ᠨᠢᠭᠡ᠂ ᠪᠢᠴᠢᠭ ᠮᠠᠲ᠋ᠧᠷᠢᠶᠠᠯ ᠢ ᠳᠣᠭᠳᠠᠭᠠᠭᠰᠠᠨ ᠴᠢᠬᠤᠯᠠ ᠴᠢᠨᠠᠷ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠠᠶᠢᠮᠠᠭ ᠤᠨ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠤᠯ ᠤᠨ ᠡᠳ᠋ ᠤᠨ ᠵᠠᠰᠠᠭ᠂ ᠤᠯᠤᠰ ᠤᠨ | ᠭᠠᠵᠠᠷ ᠰᠢᠷᠣᠶ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠡᠮᠬᠢᠯᠡᠨ ᠨᠡᠶᠢᠯᠡᠭᠦᠯᠵᠦ ᠲᠠᠷᠢᠶᠠᠯᠠᠩ ᠮᠠᠯ ᠠᠵᠤ | ᠠᠬᠤᠢ ᠬᠦᠳᠡᠭᠡ ᠳᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ ᠰᠢᠯᠵᠢᠭᠦᠯᠦᠨ᠂ ᠤᠯᠤᠰ ᠠᠴᠠ ︽ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠦ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 50 ᠳ᠋ᠤᠭᠠᠷ | ᠲᠣᠭᠠᠲᠤ︶᠂ ︽ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠣᠯᠳᠠ ᠶᠢᠨ | ᠠᠷᠭ᠎ᠠ︾᠂ ︽ᠣᠳᠣᠬᠠᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ | ᠰᠠᠶᠢᠲᠤᠷ ᠬᠢᠬᠦ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠲᠠᠷᠢᠶᠠᠯᠠᠩ ᠪᠠᠶᠢᠭᠤᠯᠣᠯᠳᠠ | ᠲᠠᠷᠬᠠᠭᠠᠭᠰᠠᠨ ︹2018︺ 1 ᠳ᠋ᠣᠭᠡᠷ ᠲᠣᠭᠠᠲᠤ︶ ᠵᠡᠷᠭᠡ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠵᠠᠯᠭᠠᠭ᠎ᠠ ᠪᠠᠷ ᠨᠡᠶᠢᠲᠡᠯᠡᠵᠦ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠪᠠᠷᠢᠮᠵᠢᠶ᠎ᠠ ᠵᠡᠷᠭᠡ ᠲᠠᠯ᠎ᠠ ᠪᠠᠷ ᠢᠵᠢ | ᠳᠦᠭᠦᠷ ᠲᠦᠷᠢᠮ ᠳᠣᠭᠳᠠᠭᠠᠵᠦ᠂ ᠬᠦᠴᠦᠨ ᠴᠢᠳᠠᠯ ᠢ ᠨᠢᠭᠲᠠᠷᠠᠭᠤᠯᠵᠤ᠂ ᠡᠯ᠎ᠡ ᠲᠠᠯ᠎ᠠ ᠶᠢ ᠬᠢᠵᠠᠭᠠᠷᠯᠠᠵᠤ᠂ | ᠪᠦᠳᠦᠭᠡᠨ ᠪᠠᠶᠢᠭᠤᠯᠤᠯᠲᠠ ᠶᠢ ᠠᠬᠢᠭᠤᠯᠪᠠ᠃ ᠳᠡᠭᠡᠷᠡᠬᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠳᠤ ᠰᠠᠭᠤᠷᠢᠯᠠᠵᠤ | ᠂ ᠮᠠᠨ ᠤ ᠠᠶᠢᠮᠠᠭ ᠲᠤ ᠭᠠᠵᠠᠷ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠦᠭᠰᠡᠨ ᠡᠷᠬᠡ ᠬᠠᠷᠢᠭᠤᠴᠠᠯᠭ᠎ᠠ ᠲᠣᠳᠣᠷᠬᠠᠢ | ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠪᠦᠬᠦ | ᠠᠶᠢᠮᠠᠭ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠬᠤ | ᠴᠢᠬᠤᠯᠠᠳᠠᠢ ᠪᠠᠶᠢᠨ᠎ᠠ᠃ | | ᠬᠤᠶᠠᠷ᠂ ᠲᠣᠭᠲᠠᠭᠠᠭᠰᠠᠨ ᠶᠠᠪᠤᠴᠠ ᠵᠢᠴᠢ ᠳᠦᠢᠮᠣ ᠠᠭᠤᠯᠭ᠎ᠠ | ︽ᠠᠯᠠᠱᠠ ᠠᠶᠢᠮᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠠᠵᠢᠯ ᠢ ᠳᠦᠷᠭᠡᠳᠭᠡᠨ ᠠᠬᠢᠭᠤᠯᠬᠤ ᠳᠣᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠢ 2019 ᠣᠨ ᠤ 12 ᠰᠠᠷ᠎ᠠ ᠳᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ | ᠳᠣᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠳᠣᠭᠤᠷᠪᠢᠵᠦ ᠳᠠᠭᠤᠰᠬᠠᠪᠠ᠃ ︽ᠰᠠᠨᠠᠯ︾ ᠢ ᠠᠶᠢᠮᠠᠭ ᠤᠨ | ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ | ᠳᠣᠭᠤᠶᠢᠯᠠᠩ ᠤᠨ ᠬᠤᠷᠠᠯ ᠢᠶᠠᠷ ᠶᠠᠷᠢᠯᠴᠠᠵᠤ ᠪᠠᠲᠤᠯᠠᠭᠰᠠᠨ ᠪᠥᠭᠡᠳ ᠡᠯ᠎ᠡ ᠬᠤᠰᠢᠭᠤᠨ ︵ᠲᠣᠭᠤᠷᠢᠭ︶ ᠤ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠤᠰᠤᠨ ᠤ ᠶᠠᠪᠤᠳᠠᠯ ᠤᠨ | ᠲᠣᠪᠴᠢᠶ᠎ᠠ᠂ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ ᠰᠠᠨᠠᠯ ᠢ | ᠥᠷᠭᠡᠨ ᠢᠶᠠᠷ ᠰᠣᠨᠣᠰᠴᠤ᠂ ᠡᠯ᠎ᠡ ᠬᠤᠰᠢᠭᠤ ᠲᠣᠭᠤᠷᠢᠭ ᠪᠠ ᠡᠯ᠎ᠡ ᠰᠠᠯᠠᠭ᠎ᠠ ᠮᠥᠴᠢᠷ ᠤᠨ ᠳᠤᠷᠠᠳᠤᠭᠰᠠᠨ | ᠰᠠᠨᠠᠭᠤᠯᠭ᠎ᠠ ᠳᠤ ᠴᠢᠭᠯᠡᠭᠦᠯᠦᠨ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2020 ᠣᠨ ᠤ 3 ᠰᠠᠷ᠎ᠠ ᠶᠢᠨ | 2 ᠤᠨ ᠡᠳᠦᠷ ᠠᠶᠢᠮᠠᠭ ᠤᠨ ᠵᠠᠬᠢᠷᠭ᠎ᠠ ᠳᠤ ᠳᠡᠪᠰᠢᠭᠦᠯᠦᠨ ᠬᠢᠨᠠᠨ ᠵᠦᠪᠯᠡᠬᠦᠯᠵᠦ ᠰᠣᠳᠣᠯᠣᠭᠤᠯᠣᠭᠠᠳ᠂ ᠠᠶᠢᠮᠠᠭ ᠤᠨ | ᠵᠠᠬᠢᠷᠭ᠎ᠠ ᠶᠢᠨ ᠳᠤᠷᠠᠳᠤᠭᠰᠠᠨ ᠰᠠᠨᠠᠭᠤᠯᠭ᠎ᠠ ᠶᠢ ᠦᠨᠳᠦᠰᠦᠯᠡᠨ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠠᠴᠠ ᠳᠠᠷᠣᠮᠠᠯᠯᠠᠨ ᠲᠠᠷᠬᠠᠭᠠᠵᠤ ᠬᠡᠷᠡᠭᠵᠢᠬᠦᠯᠪᠡ᠃ | ᠠᠭᠤᠯᠭ᠎ᠠ ᠨᠢ ᠶᠡᠷᠦᠩᠬᠡᠶ ᠱᠠᠭᠠᠷᠳᠠᠯᠭ᠎ᠠ᠂ ᠪᠥᠲᠥᠭᠡᠨ ᠪᠠᠶᠢᠭᠤᠯᠬᠤ ᠱᠠᠭᠠᠷᠳᠠᠯᠭ᠎ᠠ᠂ ᠪᠥᠲᠥᠭᠡᠨ ᠪᠠᠶᠢᠭᠤᠯᠬᠤ | ᠪᠠᠷᠢᠮᠵᠢᠶ᠎ᠠ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠬᠠᠮᠢᠶᠠᠷᠴᠤ ᠬᠠᠮᠠᠭᠠᠯᠠᠬᠤ᠂ ᠬᠡᠷᠡᠭᠵᠢᠭᠦᠯᠬᠦ | ᠠᠯᠬᠤᠮ ᠳᠠᠷᠠᠭ᠎ᠠ᠂ ᠪᠠᠳᠣᠯᠠᠭ᠎ᠠ ᠶᠢᠨ ᠠᠷᠭ᠎ᠠ ᠬᠡᠮᠵᠢᠶ᠎ᠡ ᠶᠢ ᠬᠠᠮᠤᠷᠴᠤ᠂ 2019 ᠣᠨ ᠠᠴᠠ 2023 ᠣᠨ | ᠪᠣᠯᠲᠠᠯᠠᠬᠢ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ | ᠵᠢᠯᠣᠭᠤᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | | ᠭᠤᠷᠪᠠ᠂ ᠪᠣᠳᠠᠳᠣ ᠵᠦᠢᠯᠡᠰ ᠤᠨ ᠲᠠᠶᠢᠯᠤᠮᠵᠢ | ︽ᠰᠠᠨᠠᠯ︾ ᠨᠢ ᠤᠯᠤᠰ ᠤᠨ ᠴᠢᠭᠯᠡᠯᠲᠡ ᠲᠥᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ | ᠮᠠᠨ ᠤ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠠᠷᠭ᠎ᠠ | ᠬᠡᠮᠵᠢᠶ᠎ᠡ ᠨᠦᠭᠦᠳ ᠢ ᠳᠣᠷᠠᠳᠪᠠ᠃ ᠬᠠᠷᠠᠯᠲᠠ ᠡᠭᠦᠷᠭᠡ ᠳᠤ ᠳᠣᠯᠣᠭᠠᠨ ᠢᠵᠢ ᠪᠦᠷᠢᠳᠦᠭᠦᠯᠬᠦ ᠪᠦᠲᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠪᠣᠯᠤᠨ ᠣᠷᠣᠨ ᠪᠦᠰᠡᠵᠢᠭᠰᠡᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ | ᠪᠠᠶᠢᠭᠤᠯᠤᠯᠲᠠ ᠶᠢ ᠬᠡᠷᠡᠭᠵᠢᠬᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠭᠰᠠᠨ᠂ ᠤᠰᠤ | ᠠᠷᠪᠢᠯᠠᠭᠰᠠᠨ ᠥᠨᠳᠥᠷ ᠦᠷ᠎ᠡ ᠪᠦᠲᠦᠮᠵᠢᠲᠡᠶ᠂ ᠣᠶᠤᠨ ᠤᠬᠠᠭᠠᠨ ᠢᠶᠠᠷ ᠬᠥᠲᠥᠯᠥᠨ ᠳᠠᠭᠠᠭᠤᠯᠤᠭᠰᠠᠨ ᠥᠨᠳᠥᠷ | ᠪᠠᠷᠢᠮᠵᠢᠶᠠᠳᠣ ᠲᠠᠷᠢᠶᠠᠨ ᠭᠠᠵᠠᠷ ᠤᠨ ᠬᠡᠰᠡᠭ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠰᠡᠳᠬᠢᠴᠡ ᠶᠢ ᠪᠣᠶ | ᠪᠣᠯᠭᠠᠬᠤ ᠬᠡᠷᠡᠭᠲᠡᠶ ᠬᠡᠵᠦ ᠳᠣᠷᠠᠳᠪᠠ᠃ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠢᠨ ᠲᠠᠯ᠎ᠠ ᠪᠠᠷ᠂ ᠨᠢᠭᠡ ᠳᠤ᠂ ︽ | ᠠᠷᠪᠠᠨ ᠬᠤᠶᠠᠳᠣᠭᠠᠷ ᠳᠠᠪᠣᠨ ᠵᠢᠯ ᠤᠨ ᠳᠦᠯᠦᠪᠵᠢᠬᠦᠯᠬᠡ︾ ᠠᠴᠠ ᠨᠠᠰᠢᠬᠢ ᠲᠠᠷᠢᠶᠠᠨ ᠭᠠᠵᠠᠷ ᠢ ᠦᠨᠡᠯᠡᠨ ᠵᠢᠱᠢᠬᠦ | ᠪᠠ ᠵᠢᠷᠣᠵᠦ ᠳᠦᠯᠦᠪᠯᠡᠨ ᠬᠥᠮᠥᠷᠭᠡ ᠳᠤ ᠣᠷᠣᠭᠤᠯᠤᠭᠰᠠᠨ ᠦᠷ᠎ᠡ ᠪᠦᠳᠦᠭᠡᠯ ᠲᠠᠢ ᠤᠶᠠᠯᠳᠤᠭᠤᠯᠵᠤ᠂ ᠤᠰᠤ | ᠠᠷᠪᠢᠯᠠᠬᠤ ᠳᠠᠯ᠎ᠠ ᠪᠠᠷ ᠳᠠᠷᠣᠭᠠᠰᠣ ᠶᠡᠬᠡᠲᠡᠶ ᠭᠠᠵᠠᠷ ᠳᠣᠤᠷᠠᠬᠢ ᠣᠰᠣ ᠶᠢ ᠠᠰᠢᠭᠯᠠᠭᠰᠠᠨ ᠤᠰᠤᠯᠠᠯᠲᠠ ᠶᠢᠨ ᠣᠷᠣᠨ ᠢ | ᠡᠩ ᠲᠡᠷᠢᠭᠦᠨ ᠳᠤ ᠰᠣᠩᠭᠤᠵᠤ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠤᠯ ᠪᠣᠯᠭᠠᠭᠰᠠᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠬᠢᠬᠦ ᠰᠡᠳᠬᠢᠴᠡ ᠶᠢ ᠳᠣᠷᠠᠳᠪᠠ᠃ ᠬᠤᠶᠠᠷ ᠲᠤ᠂ | ᠪᠠᠷᠠᠭᠤᠨ ᠤ ᠬᠦᠳᠡᠭᠡ᠂ ᠪᠠᠷᠠᠭᠤᠨ ᠬᠦᠳᠡᠭᠡ ᠳᠤ ᠮᠢᠩᠭᠠᠨ ᠮᠥ ᠶᠢᠨ ᠲᠠᠰ ᠤᠨ ᠵᠢᠱᠢᠶ᠎ᠡ ᠦᠵᠡᠭᠦᠯᠬᠦ ᠬᠤᠶᠠᠷ ᠬᠡᠰᠡᠭ ᠢ | ᠳᠦᠪᠯᠡᠷᠡᠭᠦᠯᠦᠨ ᠪᠠᠶᠢᠭᠤᠯᠵᠤ᠂ ᠴᠢᠬᠢᠭ ᠢ ᠬᠡᠮᠵᠢᠨ ᠤᠰᠤᠯᠠᠯᠲᠠ ᠬᠢᠬᠦ᠂ ᠢᠨᠲ᠋ᠧᠷ ᠰᠦᠯᠵᠢᠶ᠎ᠡ +᠂ ᠭᠠᠩ ᠢ | ᠡᠰᠡᠷᠭᠦᠴᠡᠨ ᠤᠰᠤ ᠶᠢ ᠬᠠᠳᠠᠭᠠᠯᠠᠬᠤ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ | ᠠᠵᠢᠯ ᠢ ᠭᠤᠣᠯᠴᠢᠯᠠᠨ ᠳᠡᠯᠭᠡᠷᠡᠭᠦᠯᠦᠨ᠎ᠡ︔ ᠭᠤᠷᠪᠠ ᠳᠤ᠂ ᠤᠰᠤᠨ ᠠᠰᠢᠭᠯᠠᠯᠲᠠ ᠶᠢᠨ ᠲᠠᠷᠢᠶᠠᠯᠠᠩ ᠤᠨ ︽ | ᠡᠴᠦᠰ ᠤᠨ ᠵᠦᠷᠢᠶ᠎ᠡ︾ ᠲᠠᠢ ᠪᠠᠶᠢᠬᠤ ᠠᠰᠠᠭᠤᠳᠠᠯ ᠢ ᠭᠤᠣᠯᠴᠢᠯᠠᠨ ᠰᠢᠢᠳᠪᠦᠷᠢᠯᠡᠵᠦ᠂ ᠳᠦᠷᠦᠭᠦᠦ | ᠲᠥᠬᠦᠭᠡᠷᠦᠮᠵᠢ ᠶᠢ ᠡᠪᠳᠡᠵᠦ ᠰᠦᠢᠳᠭᠡᠭᠰᠡᠨ ᠠᠴᠠ ᠤᠰᠤᠨ ᠠᠰᠢᠭᠯᠠᠯᠲᠠ ᠶᠢᠨ ᠢᠵᠢ ᠪᠦᠷᠢᠨ ᠲᠥᠬᠦᠭᠡᠷᠦᠮᠵᠢ ᠶᠢ | ᠳᠠᠮᠫᠤᠷᠠᠭᠤᠯᠬᠤ ᠠᠰᠠᠭᠤᠳᠠᠯ ᠢ ᠭᠤᠣᠯᠴᠢᠯᠠᠨ ᠰᠢᠢᠳᠪᠦᠷᠢᠯᠡᠨ᠎ᠡ︔ ᠲᠦᠷᠪᠡ ᠳᠤ᠂ ᠭᠠᠵᠠᠷ ᠳᠣᠣᠷᠠᠬᠢ ᠤᠰᠤ ᠶᠢ | ᠠᠰᠢᠭᠯᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠬᠦᠷᠦᠰᠦ ᠰᠢᠷᠣᠢ ᠶᠢᠨ ᠤᠯᠠᠨ ᠡᠬᠢᠲᠦ ᠪᠣᠬᠢᠷᠲᠤᠯ | ᠂ ᠪᠣᠬᠢᠷᠲᠤᠯ ᠦᠭᠡᠢ ᠲᠠᠷᠢᠶᠠᠯᠠᠩ ᠢ ᠬᠥᠭᠵᠢᠭᠦᠯᠬᠦ ᠶᠢ ᠬᠤᠶᠢᠰᠢᠳᠠ ᠶᠢᠨ ᠳᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠡᠭᠦᠰᠦᠯᠲᠡ ᠪᠣᠯᠭᠠᠨ᠎ᠠ︔ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠳᠠᠷᠢᠶᠠᠨ ᠭᠠᠵᠠᠷ ᠤᠨ ᠲᠥᠬᠦᠭᠡᠷᠦᠮᠵᠢ ᠪᠠ ᠬᠥᠳᠡᠭᠡ ᠲᠣᠰᠬᠤᠨ ᠤ | ᠰᠠᠭᠤᠷᠢ ᠲᠥᠬᠦᠭᠡᠷᠦᠮᠵᠢ ᠶᠢ ᠠᠪᠴᠠᠯᠳᠣᠭᠤᠯᠣᠨ᠎ᠠ᠃ ᠪᠦᠲᠦᠭᠡᠨ ᠪᠠᠶᠢᠭᠤᠯᠬᠤ ᠪᠠᠷᠢᠮᠵᠢᠶ᠎ᠠ ᠶᠢᠨ ᠲᠠᠯ᠎ᠠ ᠪᠠᠷ᠂ | ᠳᠣᠯᠣᠭᠠᠨ ᠢᠵᠢ ᠪᠦᠷᠢᠳᠦᠬᠦᠯᠬᠦ ᠳᠣᠬᠠᠢ ᠪᠣᠳᠠᠲᠠᠶ ᠠᠵᠢᠯᠯᠠᠬᠤ ᠠᠭᠤᠯᠭ᠎ᠠ ᠶᠢ ᠨᠠᠷᠢᠯᠢᠭᠵᠢᠭᠤᠯᠤᠭᠰᠠᠨ ᠪᠥᠭᠡᠳ | ᠪᠡᠶᠡᠯᠡᠭᠦᠯᠬᠦ ᠭᠡᠵᠦ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠬᠠᠷᠠᠯᠳᠠ ᠶᠢ ᠨᠠᠷᠢᠯᠢᠭᠵᠢᠭᠤᠯᠤᠭᠰᠠᠨ ᠪᠠᠶᠢᠨ᠎ᠠ᠃ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠬᠠᠮᠢᠶᠠᠷᠴᠤ ᠬᠠᠮᠠᠭᠠᠯᠠᠬᠤ ᠲᠠᠯ᠎ᠠ ᠪᠠᠷ᠂ ᠨᠢᠭᠡ | ᠴᠣᠭᠴᠠᠵᠢᠭᠤᠯᠣᠭᠰᠠᠨ ᠠᠵᠢᠯᠯᠠᠭᠤᠯᠵᠤ ᠬᠠᠮᠠᠭᠠᠯᠠᠬᠤ ᠵᠠᠭᠪᠤᠷ ᠢᠶᠠᠷ᠂ ᠪᠦᠬᠦ ᠬᠤᠰᠢᠭᠤ ᠲᠣᠭᠤᠷᠢᠭ ᠢ ᠵᠢᠷᠤᠭᠯᠠᠨ | ᠳᠦᠯᠦᠪᠯᠡᠵᠦ᠂ ᠪᠦᠬᠦ᠋ᠢᠯᠡ ᠰᠤᠮᠤ ᠪᠠᠯᠭᠠᠰᠤ ᠶᠢ ᠵᠠᠯᠭᠠᠯᠳᠤᠭᠤᠯᠤᠨ ᠠᠬᠢᠭᠤᠯᠵᠤ᠂ ᠵᠢᠷᠤᠭ ᠲᠥᠯᠥᠪᠯᠡᠭᠡ ᠬᠢᠵᠦ | ᠪᠠᠶᠢᠭ᠎ᠠ ᠱᠠᠳᠣᠨ ᠳᠤ ᠳᠠᠭᠠᠭᠤᠯᠣᠭᠴᠢ ᠠᠵᠤ ᠠᠬᠤᠶᠢᠯᠠᠯ ᠠᠴᠠ ᠪᠦᠲᠦᠭᠡᠨ ᠪᠠᠶᠢᠭᠤᠯᠤᠯᠲᠠ ᠶᠢ ᠪᠦᠬᠦᠨ ᠢ ᠳᠠᠭᠠᠭᠠᠨ | ᠠᠪᠬᠤ ᠶᠢ ᠵᠣᠷᠢᠭᠵᠢᠭᠤᠯᠬᠤ ᠰᠡᠳᠬᠢᠮᠵᠢ ᠶᠢ ᠳᠣᠷᠠᠳᠪᠠ᠃ ᠬᠡᠷᠡᠭᠵᠢᠭᠦᠯᠬᠦ ᠠᠯᠬᠤᠮ ᠳᠠᠷᠠᠭ᠎ᠠ ᠶᠢᠨ ᠲᠠᠯ᠎ᠠ ᠪᠠᠷ᠂ | ᠡᠭᠦᠷᠭᠡ ᠬᠠᠷᠠᠯᠲᠠ ᠶᠢ ᠳᠣᠷᠠᠳᠬᠤ᠂ ᠲᠥᠷᠥᠯ ᠵᠦᠢᠯ ᠢ ᠲᠣᠭᠲᠠᠭᠠᠬᠤ ᠠᠴᠠ ᠪᠠᠶᠢᠭᠤᠯᠵᠦ ᠳᠠᠭᠤᠰᠣᠨ ᠬᠠᠮᠢᠶᠠᠷᠴᠤ | ᠬᠠᠮᠠᠭᠠᠯᠠᠬᠤ᠂ ᠣᠯᠠᠨ ᠲᠠᠯ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ᠂ ᠰᠢᠯᠭᠠᠨ ᠬᠤᠷᠢᠶᠠᠵᠤ ᠰᠢᠯᠵᠢᠭᠦᠯᠦᠨ | ᠲᠤᠰᠢᠶᠠᠬᠤ ᠵᠡᠷᠭᠡ ᠠᠵᠢᠯ ᠤᠨ ᠪᠠᠷᠢᠮᠵᠢᠶ᠎ᠠ ᠠᠯᠬᠤᠮ ᠳᠠᠷᠠᠭ᠎ᠠ ᠶᠢ ᠨᠠᠷᠢᠨ ᠲᠣᠳᠣᠷᠬᠠᠶ ᠪᠢᠴᠢᠪᠡ᠃ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢᠨ ᠲᠠᠯ᠎ᠠ ᠪᠠᠷ᠂ ︽ᠵᠠᠰᠠᠭ ᠤᠨ ᠣᠷᠳᠣᠨ ᠤᠳᠤᠷᠢᠳᠬᠤ᠂ ᠲᠠᠷᠢᠶᠠᠯᠠᠩ ᠮᠠᠯ ᠠᠵᠤ ᠠᠬᠤᠶ | ᠬᠦᠳᠡᠭᠡ ᠳᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠬᠤ᠂ ᠰᠠᠯᠠᠭ᠎ᠠ ᠮᠥᠴᠢᠷ | ᠬᠠᠮᠵᠢᠯᠴᠠᠬᠤ᠂ ᠳᠡᠭᠡᠳᠦ ᠳᠣᠣᠷᠠᠳᠤ ᠱᠠᠳᠣᠨ ᠤ ᠬᠢᠨ ᠬᠤᠯᠪᠣᠭᠠᠯᠠᠨ ᠬᠥᠳᠡᠯᠦᠯᠴᠡᠬᠦ︾ ᠰᠡᠳᠬᠢᠮᠵᠢ ᠶᠢ ᠳᠣᠷᠠᠳᠴᠦ᠂ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠠᠵᠢᠯ ᠳᠠᠬᠢ ᠣᠳᠣᠷᠢᠳᠬᠤ ᠦᠢᠯᠡᠳᠦᠯ ᠢ ᠴᠢᠬᠤᠯᠠᠴᠢᠯᠠᠨ᠂ ᠠᠶᠢᠮᠠᠭ ᠬᠤᠰᠢᠭᠤ ᠬᠤᠶᠠᠷ ᠱᠠᠲᠤᠨ ᠤ ᠬᠢᠨ ᠵᠠᠰᠠᠭ ᠤᠨ | ᠣᠷᠳᠣᠨ ᠤ ᠳᠠᠯ᠎ᠠ ᠳᠤ ᠤᠳᠤᠷᠢᠳᠬᠤ ᠳᠤᠭᠤᠶᠢᠯᠠᠩ ᠪᠠᠶᠢᠭᠤᠯᠬᠤ ᠱᠠᠭᠠᠷᠳᠠᠯᠭ᠎ᠠ ᠶᠢ ᠳᠣᠷᠠᠳᠣᠭᠰᠠᠨ ᠤ ᠬᠠᠮᠲᠤ | ᠲᠥᠷᠥᠯ ᠵᠦᠢᠯ ᠤᠨ ᠬᠠᠮᠢᠶᠠᠷᠤᠯᠲᠠ᠂ ᠪᠠᠯᠠ ᠮᠥᠩᠭᠦ ᠶᠢᠨ ᠪᠠᠲᠤᠯᠠᠭ᠎ᠠ᠂ ᠬᠢᠨᠠᠯᠲᠠ ᠲᠠᠯᠪᠢᠵᠤ ᠬᠢᠨᠠᠨ ᠰᠢᠯᠭᠠᠬᠤ᠂ | ᠳᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠢ ᠠᠵᠢᠯ ᠤᠨ ᠬᠠᠷᠠᠯᠲᠠ ᠶᠢ ᠴᠢᠬᠤᠯᠠᠴᠢᠯᠠᠪᠠ᠃ | | | ᠳᠠᠶᠢᠯᠣᠮᠵᠢ ᠬᠢᠭᠰᠡᠨ ᠨᠢ᠄ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ | ᠮᠠᠯᠵᠢᠬᠤ ᠣᠷᠣᠨ ᠤ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠬᠦ | ᠠᠵᠢᠯ ᠤᠨ ᠰᠠᠯᠠᠭᠠᠨ ᠤ ᠳᠠᠷᠤᠭ᠎ᠠ ᠫᠸᠢ ᠰᠢᠤᠸᠠᠨ ᠬᠤᠤ | | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ |