︽ᠠᠯᠠᠱᠠ ᠪᠠᠷᠠᠭᠤᠨ ᠬᠤᠰᠢᠭᠤᠨ ᠤ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/5/26
︽ᠠᠯᠠᠱᠠ ᠪᠠᠷᠠᠭᠤᠨ ᠬᠤᠰᠢᠭᠤᠨ ᠤ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ                         ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠵᠡᠮᠳᠡᠭᠴᠦᠳ ᠤᠨ ᠦᠢᠯᠡᠰ ᠢ ᠬᠥᠭᠵᠢᠭᠦᠯᠬᠦ ᠶᠢᠨ ᠲᠥᠯᠥᠭᠡ᠂ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠶᠢ ᠴᠢᠩᠭᠠᠳᠬᠠᠬᠤ︾ ᠴᠢᠬᠤᠯᠠ ᠪᠠᠶᠢᠷᠢᠯᠠᠭᠤᠯᠤᠯᠲᠠ ᠵᠡᠮᠳᠡᠭ ᠬᠡᠤᠬᠡᠳ ᠢ ᠡᠷᠡᠭᠦᠯᠵᠢᠭᠦᠯᠬᠦ ᠦᠨᠳᠦᠰᠦᠨ ᠦᠢᠯᠡᠴᠢᠯᠡᠭᠡ ᠬᠦᠷᠲᠡᠭᠡᠬᠦ ᠶᠢ ᠪᠠᠲᠤᠯᠠᠵᠤ᠂ ︽ᠵᠡᠮᠳᠡᠭ ᠪᠤᠯᠬᠤ ᠶᠢ ᠤᠷᠢᠳᠴᠢᠯᠠᠨ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠲᠦᠷᠢᠮ︾᠂ ︽ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠠᠴᠠ ᠲᠠᠷᠬᠠᠭᠠᠭᠰᠠᠨ︹ 2018 ︺20 ᠳ᠋ᠤᠭᠠᠷ ᠲᠣᠭᠠᠲᠤ︶ ᠪᠣᠯᠤᠨ ︽ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ  ᠠᠴᠠ ᠲᠠᠷᠬᠠᠭᠠᠭᠰᠠᠨ︹2018 ︺ 45 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠠᠯᠠᠱᠠ ᠪᠠᠷᠠᠭᠤᠨ ᠬᠤᠰᠢᠭᠤᠨ ᠤ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠲᠤᠭᠲᠠᠭᠠᠪᠠ᠂ ᠡᠳᠦᠭᠡ ︽ᠬᠡᠷᠡᠭᠵᠢᠭᠦᠯᠬᠦ ᠲᠥᠰᠦᠯ︾ ᠤᠨ ᠭᠤᠤᠯ ᠠᠭᠤᠯᠭ᠎ᠠ ᠶᠢᠨ ᠲᠠᠶᠢᠯᠤᠮᠵᠢ ᠳᠣᠤᠷᠠᠬᠢ ᠮᠡᠲᠦ᠄                 ᠨᠢᠭᠡ᠂ ᠨᠡᠶᠢᠲᠡᠯᠡᠭᠰᠡᠨ ᠠᠬᠤᠶ ᠪᠠᠶᠢᠳᠠᠯ             ᠥᠷᠭᠡᠨ ᠣᠯᠠᠨ ᠵᠡᠮᠳᠡᠭ ᠬᠡᠦᠬᠡᠳ ᠤᠨ ᠡᠷᠬᠡ ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 2018 ᠣᠨ ᠤ 5 ᠰᠠᠷ᠎ᠠ ᠶᠢᠨ 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠪᠠᠷ ᠰᠤᠳᠤᠯᠤᠨ ᠲᠣᠭᠲᠠᠭᠠᠪᠠ᠃ 2018 ᠤᠨ ᠤ10 ᠰᠠᠷ᠎ᠠ ᠶᠢᠨ 1 ᠤ ᠡᠳᠦᠷ ᠠᠴᠠ ᠡᠬᠢᠯᠡᠨ᠂ ᠨᠥᠬᠦᠴᠡᠯ ᠳᠤ ᠨᠡᠶᠢᠴᠡᠬᠦ 0 — 6 ᠨᠠᠰᠤᠨ ᠤ ᠬᠠᠷᠠᠭ᠎ᠠ᠂ ᠰᠣᠨᠣᠷ᠂ ᠦᠭᠡ ᠬᠡᠯᠡ᠂ ᠦᠶ᠎ᠡ ᠮᠥᠴᠢ᠂ ᠣᠶᠤᠨ ᠴᠢᠳᠠᠪᠤᠷᠢ ᠵᠡᠷᠭᠡ ᠲᠠᠯ᠎ᠠ ᠪᠠᠷ ᠬᠢ ᠵᠡᠮᠳᠡᠭ ᠬᠡᠤᠬᠡᠳ᠂ ᠭᠠᠭᠴᠠᠭᠠᠷᠳᠠᠮᠠᠯ ᠬᠡᠮ ᠲᠠᠢ ᠬᠡᠤᠬᠡᠳ᠂ ᠠᠵᠤ ᠠᠬᠤᠶ ᠨᠢ ᠬᠦᠴᠢᠷᠳᠡᠯᠲᠡᠶ ᠬᠡᠷ ᠪᠦᠯᠢ᠂ ᠠᠰᠠᠷᠠᠮᠵᠢ ᠶᠢᠨ ᠪᠠᠶᠢᠭᠤᠯᠤᠮᠵᠢ ᠶᠢᠨ ᠡᠷᠭᠦᠨ ᠲᠡᠵᠢᠭᠡᠭᠰᠡᠨ ᠵᠡᠮᠳᠡᠭ ᠬᠡᠤᠬᠡᠳ᠂ ᠥᠨᠥᠴᠢᠨ ᠵᠡᠮᠳᠡᠭ ᠬᠡᠤᠬᠡᠳ ᠵᠡᠷᠭᠡ ᠪᠠᠭᠲᠠᠨ᠎ᠠ᠃ ᠮᠡᠰᠡ ᠵᠠᠰᠠᠯ᠂ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠪᠠ ᠡᠷᠡᠭᠦᠯᠵᠢᠭᠦᠯᠬᠦ ᠪᠣᠯᠪᠠᠰᠤᠷᠠᠯ ᠵᠡᠷᠭᠡ ᠳᠤ ᠠᠪᠤᠷᠠᠨ ᠲᠤᠰᠠᠯᠠᠯᠲᠠ ᠶᠢ ᠬᠠᠩᠭᠠᠨ᠎ᠠ᠃ ᠠᠪᠤᠷᠠᠨ ᠲᠤᠰᠠᠯᠠᠬᠤ ᠵᠠᠷᠤᠳᠠᠯ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠲᠥᠰᠦᠪ ᠲᠤ ᠣᠷᠣᠭᠤᠯᠵᠤ᠂ ᠲᠥᠪ ᠤᠨ ᠡᠳ᠋ ᠤᠨ ᠵᠠᠰᠠᠭ ᠠᠴᠠ ᠵᠣᠬᠢᠰᠲᠠᠶ ᠨᠥᠬᠦᠪᠥᠷᠢ ᠥᠭᠭᠦᠨ᠎ᠡ᠃ 2020 ᠤᠨ ᠪᠣᠯᠬᠤ ᠳᠤ ᠵᠡᠮᠳᠡᠭ ᠬᠡᠤᠬᠡᠳ ᠢ ᠠᠪᠤᠷᠠᠪᠠᠯ ᠵᠣᠬᠢᠬᠤ ᠶᠢ ᠨᠢ ᠪᠦᠬᠦᠨ ᠢ ᠠᠪᠤᠷᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃             ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ            ︵ᠨᠢᠭᠡ︶ ︽ᠵᠡᠮᠳᠡᠭ ᠪᠣᠯᠬᠤ ᠶᠢ ᠰᠡᠷᠭᠡᠶᠢᠯᠡᠬᠦ ᠪᠠ ᠵᠡᠮᠳᠡᠭᠴᠦᠳ ᠢ ᠡᠷᠡᠭᠦᠯᠵᠢᠭᠦᠯᠬᠦ ᠳᠦᠷᠢᠮ︾            ︵ᠬᠤᠶᠠᠷ︶ ︽ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠠᠴᠠ ᠲᠠᠷᠬᠠᠭᠠᠭᠰᠠᠨ ︹ 2018 ︺ 20 ᠳ᠋ᠤᠭᠠᠷ ᠲᠣᠭᠠᠲᠤ︶            ︵ᠭᠤᠷᠪᠠ︶ ︽ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠴᠠ ᠲᠠᠷᠬᠠᠭᠠᠭᠰᠠᠨ ︹ 2018 ︺ 45 ᠳ᠋ᠤᠭᠠᠷ ᠲᠣᠭᠠᠲᠤ︶              ᠭᠤᠷᠪᠠ᠂ ᠬᠠᠷᠠᠯᠲᠠ ᠶᠢᠨ ᠡᠭᠦᠷᠭᠡ             2020 ᠤᠨ ᠪᠣᠯᠬᠤ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠲᠠᠢ ᠵᠣᠬᠢᠴᠠᠭᠰᠠᠨ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮ ᠢ ᠪᠠᠶᠢᠭᠤᠯᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠵᠡᠮᠳᠡᠭᠴᠦᠳ ᠤᠨ ᠬᠤᠯᠪᠣᠭ᠎ᠠ ᠲᠦᠷᠦᠭᠦᠯᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ ᠠᠪᠤᠷᠠᠬᠤ ᠶᠣᠰᠣᠲᠠᠶ ᠵᠡᠮᠳᠡᠭ ᠬᠡᠤᠬᠡᠳ ᠢ ᠪᠦᠬᠦᠨ ᠢ ᠠᠪᠤᠷᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 2025 ᠤᠨ ᠪᠣᠯᠬᠤ ᠳᠤ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮ ᠢ ᠨᠠᠩ ᠪᠦᠷᠢᠨ ᠪᠣᠯᠭᠠᠨ ᠲᠡᠭᠦᠯᠳᠡᠷᠵᠢᠭᠦᠯᠵᠦ᠂ ᠵᠡᠮᠳᠡᠭ ᠬᠡᠤᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠢᠯᠡᠳᠲᠡ ᠲᠡᠭᠡᠭᠰᠢᠯᠡᠵᠦ᠂ ᠦᠢᠯᠡᠴᠢᠯᠡᠭᠡᠨ ᠤ ᠶᠠᠰᠤ ᠴᠢᠨᠠᠷ ᠪᠠ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠵᠡᠮᠳᠡᠭ ᠬᠡᠤᠬᠡᠳ ᠲᠤ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ ᠨᠡᠶᠢᠳᠡᠮ ᠡᠳ᠋ᠯᠡᠭᠦᠯᠵᠦ᠂ ᠡᠷᠡᠭᠦᠯ ᠢᠶᠠᠷ ᠥᠰᠦᠨ ᠪᠤᠶᠢᠵᠢᠬᠤ᠂ ᠪᠦᠬᠦ ᠲᠠᠯ᠎ᠠ ᠪᠠᠷ ᠬᠥᠭᠵᠢᠬᠦ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃            ᠳᠥᠷᠪᠡ᠂ ᠪᠣᠳᠠᠲᠠᠶ ᠠᠭᠤᠯᠭ᠎ᠠ            ︵ᠨᠢᠭᠡ︶ ᠠᠪᠤᠷᠠᠨ ᠲᠤᠰᠠᠯᠠᠬᠤ ᠡᠲᠡᠭᠡᠳ᠄ ᠲᠣᠰ ᠭᠠᠵᠠᠷ ᠤᠨ ᠡᠷᠦᠬᠡ ᠠᠮᠠ ᠶᠢᠨ ᠳᠠᠩᠰᠠ ᠪᠤᠶᠤ ᠣᠷᠣᠰᠢᠨ ᠰᠠᠭᠤᠬᠤ ᠦᠨᠡᠮᠯᠡᠯ ᠲᠠᠢ ᠪᠠᠶᠢᠬᠤ ᠬᠡᠷᠡᠭᠲᠡᠶ᠃ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠭᠠᠷᠭᠠᠭᠰᠠᠨ ᠠᠨᠠᠭᠠᠬᠤ ᠤᠬᠠᠭᠠᠨ ᠤ ᠤᠨᠤᠰᠢᠯᠠᠯ ᠤᠨ ᠪᠢᠴᠢᠭ ᠲᠠᠢ ᠪᠠᠶᠢᠵᠤ᠂ ᠵᠡᠮᠳᠡᠭ ᠬᠡᠤᠬᠡᠳ ᠤᠨ ᠬᠢᠨᠠᠨ ᠬᠠᠮᠠᠭᠠᠯᠠᠭᠴᠢ ᠨᠢ ᠡᠷᠡᠭᠦᠯᠵᠢᠭᠦᠯᠬᠦ ᠬᠦᠰᠡᠯ ᠲᠠᠢ ᠪᠥᠭᠡᠳ ᠲᠣᠭᠲᠠᠭᠠᠯ ᠶᠣᠰᠣᠭᠠᠷ ᠡᠷᠡᠭᠦᠯᠵᠢᠬᠦ ᠪᠣᠯᠪᠠᠰᠤᠷᠠᠯ ᠢ ᠪᠡᠶᠡᠯᠡᠭᠦᠯᠬᠦ 0 — 7 ᠨᠠᠰᠤᠨ ᠤ ᠬᠠᠷᠠᠭ᠎ᠠ᠂ ᠰᠤᠨᠤᠰᠬᠤ ᠴᠢᠳᠠᠪᠤᠷᠢ᠂ ᠦᠭᠡ ᠬᠡᠯᠡ᠂ ᠦᠶ᠎ᠡ ᠮᠥᠴᠢ᠂ ᠣᠶᠤᠨ ᠴᠢᠳᠠᠪᠤᠷᠢ ᠵᠡᠷᠭᠡ ᠵᠡᠮᠳᠡᠭ ᠬᠡᠤᠬᠡᠳ ᠪᠠ ᠭᠠᠭᠴᠠᠭᠠᠷᠳᠠᠮᠠᠯ ᠭᠡᠮ ᠲᠠᠢ ᠬᠡᠤᠬᠡᠳ ᠲᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢ ᠪᠠᠲᠤᠯᠠᠨ᠎ᠠ᠃           ︵ᠬᠤᠶᠠᠷ︶ ᠠᠪᠤᠷᠠᠨ ᠲᠤᠰᠠᠯᠠᠬᠤ ᠠᠭᠤᠯᠭ᠎ᠠ᠄ ᠴᠢᠳᠠᠮᠵᠢ ᠶᠢᠨ ᠬᠠᠷᠰᠢ ᠰᠠᠭᠠᠳ ᠢ ᠬᠥᠩᠭᠡᠷᠡᠭᠦᠯᠬᠦ᠂ ᠴᠢᠳᠠᠮᠵᠢ ᠶᠢᠨ ᠪᠠᠶᠢᠳᠠᠯ ᠢ ᠰᠠᠶᠢᠵᠢᠷᠠᠭᠤᠯᠬᠤ᠂ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠪᠠ ᠨᠡᠶᠢᠭᠡᠮ ᠤᠨ ᠬᠢᠨ ᠤ ᠣᠷᠣᠯᠴᠠᠬᠤ ᠴᠢᠳᠠᠪᠤᠷᠢ ᠶᠢ ᠨᠡᠮᠡᠭᠳᠡᠭᠦᠯᠬᠦ ᠪᠠᠷ ᠭᠤᠤᠯ ᠵᠣᠷᠢᠯᠭ᠎ᠠ ᠪᠣᠯᠭᠠᠭᠰᠠᠨ ᠮᠡᠰᠡ ᠵᠠᠰᠠᠯ᠂ ᠡᠷᠡᠭᠦᠯᠵᠢᠯ᠂ ᠡᠮᠴᠢᠯᠡᠭᠡ ᠡᠷᠡᠭᠦᠯᠵᠢᠯ᠂ ᠡᠷᠡᠭᠦᠯᠵᠢᠯ ᠤᠨ ᠪᠣᠯᠪᠠᠰᠤᠷᠠᠯ᠂ ᠲᠤᠰᠠᠯᠠᠬᠤ ᠪᠠᠭᠠᠵᠢ ᠬᠡᠷᠡᠭᠰᠡᠯ ᠢ ᠲᠤᠬᠢᠷᠠᠭᠤᠯᠬᠤ ᠵᠡᠷᠭᠡ ᠡᠷᠡᠭᠦᠯᠵᠢᠯ ᠤᠨ ᠠᠪᠤᠷᠠᠨ ᠲᠤᠰᠠᠯᠠᠬᠤ ᠦᠢᠯᠡᠴᠢᠯᠡᠭᠡ᠂ ᠠᠳᠠᠯᠢ ᠪᠤᠰᠤ ᠵᠡᠮᠳᠡᠭ ᠪᠠᠶᠢᠳᠠᠯ ᠤᠨ ᠲᠥᠷᠥᠯ ᠢᠯᠭᠠᠯ ᠢ ᠦᠨᠳᠦᠰᠦᠯᠡᠨ ᠵᠣᠬᠢᠴᠠᠩᠭᠤᠶ ᠠᠪᠤᠷᠠᠨ ᠲᠤᠰᠠᠯᠠᠬᠤ ᠲᠥᠷᠥᠯ ᠵᠥᠢᠯ ᠢ ᠪᠣᠳᠠᠲᠠᠶ ᠬᠠᠩᠭᠠᠬᠤ ᠬᠡᠷᠡᠭᠲᠡᠶ᠃            1. ᠮᠡᠰᠡ ᠵᠠᠰᠠᠯ᠄ ᠭᠤᠣᠯᠳᠠᠭᠤ ᠬᠦᠨᠳᠦ ᠬᠡᠮᠵᠢᠶᠡᠨ ᠤ ᠰᠣᠨᠣᠰᠬᠤ ᠴᠢᠳᠠᠪᠤᠷᠢ ᠨᠢ ᠵᠡᠮᠳᠡᠭ ᠬᠡᠦᠬᠡᠳ ᠲᠤ ᠬᠥᠮᠦᠨ ᠤ ᠬᠦᠴᠦᠨ ᠤ ᠴᠢᠬᠢᠨ ᠲᠤᠩ ᠲᠠᠷᠢᠵᠦ ᠣᠷᠣᠭᠤᠯᠬᠤ ᠮᠡᠰᠡ ᠵᠠᠰᠠᠯ ᠬᠢᠨ᠎ᠡ︔ ᠲᠥᠷᠥᠯᠬᠢ ᠴᠢᠨᠠᠷᠲᠠᠶ ᠬᠦᠯ ᠨᠢ ᠲᠤᠲᠤᠭᠰᠢ ᠪᠠᠨ ᠮᠠᠲᠠᠶᠢᠬᠤ ᠡᠪᠡᠳᠴᠢᠨ᠂ ᠨᠢᠯᠬ᠎ᠠ ᠬᠡᠤᠬᠡᠳ ᠤᠨ ᠮᠢᠨᠴᠦᠭᠦᠷᠡᠬᠦ ᠠᠷᠬᠠᠭ᠂  ᠬᠦᠨᠳᠦ ᠨᠣᠴᠢᠲᠠᠶ ᠲᠠᠷᠢᠬᠢᠨ ᠤ ᠰᠠ᠂ ᠪᠤᠯᠴᠢᠩ ᠰᠢᠷᠪᠥᠰᠥ ᠨᠢ ᠵᠠᠩᠭᠢᠷᠠᠬᠤ᠂ ᠦᠶ᠎ᠡ ᠭᠡᠰᠢᠭᠦᠤ ᠨᠢ ᠵᠡᠷᠡᠮᠳᠡᠭ ᠪᠣᠯᠬᠤ ᠵᠢᠴᠢ ᠮᠤᠯᠲᠤᠷᠠᠬᠤ᠂ ᠪᠠᠭᠠᠨ᠎ᠠ ᠨᠢᠷᠤᠭᠤ ᠨᠢ ᠬᠠᠭᠠᠷᠠᠵᠤ ᠵᠡᠮᠳᠡᠭ ᠪᠣᠯᠬᠤ ᠵᠡᠷᠭᠡ ᠤᠨ ᠮᠡᠰᠡ ᠵᠠᠰᠠᠯ ᠳᠤ ᠨᠢᠭᠡ ᠯᠡ ᠤᠳᠠᠭᠠᠨ ᠤ ᠴᠢᠨᠠᠷᠲᠠᠶ ᠠᠪᠤᠷᠠᠨ ᠲᠤᠰᠠᠯᠠᠯᠲᠠ ᠶᠢ ᠬᠠᠩᠭᠠᠨ᠎ᠠ᠃            2. ᠲᠤᠰᠠᠯᠠᠬᠤ ᠪᠠᠭᠠᠵᠢ ᠬᠡᠷᠡᠭᠰᠡᠯ ᠢ ᠲᠤᠬᠢᠷᠠᠭᠤᠯᠬᠤ᠄ ᠭᠤᠤᠯᠳᠠᠭᠤ ᠬᠠᠷᠠᠭ᠎ᠠ ᠵᠡᠮᠳᠡᠭ ᠬᠡᠤᠬᠡᠳ ᠤᠨ ᠬᠠᠷᠠᠭ᠎ᠠ ᠶᠢ ᠲᠤᠰᠠᠯᠠᠬᠤ ᠪᠠᠭᠠᠵᠢ᠂ ᠳᠤᠮᠳᠠ ︵ᠬᠥᠩᠭᠡᠨ︶ ᠬᠡᠮᠵᠢᠶᠡᠨ ᠤ ᠰᠣᠨᠣᠷ ᠵᠡᠮᠳᠡᠭ ᠬᠡᠤᠬᠡᠳ ᠤᠨ ᠰᠣᠨᠣᠷ ᠢ ᠲᠤᠰᠠᠯᠠᠬᠤ ᠪᠠᠭᠠᠵᠢ ᠶᠢ ᠲᠠᠭᠠᠷᠠᠭᠤᠯᠬᠤ᠂ ᠬᠥᠮᠦᠨ ᠤ ᠬᠦᠴᠦ ᠪᠠᠷ ᠴᠢᠬᠢᠨ ᠲᠤᠩ ᠤᠨ ᠮᠡᠰᠡ ᠵᠠᠰᠠᠯ ᠬᠢᠬᠦ ᠴᠢᠬᠤᠯᠠᠲᠠᠶ ᠴᠢᠬᠢᠨ ᠤ ᠬᠢᠮᠡᠯ ᠲᠤᠩ᠂ ᠬᠢᠮᠡᠯ ᠮᠥᠴᠢ᠂ ᠵᠠᠯᠠᠷᠠᠭᠤᠯᠬᠤ ᠪᠠᠭᠠᠵᠢ᠂ ᠬᠦᠷᠳᠦᠲᠦ ᠰᠠᠨᠳᠠᠯᠢ ᠵᠡᠷᠭᠡ ᠲᠤᠰᠠᠯᠠᠬᠤ ᠪᠠᠭᠠᠵᠢ ᠬᠡᠷᠡᠭᠰᠡᠯ ᠤᠳ ᠢ ᠳᠣᠭᠢᠷᠠᠭᠤᠯᠤᠨ᠎ᠠ︔            3. ᠡᠷᠡᠭᠦᠯᠵᠢᠬᠦ ᠪᠣᠯᠪᠠᠰᠤᠷᠠᠯ᠄ ᠭᠤᠣᠯᠳᠠᠭᠤ ᠵᠡᠮᠳᠡᠭ ᠬᠡᠦᠬᠡᠳ ᠤᠨ ᠬᠠᠷᠠᠭ᠎ᠠ ᠶᠢ ᠵᠠᠰᠠᠬᠤ᠂ ᠰᠣᠨᠣᠰᠬᠤ ᠴᠢᠳᠠᠪᠤᠷᠢ ᠪᠠ ᠦᠭᠡ ᠬᠡᠯᠡᠨ ᠤ ᠪᠣᠯᠪᠠᠰᠤᠷᠠᠯ᠂ ᠲᠠᠷᠢᠬᠢᠨ ᠤ ᠰᠠ ᠡᠪᠡᠳᠴᠢᠨ ᠤ ᠶᠡᠷᠦᠩᠬᠡᠶᠢᠯᠡᠭᠰᠡᠨ ᠡᠷᠡᠭᠦᠯᠵᠢᠬᠦ ᠪᠣᠯᠪᠠᠰᠤᠷᠠᠯ᠂ ᠦᠶ᠎ᠡ ᠮᠥᠴᠢ ᠶᠢ ᠵᠠᠰᠠᠬᠤ ᠮᠡᠰᠡ ᠵᠠᠰᠠᠯ ᠤᠨ ᠳᠠᠷᠠᠭᠠᠬᠢ ᠡᠷᠡᠭᠦᠯᠵᠢᠬᠦ ᠪᠣᠯᠪᠠᠰᠤᠷᠠᠯ᠂ ᠣᠶᠤᠨ ᠤ ᠰᠠᠭᠠᠳ ᠲᠠᠢ ᠬᠡᠦᠬᠡᠳ ᠤᠨ ᠡᠷᠡᠭᠦᠯᠵᠢᠬᠦ ᠪᠣᠯᠪᠠᠰᠤᠷᠠᠯ᠂ ᠭᠠᠭᠴᠠᠭᠠᠷᠳᠠᠬᠤ ᠡᠪᠡᠳᠴᠢᠨ ᠤ ᠡᠷᠡᠭᠦᠯᠵᠢᠬᠦ ᠪᠣᠯᠪᠠᠰᠤᠷᠠᠯ᠂ ᠰᠡᠳᠬᠢᠴᠡ ᠶᠢᠨ ᠡᠷᠡᠭᠦᠯᠵᠢᠯ ᠵᠢᠴᠢ ᠨᠡᠶᠢᠭᠡᠮ ᠳᠤ ᠵᠣᠬᠢᠴᠠᠬᠤ ᠪᠣᠯᠪᠠᠰᠤᠷᠠᠯ ᠵᠡᠷᠭᠡ ᠶᠢ ᠬᠠᠩᠭᠠᠨ᠎ᠠ᠃           ︵ᠭᠤᠷᠪᠠ︶ ᠠᠪᠤᠷᠠᠨ ᠲᠤᠰᠠᠯᠠᠬᠤ ᠪᠠᠷᠢᠮᠵᠢᠶ᠎ᠠ᠄ ᠮᠡᠰᠡ ᠵᠠᠰᠠᠯ᠂ ᠡᠷᠡᠭᠦᠯᠵᠢᠯ ᠤᠨ ᠪᠣᠯᠪᠠᠰᠤᠷᠠᠯ᠂ ᠲᠤᠰᠠᠯᠠᠬᠤ ᠪᠠᠭᠠᠵᠢ ᠬᠡᠷᠡᠭᠰᠡᠯ ᠢ ᠲᠤᠬᠢᠷᠠᠭᠤᠯᠤᠨ᠂ ᠲᠥᠷᠥᠯ ᠬᠤᠪᠢᠶᠠᠨ ᠨᠥᠬᠦᠪᠥᠷᠢᠯᠡᠬᠦ ᠪᠠᠷᠢᠮᠵᠢᠶ᠎ᠠ ᠶᠢ ᠲᠣᠭᠲᠠᠭᠠᠨ᠎ᠠ ᠃ ᠵᠡᠮᠳᠡᠭ ᠬᠡᠦᠬᠡᠳ ᠤᠨ ᠬᠡᠷᠡᠭᠰᠡᠬᠦ ᠪᠠ ᠬᠦᠯᠢᠶᠡᠨ ᠠᠪᠬᠤ ᠡᠷᠡᠭᠦᠯᠵᠢᠯ ᠤᠨ ᠲᠥᠷᠥᠯ ᠵᠦᠢᠯ ᠢ ᠦᠨᠳᠦᠰᠦᠯᠡᠨ ᠭᠤᠶᠤᠴᠢᠯᠠᠨ᠎ᠠ᠃ ᠠᠳᠠᠯᠢ ᠨᠢᠭᠡ ᠵᠥᠢᠯ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠠᠳᠠᠯᠢ ᠨᠢᠭᠡ ᠵᠢᠯ ᠤᠨ ᠳᠣᠲᠣᠷ᠎ᠠ ᠵᠥᠪᠬᠡᠨ ᠨᠢᠭᠡ ᠯᠡ ᠤᠳᠠᠭ᠎ᠠ ᠨᠥᠬᠦᠪᠥᠷᠢᠯᠡᠵᠦ᠂ ᠣᠯᠠᠨ ᠳᠠᠪᠬᠤᠷ ᠵᠡᠮᠳᠡᠭ ᠪᠠᠶᠢᠳᠠᠯ ᠲᠠᠢ ᠪᠤᠯ᠂ ᠪᠠᠶᠢᠳᠠᠯ ᠢ ᠦᠨᠳᠦᠰᠦᠯᠡᠨ ᠵᠡᠮᠳᠡᠭ ᠤᠨ ᠲᠥᠷᠥᠯ ᠢᠯᠭᠠᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ ᠲᠤᠰᠠᠯᠠᠬᠤ ᠪᠠᠭᠠᠵᠢ ᠬᠡᠷᠡᠭᠰᠡᠯ ᠢ 3 ᠵᠢᠯ ᠪᠦᠷᠢ ᠳᠤ 1 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ ︵ᠵᠠᠯᠠᠷᠠᠭᠤᠯᠤᠭᠤᠷ ᠢ ᠵᠢᠯ ᠪᠦᠷᠢ 1 ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ︶᠃          ᠲᠠᠪᠤ᠂ ᠠᠵᠢᠯ ᠤᠨ ᠶᠠᠪᠤᠴᠠ             ᠭᠤᠶᠤᠴᠢᠯᠠᠬᠤ᠃ ᠵᠡᠮᠳᠡᠭ ᠬᠡᠤᠬᠡᠳ ᠤᠨ ᠬᠢᠨᠠᠨ ᠬᠠᠮᠠᠭᠠᠯᠠᠭᠴᠢ ᠨᠢ ᠵᠡᠮᠳᠡᠭ ᠬᠡᠤᠬᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ︵ᠣᠷᠣᠰᠢᠨ ᠰᠠᠭᠤᠭ᠎ᠠ ᠦᠨᠡᠮᠯᠡᠯ ᠣᠯᠭᠤᠭᠰᠠᠨ ᠭᠠᠵᠠᠷ︶ ᠤᠨ ᠵᠡᠮᠳᠡᠭᠴᠦᠳ ᠤᠨ ᠬᠤᠯᠪᠣᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃ ᠬᠠᠷᠠᠭᠠᠯᠵᠠᠨ ᠬᠠᠮᠠᠭᠠᠯᠠᠭᠴᠢ ᠨᠢ ᠪᠠᠰᠠ ᠪᠤᠰᠤᠳ ᠬᠥᠮᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠬᠤ ᠳᠤ ᠭᠠᠷᠲᠠᠨ ᠬᠦᠢᠴᠡᠳᠬᠡᠬᠦ ᠪᠠᠶᠢᠭᠤᠯᠤᠮᠵᠢ ᠵᠡᠷᠭᠡ ᠳᠤ ᠨᠠᠶᠢᠳᠠᠵᠤ ᠣᠷᠣᠯᠠᠨ ᠭᠤᠶᠤᠴᠢᠯᠠᠭᠤᠯᠵᠦ ᠪᠣᠯᠤᠨ᠎ᠠ᠃             ᠬᠢᠨᠠᠨ ᠬᠠᠷᠭᠤᠭᠤᠯᠬᠤ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠵᠡᠮᠳᠡᠭ ᠬᠡᠤᠬᠡᠳ ᠪᠠ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠤᠬᠡᠳ ᠵᠢᠴᠢ ᠥᠨᠥᠴᠢᠨ ᠵᠡᠮᠳᠡᠭ ᠬᠡᠤᠬᠡᠳ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠤᠬᠡᠳ ᠢ ᠠᠪᠤᠷᠠᠨ ᠲᠤᠰᠠᠯᠠᠬᠤ ᠭᠤᠶᠤᠴᠢᠯᠠᠯ ᠢ ᠪᠣᠯ ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠤᠰᠢᠭᠤᠨ ᠤ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ ᠠᠯᠪᠠᠨ ᠬᠡᠷ ᠵᠡᠷᠭᠡ ᠲᠠᠢ ᠬᠠᠮᠢᠶᠠᠲᠠᠢ ᠮᠡᠳᠡᠭᠡ ᠵᠠᠩᠭᠢ ᠲᠠᠢ ᠬᠠᠷᠢᠴᠠᠭᠤᠯᠵᠦ ᠲᠣᠭᠲᠠᠭᠠᠯ ᠭᠠᠷᠭᠠᠪᠠ᠃ ᠨᠥᠬᠦᠴᠡᠯ ᠳᠤ ᠨᠡᠶᠢᠴᠡᠭᠰᠡᠨ ᠵᠡᠮᠳᠡᠭ ᠬᠡᠦᠬᠡᠳ ᠢ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠴᠠᠭ ᠲᠤᠬᠠᠢ ᠳᠤᠨᠢ ᠬᠢᠨᠠᠨ ᠬᠠᠷᠭᠤᠭᠤᠯᠵᠤ ᠵᠥᠪᠰᠢᠶᠡᠷᠡᠬᠦ ᠶᠢᠨ ᠬᠠᠮᠲᠤ᠂ ᠡᠷᠡᠭᠦᠯᠵᠢᠭᠦᠯᠵᠦ ᠠᠪᠤᠷᠠᠨ ᠲᠤᠰᠠᠯᠠᠬᠤ ᠲᠥᠯᠥᠪᠯᠡᠭᠡ ᠳᠤ ᠵᠢᠭᠰᠠᠭᠠᠨ ᠣᠷᠣᠭᠤᠯᠤᠨ᠎ᠠ᠃ ᠨᠥᠬᠦᠴᠡᠯ ᠳᠤ ᠨᠡᠶᠢᠴᠡᠬᠦ ᠦᠭᠡᠢ ᠵᠡᠮᠳᠡᠭ ᠬᠡᠤᠬᠡᠳ ᠤᠨ ᠭᠤᠶᠤᠴᠢᠯᠠᠭᠴᠢ ᠳᠤ ᠤᠴᠢᠷ ᠰᠢᠯᠲᠠᠭᠠᠨ ᠢᠶᠠᠨ ᠲᠤᠲᠤᠷᠬᠠᠶᠢᠯᠠᠵᠦ ᠥᠭᠬᠦ ᠬᠡᠷᠡᠭᠲᠡᠶ᠃             ᠠᠪᠤᠷᠠᠨ ᠲᠤᠰᠠᠯᠠᠬᠤ᠃ ᠬᠢᠨᠠᠨ ᠬᠠᠷᠭᠤᠭᠤᠯᠤᠭᠠᠳ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠵᠡᠮᠳᠡᠭ ᠬᠡᠤᠬᠡᠳ ᠢ ᠪᠣᠯ ᠵᠡᠮᠳᠡᠭ ᠬᠡᠦᠬᠡᠳ ᠤᠨ ᠬᠢᠨᠠᠨ ᠬᠠᠮᠠᠭᠠᠯᠠᠭᠴᠢ ᠥᠪᠡᠷᠲᠡᠭᠡᠨ ᠡᠵᠡᠨ ᠮᠡᠳᠡᠵᠦ ᠲᠣᠭᠲᠠᠭᠰᠠᠨ ᠡᠷᠡᠭᠦᠯᠵᠢᠭᠦᠯᠬᠦ ᠪᠠᠶᠢᠭᠤᠯᠤᠮᠵᠢ ᠶᠢ ᠰᠣᠩᠭᠤᠵᠤ ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠨ᠎ᠡ᠃ ᠲᠤᠰᠠᠯᠠᠮᠵᠢ ᠬᠦᠷᠲᠡᠵᠦ ᠪᠠᠶᠢᠭ᠎ᠠ ᠵᠡᠮᠳᠡᠭ ᠬᠡᠤᠬᠡᠳ ᠵᠠᠷᠴᠢᠮ ᠳᠡᠭᠡᠷ᠎ᠡ ᠪᠠᠨ ᠲᠡᠭᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ︵ᠰᠠᠭᠤᠭ᠎ᠠ ᠭᠠᠵᠠᠷ︶ ᠤᠨ ᠲᠣᠭᠲᠠᠭᠠᠭᠰᠠᠨ ᠡᠷᠡᠭᠦᠯᠵᠢᠭᠦᠯᠬᠦ ᠪᠠᠶᠢᠭᠤᠯᠤᠮᠵᠢ ᠶᠢᠨ ᠤᠶᠢᠷ᠎ᠠ ᠬᠠᠪᠢ  ᠳᠠᠭᠠᠨ ᠡᠷᠡᠭᠦᠯᠵᠢᠭᠦᠯᠬᠦ ᠦᠢᠯᠡᠴᠢᠯᠡᠭᠡ ᠬᠦᠷᠲᠡᠭᠡᠬᠦ ᠬᠡᠷᠡᠭᠲᠡᠶ᠃ ᠲᠤᠬᠠᠶ ᠶᠢᠨ ᠭᠠᠵᠠᠷ ᠤᠨ ᠵᠡᠮᠳᠡᠭ ᠬᠡᠤᠬᠡᠳ ᠤᠨ ᠡᠷᠡᠭᠦᠯᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯ᠂ ᠠᠯᠠᠱᠠ ᠠᠶᠢᠮᠠᠭ ᠤᠨ ᠵᠡᠮᠳᠡᠭᠴᠦᠳ ᠤᠨ ᠡᠷᠡᠭᠦᠯᠵᠢᠯ ᠤᠨ ᠲᠥᠪ ᠲᠤ ᠬᠦᠷᠴᠦ ᠡᠷᠡᠭᠦᠯᠵᠢᠯ ᠤᠨ ᠪᠣᠯᠪᠠᠰᠤᠷᠠᠯ ᠢ ᠭᠥᠯᠢᠶᠡᠨ ᠠᠪᠴᠤ ᠪᠣᠯᠤᠨ᠎ᠠ᠃ ᠪᠤᠰᠤᠳ ᠭᠠᠵᠠᠷ ᠣᠷᠣᠨ ᠠᠯᠤᠰᠯᠠᠭᠰᠠᠨ ᠡᠷᠡᠭᠦᠯᠵᠢᠭᠦᠯᠬᠦ ᠦᠢᠯᠡᠴᠢᠯᠡᠭᠡ ᠬᠦᠯᠢᠶᠡᠨ ᠠᠪᠬᠤ ᠴᠢᠬᠤᠯᠠᠲᠠᠶ ᠪᠣᠯ᠂ ᠡᠷᠬᠡᠪᠰᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠶᠢᠨ ᠬᠠᠮᠲᠤ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠪᠠᠷ ᠳᠠᠮᠵᠢᠨ ᠪᠤᠰᠤᠳ ᠡᠷᠡᠭᠦᠯᠵᠢᠭᠦᠯᠬᠦ ᠪᠠᠶᠢᠭᠤᠯᠤᠮᠵᠢ ᠳᠤ ᠰᠢᠯᠵᠢᠭᠦᠯᠦᠨ ᠲᠠᠨᠢᠯᠴᠠᠭᠤᠯᠵᠤ ᠡᠷᠡᠭᠦᠯᠵᠢᠭᠦᠯᠬᠦ ᠦᠢᠯᠡᠴᠢᠯᠡᠭᠡ ᠬᠢᠯᠭᠡᠬᠦ ᠬᠡᠷᠡᠭᠲᠡᠶ᠃ ᠨᠥᠬᠦᠪᠥᠷᠢ ᠪᠡᠯᠡ ᠮᠥᠩᠭᠦ ᠶᠢ ︽ᠠᠯᠠᠱᠠ ᠪᠠᠷᠠᠭᠤᠨ ᠬᠤᠰᠢᠭᠤᠨ ᠤ ᠵᠡᠮᠳᠡᠭ ᠬᠡᠦᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠲᠥᠷᠥᠯ ᠵᠦᠢᠯ ᠵᠢᠴᠢ ᠨᠥᠬᠦᠪᠥᠷᠢ ᠶᠢᠨ ᠪᠠᠷᠢᠮᠵᠢᠶ᠎ᠠ︾ ᠶᠣᠰᠣᠭᠠᠷ ᠠᠪᠤᠷᠠᠨ ᠲᠤᠰᠠᠯᠠᠵᠤ᠂ ᠲᠥᠷᠥᠯ ᠵᠥᠢᠯ ᠤᠨ ᠬᠠᠮᠢᠶᠠᠷᠤᠯᠲᠠ ᠳᠤ ᠣᠷᠣᠭᠤᠯᠤᠭᠰᠠᠨ ᠵᠡᠮᠳᠡᠭ ᠬᠡᠤᠬᠡᠳ ᠢ ᠲᠥᠷᠥᠯ ᠵᠥᠢᠯ ᠤᠨ ᠱᠠᠭᠠᠷᠳᠠᠯᠭ᠎ᠠ ᠶᠤᠰᠤᠭᠠᠷ ᠠᠪᠤᠷᠠᠨ ᠲᠤᠰᠠᠯᠠᠬᠤ ᠬᠡᠷᠡᠭᠲᠡᠶ᠃ ᠲᠥᠷᠥᠯ ᠵᠦᠢᠯ ᠤᠨ ᠬᠠᠮᠢᠶᠠᠷᠤᠯᠲᠠ ᠳᠤ ᠣᠷᠣᠭᠤᠯᠤᠭᠰᠠᠨ ᠦᠭᠡᠢ ᠵᠡᠮᠳᠡᠭ ᠬᠡᠦᠬᠡᠳ ᠤᠨ ᠡᠷᠡᠭᠦᠯᠵᠢᠭᠦᠯᠬᠦ ᠦᠢᠯᠡᠴᠢᠯᠡᠭᠡ ᠳᠠᠭᠤᠰᠤᠭᠰᠠᠨ ᠤ ᠳᠠᠷᠠᠭ᠎ᠠ᠂ ᠡᠪᠡᠳᠴᠢᠨ ᠤ ᠵᠢᠱᠢᠶ᠎ᠡ᠂ ᠪᠠᠷᠢᠮᠲᠠ ᠵᠡᠷᠭᠡ ᠶᠢ ᠨᠢ ᠦᠨᠳᠦᠰᠦᠯᠡᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠳᠤ ᠬᠦᠷᠴᠦ ᠨᠥᠬᠦᠪᠥᠷᠢ ᠶᠢ ᠭᠤᠶᠤᠴᠢᠯᠠᠨ ᠮᠡᠳᠡᠭᠦᠯᠪᠡᠯ᠂ ᠨᠥᠬᠦᠪᠥᠷᠢ ᠶᠢᠨ ᠵᠣᠭᠤᠰ ᠤᠨ ᠲᠤᠭ᠎ᠠ ᠨᠢ ᠠᠪᠤᠷᠠᠨ ᠲᠤᠰᠠᠯᠠᠬᠤ ᠪᠠᠷᠢᠮᠵᠢᠶ᠎ᠠ ᠠᠴᠠ ᠬᠡᠲᠦᠷᠡᠵᠦ ᠪᠣᠯᠬᠤ ᠦᠭᠡᠢ᠂ ᠪᠠᠷᠢᠮᠲᠠ ᠶᠢᠨ ᠵᠣᠭᠤᠰ ᠤᠨ ᠲᠤᠭ᠎ᠠ ᠨᠢ ᠠᠪᠤᠷᠠᠨ ᠲᠤᠰᠠᠯᠠᠬᠤ ᠪᠠᠷᠢᠮᠵᠢᠶ᠎ᠠ ᠠᠴᠠ ᠪᠠᠭ᠎ᠠ ᠪᠠᠶᠢᠪᠠᠯ᠂ ᠪᠣᠳᠠᠲᠠᠶ ᠡᠭᠦᠰᠦᠭᠰᠡᠨ ᠵᠣᠭᠤᠰ ᠤᠨ ᠲᠤᠭ᠎ᠠ ᠶᠢ ᠦᠨᠳᠦᠰᠦᠯᠡᠨ ᠲᠠᠩᠰᠠ ᠲᠠᠶᠢᠯᠬᠤ ᠬᠡᠷᠡᠭᠲᠡᠶ᠃             ᠳ᠋ᠦᠩᠨᠡᠨ ᠪᠣᠳᠣᠬᠤ᠃ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠥᠷᠥᠯ ᠵᠦᠢᠯ ᠤᠨ ᠬᠠᠮᠢᠶᠠᠷᠤᠯᠲᠠ ᠳᠤ ᠣᠷᠣᠭᠤᠯᠤᠭᠰᠠᠨ ᠵᠡᠮᠳᠡᠭ ᠬᠡᠦᠬᠡᠳ ᠢ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠬᠢᠭᠡᠳ ᠴᠢᠭ ᠲᠣᠭᠲᠠᠭᠠᠨ ᠡᠷᠡᠭᠦᠯᠵᠢᠭᠦᠯᠬᠦ ᠪᠠᠶᠢᠭᠤᠯᠤᠮᠵᠢ ᠠᠴᠠ ᠰᠢᠭᠤᠳ ᠳ᠋ᠦᠩᠨᠡᠨ ᠪᠣᠳᠣᠵᠤ᠂ ᠳ᠋ᠦᠩᠨᠡᠨ ᠪᠣᠳᠣᠬᠤ ᠦᠶᠡᠯᠡᠯ ᠢ ᠲᠥᠷᠥᠯ ᠵᠥᠢᠯ ᠤᠨ ᠱᠠᠭᠠᠷᠳᠠᠯᠭ᠎ᠠ ᠶᠣᠰᠣᠭᠠᠷ ᠲᠣᠭᠲᠠᠭᠠᠨ᠎ᠠ᠃ ᠲᠥᠷᠥᠯ ᠵᠥᠢᠯ ᠤᠨ ᠬᠠᠮᠢᠶᠠᠷᠤᠯᠲᠠ ᠳᠤ ᠣᠷᠣᠭᠤᠯᠤᠭᠠᠳᠤᠶ ᠵᠡᠮᠳᠡᠭ ᠬᠡᠤᠬᠡᠳ ᠲᠤ ᠪᠣᠯ  ᠬᠤᠰᠢᠭᠤᠨ ᠤ ᠵᠡᠮᠳᠡᠭᠴᠦᠳ ᠤᠨ ᠬᠤᠯᠪᠤᠭᠠᠨ ᠤ ᠰᠢᠭᠤᠳ ᠺᠠᠷᠲ ᠴᠣᠬᠢᠵᠤ ᠬᠢᠨᠠᠨ ᠬᠠᠮᠠᠭᠠᠯᠠᠭᠴᠢ ᠶᠢᠨ ᠬᠠᠩᠭᠠᠭᠰᠠᠨ ᠳᠠᠩᠰᠠᠨ ᠡᠷᠦᠬᠡ ᠳᠤ ᠣᠯᠭᠤᠨ᠎ᠠ᠃            ᠵᠢᠷᠭᠤᠭ᠎ᠠ᠂ ︽ᠠᠯᠠᠱᠠ ᠪᠠᠷᠠᠭᠤᠨ ᠬᠤᠰᠢᠭᠤᠨ ᠤ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠲᠥᠰᠦᠯ︾ ᠢ 2020 ᠣᠨ ᠤ 1 ᠰᠠᠷ᠎ᠠ ᠶᠢᠨ 20 ᠤ ᠡᠳᠦᠷ ᠠᠴᠠ ᠡᠬᠢᠯᠡᠨ ᠪᠥᠬᠦ ᠲᠠᠯ᠎ᠠ ᠪᠠᠷ ᠬᠡᠷᠡᠭᠵᠢᠭᠦᠯᠦᠨ᠎ᠡ᠃              ᠳᠣᠯᠤᠭ᠎ᠠ᠂ ᠤᠩᠰᠢᠨ ᠲᠠᠶᠢᠯᠪᠤᠷᠢᠯᠠᠬᠤ ᠨᠢᠭᠡᠴᠡ ᠪᠣᠳᠠᠲᠠᠢ ᠤᠴᠢᠷ ᠶᠠᠪᠤᠳᠠᠯ ᠢ ᠠᠯᠠᠱᠠ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠠᠷᠢᠭᠤᠴᠠᠨ ᠲᠠᠶᠢᠯᠪᠤᠷᠢᠯᠠᠨ᠎ᠠ᠃                  ᠲᠠᠶᠢᠯᠤᠮᠵᠢ ᠬᠢᠭᠴᠢ᠄ ᠰᠠᠷᠠᠨ᠎ᠠ          ᠬᠠᠷᠢᠯᠴᠠᠬᠤ ᠤᠲᠠᠰᠤ᠄ 0483 — 6023308  
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号