7 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠰᠢᠶᠠᠩᠭᠠᠩ ᠣᠣᠮᠧᠨ ᠲᠠᠶᠢᠸᠠᠨ ᠬᠠᠷᠢᠶᠠᠲᠤ ᠤᠨ ᠬᠠᠷᠢᠯᠴᠠᠭ᠎ᠠ ᠪᠠ ᠭᠠᠳᠠᠭᠠᠳᠤ | ᠶᠠᠪᠤᠳᠠᠯ ᠤᠨ ᠵᠥᠪᠯᠡᠯ ᠤᠨ ᠡᠷᠬᠢᠯᠡᠭᠴᠢ ᠢᠦᠶ ᠰᠢᠤᠸᠠᠢ ᠵᠢᠶᠦ᠋ᠨ ᠨᠡᠷ ︽ᠣᠷᠣᠨ ᠪᠠᠶᠢᠷᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ︿ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠪᠦᠰᠡ﹀ ᠶᠢᠨ ᠪᠥᠲᠥᠭᠡᠨ | ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ︾ ᠶᠢ ᠵᠥᠪᠯᠡᠬᠦ ᠰᠡᠳᠦᠪ ᠢ ᠠᠯᠠᠱᠠ ᠪᠠᠷᠠᠭᠤᠨ | ᠬᠤᠰᠢᠭᠤᠨ ᠳᠤ ᠠᠪᠴᠢᠷᠠᠵᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠠᠶᠢᠮᠠᠭ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᡁᠢ ᠵᠥᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠪᠤᠶᠠᠬᠤᠴᠢᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | ᠢᠦᠶ ᠰᠢᠤᠸᠠᠢ ᠵᠢᠶᠦ᠋ᠨ ᠨᠡᠷ ᠤᠷᠢᠳ ᠬᠤᠵᠢᠳ ᠥᠪᠥᠷ ᠮᠣᠩᠭᠤᠯ ᠤᠨ ᠲᠡᠮᠡᠭᠡ ᠰᠤᠳᠤᠯᠬᠤ | ᠬᠦᠷᠢᠶᠡᠯᠡᠩ᠂ ᠡᠯᠡᠰᠦ ᠮᠠᠩᠬᠠᠨ ᠤ ᠰᠠᠬᠢᠭᠤᠰᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ᠂ ᠶᠠᠪᠠᠷᠠᠶ ᠪᠠᠯᠭᠠᠰᠤᠨ ᠤ ᠨᠡᠭᠦᠷᠭᠡᠢ ᠭᠠᠴᠠᠭᠠᠨ ᠤ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠶ᠃ ᠲᠡᠮᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠤᠨ | ᠠᠵᠢᠯᠯᠠᠭ᠎ᠠ᠂ ᠲᠡᠮᠡᠭᠡᠨ ᠤ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ᠂ ᠠᠵᠤ | ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠢᠴᠢ ᠲᠡᠮᠡᠭᠡᠨ ᠤ ᠠᠵᠤ ᠦᠢᠯᠡᠰ ᠤᠨ ᠶᠡᠷᠦᠩᠬᠡᠶ ᠬᠥᠭᠵᠢᠯᠲᠡ ᠶᠢᠨ | ᠪᠠᠶᠢᠳᠠᠯ ᠢ ᠨᠠᠷᠢᠨ ᠠᠰᠠᠭᠤᠨ ᠯᠠᠪᠯᠠᠵᠠᠶ᠃ | | ᠪᠠᠶᠢᠴᠠᠭᠠᠨ ᠰᠤᠳᠤᠯᠬᠤ ᠳᠤᠭᠤᠶᠢᠯᠠᠩ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ | ᠦᠢᠯᠡᠰ ᠤᠨ ᠣᠯᠤᠭᠰᠠᠨ ᠠᠮᠵᠢᠯᠲᠠ ᠶᠢ ᠬᠦᠢᠴᠡᠳ ᠨᠤᠲᠠᠯᠠᠪᠠ᠃ ᠠᠯᠠᠱᠠ ᠪᠠᠷᠠᠭᠤᠨ ᠬᠤᠰᠢᠭᠤ ᠨᠢ ᠲᠡᠮᠡᠭᠡᠨ ᠤ | ᠠᠵᠤ ᠦᠢᠯᠡᠰ ᠢ ᠬᠥᠭᠵᠢᠭᠦᠯᠬᠦ ᠳᠠᠪᠠᠭᠤᠯᠢᠭ ᠨᠥᠬᠦᠴᠡᠯ ᠪᠠ ᠪᠠᠲᠤ ᠪᠠᠬᠢ ᠰᠠᠭᠤᠷᠢ ᠲᠠᠢ ᠪᠠᠶᠢᠵᠤ᠂ ᠪᠣᠳᠠᠲᠤ ᠪᠠᠶᠢᠳᠠᠯ | ᠳᠤ ᠰᠠᠭᠤᠷᠢᠯᠠᠨ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ | ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ | ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠢᠩᠭᠡᠨ ᠰᠦᠨ ᠤ ᠠᠷᠠᠰᠤ ᠶᠢ | ᠭᠤᠸᠠᠯᠢᠭᠵᠢᠭᠤᠯᠬᠤ ᠪᠦᠲᠦᠭᠡᠭᠳᠡᠭᠦᠨ ᠵᠡᠷᠭᠡ ᠲᠡᠭᠡᠳᠦ ᠲᠡᠰ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ | ᠪᠦᠲᠦᠭᠡᠭᠳᠡᠬᠦᠨ ᠤ ᠨᠡᠮᠡᠯᠲᠡ ᠥᠷᠲᠡᠭ ᠢ ᠴᠢᠷᠮᠠᠶᠢᠨ ᠳᠡᠭᠡᠭᠰᠢᠯᠡᠭᠦᠯᠵᠦ᠂ ᠲᠡᠮᠡᠭᠡᠨ ᠤ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠲᠡᠮᠡᠭᠡᠨ ᠤ ᠠᠵᠤ ᠦᠢᠯᠡᠰ ᠢ ᠥᠪᠡᠷᠮᠢᠴᠡ | ᠣᠨᠴᠠᠯᠢᠭ ᠲᠠᠢ ᠣᠷᠣᠨ ᠨᠤᠲᠤᠭ ᠤᠨ ᠠᠵᠤ ᠦᠢᠯᠡᠰ ᠪᠤᠯᠭᠠᠵᠦ᠂ ᠠᠯᠠᠱᠠ ᠪᠠᠷᠠᠭᠤᠨ ᠬᠤᠰᠢᠭᠤᠨ ᠤ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠶᠢ ᠪᠡᠶᠡᠯᠡᠭᠦᠯᠦᠨ᠎ᠡ᠃ |