦ ᠣᠷᠣᠨ | ᠰᠠᠭᠤᠴᠠ ᠶᠢᠨ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | ᠨᠢᠭᠡ᠂ ᠠᠬᠤᠶ ᠪᠠᠶᠢᠳᠠᠯ ᠤᠨ ᠦᠨᠳᠦᠰᠦᠯᠡᠯ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠲᠤᠬᠠᠶ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠬᠤᠰᠢᠭᠤᠨ ᠤ ᠠᠮᠢ | ᠠᠬᠤᠶ ᠶᠢ ᠰᠡᠷᠭᠦᠭᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠯᠠᠱᠠ ᠪᠠᠷᠠᠭᠤᠨ | ᠬᠤᠰᠢᠭᠤᠨ ᠤ ᠠᠮᠢ ᠠᠬᠤᠶ ᠠᠴᠠ ᠰᠢᠯᠵᠢᠭᠦᠯᠦᠭᠰᠡᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠬᠤ ᠶᠢᠨ ᠲᠥᠯᠥᠭᠡ᠂ 2019 ᠣᠨ ᠤ ᠮᠠᠯᠴᠢᠳ ᠢ ᠰᠢᠯᠵᠢᠭᠦᠯᠦᠨ ᠲᠥᠪᠬᠢᠨᠡᠭᠦᠯᠬᠦ ᠣᠷᠣᠨ | ᠰᠠᠭᠤᠴᠠ ᠶᠢᠨ ᠬᠡᠷᠡᠭᠵᠢᠭᠦᠯᠬᠦ ᠲᠥᠰᠦᠯ ᠢ ᠲᠤᠭᠲᠠᠭᠠᠵᠦ᠂ ᠡᠳᠦᠭᠡ ᠨᠠᠷᠢᠨ ᠲᠠᠶᠢᠯᠤᠮᠵᠢ ᠬᠢᠪᠠ᠃ | | ᠬᠤᠶᠠᠷ᠂ ᠬᠠᠷᠠᠯᠲᠠ ᠶᠢᠨ ᠡᠭᠦᠷᠭᠡ | ᠪᠥᠬᠦ ᠬᠤᠰᠢᠭᠤᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠢᠴᠢ ᠠᠵᠤ ᠦᠢᠯᠡᠰ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠠᠱᠠ ᠪᠠᠷᠠᠭᠤᠨ ᠬᠤᠰᠢᠭᠤᠨ ᠤ 2019 ᠣᠨ ᠤ | ᠮᠠᠯᠴᠢᠳ ᠢ ᠰᠢᠯᠵᠢᠭᠦᠯᠦᠨ ᠲᠦᠪᠬᠢᠨᠡᠭᠦᠯᠬᠦ ᠲᠥᠷᠥᠯ ᠵᠥᠢᠯ ᠨᠢ ᠪᠥᠬᠦ ᠬᠤᠰᠢᠭᠤᠨ ᠤ 7 ᠰᠤᠮᠤ ᠪᠠᠯᠭᠠᠰᠤᠨ ᠤ | ᠰᠢᠯᠵᠢᠭᠦᠯᠦᠨ ᠲᠥᠪᠬᠢᠨᠡᠭᠦᠯᠬᠦ ᠨᠦᠬᠦᠴᠡᠯ ᠳᠤ ᠨᠡᠶᠢᠴᠡᠬᠦ ᠮᠠᠯᠵᠢᠬᠤ ᠡᠷᠦᠬᠡ ᠳᠤ ᠬᠤᠯᠪᠣᠭᠳᠠᠵᠤ᠂ 2019 ᠣᠨ ᠤ | ᠲᠥᠯᠥᠪᠯᠡᠭᠡ ᠪᠠᠷ ᠨᠡᠶᠢᠲᠡ 260 ᠮᠠᠯᠵᠢᠬᠤ ᠡᠷᠦᠬᠡ ᠶᠢ ᠰᠢᠯᠵᠢᠭᠦᠯᠦᠨ ᠲᠥᠪᠬᠢᠨᠡᠭᠦᠯᠬᠦ ᠪᠠᠷ ᠲᠥᠯᠥᠪᠯᠡᠵᠦ ᠪᠣᠶ᠃ | ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠨᠡᠭᠦᠭᠰᠡᠨ ᠮᠠᠯᠴᠢᠳ ᠤᠨ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠢ | ᠪᠦᠲᠦᠮᠵᠢᠲᠡᠢ ᠪᠠᠲᠤᠯᠠᠵᠤ᠂ ᠵᠠᠯᠭᠠᠮᠵᠢ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ᠨᠡᠭᠦᠵᠦ ᠭᠠᠷᠤᠭᠰᠠᠨ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠡᠷᠭᠦᠭᠡᠵᠦ᠂ ᠬᠤᠲᠠ ᠬᠥᠳᠡᠭᠡ ᠶᠢ | ᠨᠢᠭᠡ ᠴᠤᠭᠴᠠᠵᠢᠭᠤᠯᠬᠤ ᠪᠠᠶᠢᠭᠤᠯᠤᠯ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠮᠠᠯᠴᠢᠳ ᠤᠨ | ᠬᠦᠷᠲᠡᠮᠵᠢ ᠶᠢᠨ ᠲᠥᠷᠥᠭᠳᠡᠯ ᠢ ᠮᠡᠳᠡᠭᠳᠡᠬᠦ᠋ᠢᠴᠡ ᠳᠡᠭᠡᠭᠰᠢᠯᠡᠭᠦᠯᠵᠦ᠂ ᠨᠡᠭᠦᠭᠰᠡᠨ ᠮᠠᠯᠴᠢᠳ ᠤᠨ ᠨᠡᠭᠦᠵᠦ ᠭᠠᠷᠴᠤ | ᠲᠡᠶᠢᠯᠬᠦ ᠡᠰᠡᠬᠦ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠬᠤ ᠬᠡᠷᠡᠭᠲᠡᠶ᠃ | | ᠭᠤᠷᠪᠠ᠂ ᠰᠢᠯᠵᠢᠭᠦᠯᠦᠨ ᠲᠥᠪᠬᠢᠨᠡᠭᠦᠯᠬᠦ ᠣᠷᠣᠨ ᠰᠠᠭᠤᠴᠠ ᠶᠢᠨ ᠨᠥᠬᠦᠪᠥᠷᠢ ᠬᠦᠷᠲᠡᠬᠦ ᠨᠥᠬᠦᠴᠡᠯ | ᠰᠢᠯᠵᠢᠭᠦᠯᠦᠨ ᠲᠥᠪᠬᠢᠨᠡᠭᠦᠯᠬᠦ ᠣᠷᠣᠨ ᠰᠠᠭᠤᠴᠠ ᠶᠢᠨ ᠨᠥᠬᠦᠪᠥᠷᠢ ᠠᠪᠬᠤ ᠪᠠᠷ ᠭᠤᠶᠤᠴᠢᠯᠠᠭᠰᠠᠨ ᠮᠠᠯᠵᠢᠬᠤ ᠡᠷᠦᠬᠡ | ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | 1.ᠡᠷᠬᠡᠪᠰᠢ ᠠᠯᠠᠱᠠ ᠪᠠᠷᠠᠭᠤᠨ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠮᠥᠷᠲᠡᠭᠡᠨ | ᠬᠤᠰᠢᠭᠤᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠵᠤ᠂ ᠪᠢᠲᠡᠭᠦᠮᠵᠢᠯᠡᠨ ᠪᠤᠶᠢᠵᠢᠭᠤᠯᠬᠤ ᠣᠷᠣᠨ ︵ᠮᠠᠯᠵᠢᠬᠤ | ᠣᠷᠣᠨ᠂ ᠨᠡᠶᠢᠲᠡ ᠶᠢᠨ ᠠᠰᠠᠷᠠᠮᠵᠢ ᠶᠢᠨ ᠰᠢᠭᠤᠶᠢᠲᠤ ᠣᠷᠣᠨ︶ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ | ᠣᠷᠣᠨ ᠳᠤ ᠦᠢᠯᠡᠳᠪᠦᠷᠢᠯᠡᠯ ᠠᠮᠢᠳᠤᠷᠠᠯ ᠡᠷᠭᠢᠯᠡᠵᠦ ᠪᠠᠶᠢᠭ᠎ᠠ ᠮᠠᠯᠴᠢᠨ︔ | 2. ᠡᠷᠬᠡᠪᠰᠢ ᠠᠯᠠᠱᠠ ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠪᠠᠯᠭᠠᠰᠤᠨ ᠤ ᠰᠢᠨ᠎ᠡ ᠠᠰᠠᠷ | ᠬᠤᠳᠠᠯᠳᠤᠨ ᠠᠪᠬᠤ ᠬᠡᠷᠡᠭᠲᠡᠶ︔ | 3. ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠡᠷᠬᠡᠪᠰᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ︔ | | 4. ᠳᠣᠤᠷᠠᠬᠢ ᠬᠥᠮᠦᠰ ᠣᠷᠣᠨ ᠰᠠᠭᠤᠴᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠭᠥᠷᠳᠡᠵᠦ ᠪᠣᠯᠬᠤ ᠥᠬᠡᠶ᠄ | ︵1︶ ᠨᠡᠭᠦᠳᠡᠯ ᠮᠠᠯᠴᠢᠳ ᠤᠨ ᠰᠠᠭᠤᠷᠢᠰᠢᠨ ᠰᠠᠭᠤᠬᠤ ᠣᠷᠣᠨ ᠰᠠᠭᠤᠴᠠ ᠶᠢᠨ ᠲᠥᠷᠥᠯ | ᠵᠦᠢᠯ ᠢ ᠨᠢᠭᠡᠨᠲᠡ ᠡᠳ᠋ᠯᠡᠵᠦ ᠦᠩᠭᠡᠷᠡᠭᠰᠡᠨ᠃ | ︵2︶ ᠠᠮᠢ ᠠᠬᠤᠶ ᠬᠡᠪᠡᠷᠡᠭ ᠭᠠᠵᠠᠷ ᠣᠷᠣᠨ ᠤ ᠠᠷᠠᠳ ᠢ ᠨᠡᠭᠦᠯᠭᠡᠨ᠂ ᠶᠠᠳᠠᠭᠤ ᠶᠢ | ᠲᠡᠳᠬᠦᠵᠦ ᠨᠡᠭᠦᠯᠭᠡᠨ ᠲᠦᠪᠬᠢᠨᠡᠭᠦᠯᠬᠦ ᠲᠥᠷᠥᠯ ᠵᠥᠢᠯ ᠢ ᠨᠢᠭᠡᠨᠲᠡ ᠭᠥᠷᠳᠡᠵᠦ ᠥᠩᠭᠡᠷᠡᠭᠰᠡᠨ︔ | ︵3︶ ︽ᠠᠷᠪᠠ ᠶᠢ ᠪᠦᠷᠢᠨ ᠪᠥᠷᠬᠦᠭᠦᠯᠬᠦ︾ ᠣᠷᠣᠨ ᠰᠠᠭᠤᠴᠠ ᠶᠢᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠬᠦᠷᠲᠡᠵᠦ ᠦᠩᠭᠡᠷᠡᠭᠰᠡᠨ︔ | ︵4︶ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠲᠤ ᠰᠠᠭᠤᠬᠤ ᠬᠡᠷ ᠪᠠᠶᠢᠰᠢᠩ ᠢ | ᠥᠭᠡᠷᠡᠴᠢᠯᠡᠨ ᠵᠠᠰᠠᠬᠤ ᠨᠦᠬᠦᠪᠦᠷᠢ ᠶᠢᠨ ᠲᠦᠷᠦᠯ ᠵᠥᠢᠯ ᠢ ᠬᠦᠷᠲᠡᠵᠦ ᠦᠩᠭᠡᠷᠡᠭᠰᠡᠨ︔ | ︵5︶ ᠵᠠᠰᠠᠭ ᠤᠨ ᠣᠷᠳᠣᠨ ᠤ ᠨᠥᠬᠦᠪᠥᠷᠢ ᠥᠭᠬᠦ ᠴᠢᠨᠠᠷᠲᠠᠶ ᠭᠡᠷ ᠪᠠᠶᠢᠰᠢᠩ ᠬᠤᠳᠠᠯᠳᠤᠨ | ᠠᠪᠬᠤ ᠪᠤᠰᠤᠳ ᠨᠥᠬᠦᠪᠥᠷᠢ ᠶᠢ ᠨᠢᠭᠡᠨᠲᠡ ᠡᠳ᠋ᠯᠡᠵᠦ ᠥᠩᠭᠡᠷᠡᠭᠰᠡᠨ︔ | | ᠳᠥᠷᠪᠡ᠂ ᠬᠡᠷ ᠪᠠᠶᠢᠰᠢᠩ ᠤᠨ ᠢᠷᠡᠯᠲᠡ ᠶᠢ ᠪᠠᠶᠢᠴᠠᠭᠠᠬᠤ | ᠲᠥᠪ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ | ᠱᠠᠭᠠᠷᠳᠠᠯᠭ᠎ᠠ ᠪᠠᠶᠢᠷᠢᠯᠠᠭᠤᠯᠤᠯᠲᠠ ᠶᠣᠰᠣᠭᠠᠷ᠂ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ | ᠨᠥᠬᠦᠪᠥᠷᠢᠯᠡᠬᠦ︾ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ 2019 ᠣᠨ ᠳᠤ ᠮᠠᠯᠴᠢᠳ ᠢ | ᠰᠢᠯᠵᠢᠭᠦᠯᠦᠨ ᠲᠦᠪᠬᠢᠨᠡᠭᠦᠯᠬᠦ ᠣᠷᠣᠨ ᠰᠠᠭᠤᠴᠠ ᠶᠢᠨ ᠲᠥᠷᠦᠯ ᠵᠦᠢᠯ ᠤᠨ ᠵᠠᠰᠠᠭ ᠤᠨ ᠣᠷᠳᠣᠨ ᠠᠴᠠ ᠳᠠᠬᠢᠵᠤ | ᠰᠢᠨ᠎ᠡ ᠪᠠᠷ ᠣᠷᠣᠨ ᠰᠠᠭᠤᠴᠠ ᠪᠠᠶᠢᠭᠤᠯᠬᠤ ᠶᠢ ᠵᠣᠭᠰᠣᠭᠠᠨ᠎ᠠ᠃ ᠣᠷᠣᠨ ᠰᠠᠭᠤᠴᠠ ᠶᠢᠨ ᠢᠷᠡᠯᠲᠡ ᠶᠢ | ᠴᠤᠭᠯᠠᠭᠤᠯᠬᠤ ᠳᠤ ᠠᠯᠠᠱᠠ ᠪᠠᠷᠠᠭᠤᠨ ᠬᠤᠰᠢᠭᠤᠨ ᠤ ︽ᠲᠥᠬᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠨ ᠪᠠᠶᠢᠭᠤᠯᠬᠤ︾ ᠵᠡᠷᠭᠡ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ | ᠵᠥᠢᠯ ᠲᠠᠢ ᠤᠶᠠᠯᠳᠤᠭᠤᠯᠤᠨ᠂ ᠭᠤᠤᠯᠳᠠᠭᠤ ᠪᠠᠳᠠᠶ ᠶᠢᠨ ᠵᠢᠷᠠᠨ ᠪᠠᠯᠭᠠᠰᠤ ᠶᠢᠨ ᠨᠢᠭᠡᠨᠲᠡ ᠨᠡᠭᠡᠭᠡᠭᠰᠡᠨ | ᠬᠠᠳᠠᠭᠠᠯᠠᠭᠳᠠᠴᠠ ᠶᠢᠨ ᠬᠡᠷ ᠪᠠᠶᠢᠰᠢᠩ ᠢ ᠡᠬᠡᠭᠦᠯᠵᠦ ᠬᠤᠳᠠᠯᠳᠤᠨ ᠠᠪᠬᠤ ᠪᠠᠷ ᠭᠤᠤᠯ ᠪᠣᠯᠭᠠᠵᠤ᠂ ᠣᠷᠣᠨ | ᠰᠠᠭᠤᠴᠠ ᠶᠢᠨ ᠦᠨ᠎ᠡ ᠨᠢ ᠠᠳᠠᠯᠢ ᠬᠤᠭᠤᠴᠠᠭᠠᠨ ᠤ ᠨᠡᠶᠢᠭᠡᠮ ᠤᠨ ᠳᠤᠮᠳᠠᠴᠢ ᠦᠨ᠎ᠡ ᠠᠴᠠ ᠳᠣᠤᠷ᠎ᠠ ᠪᠠᠶᠢᠨ᠎ᠠ᠃ | | ᠲᠠᠪᠤ᠂ ᠪᠡᠯᠡ ᠮᠥᠩᠭᠦ ᠴᠤᠭᠯᠠᠭᠤᠯᠬᠤ ᠵᠢᠴᠢ ᠨᠥᠬᠦᠪᠥᠷᠢ ᠥᠭᠬᠦ ᠪᠠᠷᠢᠮᠵᠢᠶ᠎ᠠ | ︵ᠨᠢᠭᠡ︶ ᠪᠡᠯᠡ ᠮᠥᠩᠭᠦ ᠴᠤᠭᠯᠠᠭᠤᠯᠬᠤ᠃ ᠠᠯᠠᠱᠠ ᠪᠠᠷᠠᠭᠤᠨ ᠬᠤᠰᠢᠭᠤᠨ ᠤ 2019 ᠣᠨ ᠤ | ᠮᠠᠯᠴᠢᠳ ᠢ ᠰᠢᠯᠵᠢᠭᠦᠯᠦᠨ ᠲᠥᠪᠬᠢᠨᠡᠭᠦᠯᠬᠦ ᠲᠥᠷᠥᠯ ᠵᠥᠢᠯ ᠤᠨ ᠪᠠᠯᠠ ᠮᠥᠩᠭᠦ ᠶᠢ ᠤᠯᠤᠰ ᠤᠨ ᠪᠠᠯᠠ | ᠣᠷᠣᠭᠤᠯᠤᠯᠲᠠ ᠪᠠ ᠮᠠᠯᠴᠢᠳᠥᠪᠡᠰᠦᠪᠡᠨ ᠴᠤᠭᠯᠠᠭᠤᠯᠬᠤ ᠠᠷᠭ᠎ᠠ ᠮᠠᠶ᠋ᠢᠭ ᠢᠶᠠᠷ ᠰᠢᠢᠳᠪᠦᠷᠢᠯᠡᠪᠡ᠃ ᠳᠡᠭᠡᠳᠦ | ᠱᠠᠲᠤᠨ ᠤ ᠨᠥᠬᠦᠪᠥᠷᠢ ᠪᠠᠯᠠ ᠮᠥᠩᠭᠦ ᠨᠢ ᠭᠤᠤᠯᠳᠠᠭᠤ ︽2019 ᠣᠨ ᠤ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠬᠡᠰᠡᠭ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠰᠢᠯᠵᠢᠭᠦᠯᠦᠨᠥᠭᠬᠦ ᠪᠠᠯᠠ ᠮᠥᠩᠭᠦ︾ ᠪᠠᠶᠢᠵᠤ᠂ | 2019 ᠣᠨ ᠳᠤ ᠮᠠᠨ ᠤ ᠬᠤᠰᠢᠭᠤᠨ ᠤ ᠨᠥᠬᠦᠪᠥᠷᠢ ᠪᠠᠯᠠ ᠮᠥᠩᠭᠦ ᠶᠢ ᠨᠡᠶᠢᠲᠡ 1560 ᠲᠦᠮᠡᠨ ᠲᠥᠭᠦᠷᠢᠭ | ᠪᠠᠭᠤᠯᠭᠠᠵᠤ᠂ ᠬᠦᠷᠦᠯᠴᠡᠬᠦ ᠥᠬᠡᠶ ᠬᠡᠰᠡᠭ ᠢ ᠨᠢ ᠮᠠᠯᠴᠢᠳ ᠥᠪᠡᠷᠰᠡᠳ ᠢᠶᠠᠨ ᠰᠢᠢᠳᠪᠦᠷᠢᠯᠡᠨ᠎ᠡ᠃ | ︵ᠬᠤᠶᠠᠷ︶ ᠨᠥᠬᠦᠪᠥᠷᠢ ᠥᠭᠬᠦ ᠪᠠᠷᠢᠮᠵᠢᠶ᠎ᠠ᠃ 2019 ᠣᠨ ᠳᠤ ᠮᠠᠯᠴᠢᠳ ᠢ ᠰᠢᠯᠵᠢᠭᠦᠯᠦᠨ | ᠲᠥᠪᠬᠢᠨᠡᠭᠦᠯᠬᠦ ᠣᠷᠣᠨ ᠰᠠᠭᠤᠴᠠ ᠶᠢᠨ ᠨᠥᠬᠦᠪᠥᠷᠢ ᠶᠢᠨ ᠲᠥᠷᠥ ᠶᠢᠨ ᠪᠤᠳᠤᠯᠭ᠎ᠠ ᠳᠤ ᠮᠠᠯᠴᠢᠳ ᠤᠨ ᠪᠣᠳᠠᠲᠠᠶ | ᠬᠠᠮᠲᠤ ᠦᠢᠯᠡᠳᠪᠦᠷᠢᠯᠡᠵᠦ ᠠᠮᠢᠳᠤᠷᠠᠵᠤ ᠪᠠᠶᠢᠭ᠎ᠠ ︽ᠡᠷᠦᠬᠡ︾ ᠪᠠᠷ ᠨᠢᠭᠡᠴᠢ ᠪᠤᠯᠭᠠᠨ ᠨᠥᠬᠦᠪᠥᠷᠢ ᠣᠯᠭᠤᠨ᠎ᠠ᠃ | ᠨᠥᠬᠦᠪᠥᠷᠢ ᠶᠢᠨ ᠪᠠᠷᠢᠮᠵᠢᠶ᠎ᠠ ᠶᠢ ᠪᠦᠬᠦ ᠬᠤᠰᠢᠭᠤᠨ ᠤ ᠠᠮᠢ ᠠᠬᠤᠢ ᠬᠡᠪᠡᠷᠡᠭ ᠭᠠᠵᠠᠷ ᠣᠷᠣᠨ ᠤ ᠠᠷᠠᠳ ᠢ | ᠲᠦᠪᠬᠢᠨᠡᠭᠦᠯᠬᠦ ᠲᠥᠷᠥᠯ ᠵᠦᠢᠯ ᠢᠶᠠᠷ ᠯᠠᠪᠯᠠᠯᠲᠠ ᠪᠣᠯᠭᠠᠨ᠂ ᠡᠷᠦᠬᠡ ᠪᠦᠷᠢ ᠳᠤ 4 ᠬᠥᠮᠦᠨ ᠢᠶᠠᠷ ᠪᠣᠳᠣᠵᠤ᠂ ᠡᠷᠦᠬᠡ | ᠪᠦᠷᠢ ᠳᠤ 6 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ | | ᠵᠢᠷᠭᠤᠭ᠎ᠠ᠂ ᠲᠠᠶᠢᠯᠤᠮᠵᠢ ᠬᠢᠬᠦ ᠨᠢᠭᠡᠴᠡ ᠪᠣᠳᠠᠲᠠᠶ ᠤᠴᠢᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | | ᠲᠠᠶᠢᠯᠤᠮᠵᠢ ᠬᠢᠭᠴᠢ᠄ ᠡᠤ ᠱᠧᠩ ᠶᠤᠸᠠᠨ | ᠬᠠᠷᠢᠯᠴᠠᠬᠤ ᠤᠲᠠᠰᠤ᠄ 13948036226 |