| | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ | ᠂ ᠡᠯ᠎ᠡ ᠣᠯᠠᠨ ᠲᠦᠮᠡᠨ ᠤ ᠪᠦᠯᠬᠦᠮ ᠳᠤ᠄ | ︽ᠠᠯᠠᠱᠠ ᠪᠠᠷᠠᠭᠤᠨ ᠬᠤᠰᠢᠭᠤᠨ ᠤ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠬᠤ ᠠᠵᠢᠯ ᠤᠨ ᠲᠤᠰᠬᠠᠶ ᠵᠠᠷᠤᠳᠠᠯ ᠤᠨ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠠᠷᠪᠠᠨ ᠨᠢᠭᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 135 ᠳ᠋ᠤᠭᠠᠷ ᠬᠤᠷᠠᠯᠳᠤᠭᠠᠨ ᠢᠶᠠᠷ ᠰᠤᠳᠤᠯᠵᠦ ᠬᠢᠨᠠᠨ ᠲᠣᠭᠲᠠᠭᠠᠯᠭᠠᠵᠤ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2020 ᠣᠨ ᠤ 1 ᠰᠠᠷ᠎ᠠ ᠶᠢᠨ 20 ᠤ ᠡᠳᠦᠷ | | ᠠᠯᠠᠱᠠ ᠪᠠᠷᠠᠭᠤᠨ ᠬᠤᠰᠢᠭᠤᠨ ᠤ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠬᠤ ᠠᠵᠢᠯ ᠤᠨ ᠲᠤᠰᠬᠠᠶ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ︵ | ᠲᠤᠷᠰᠢᠨ ᠬᠡᠷᠡᠭᠵᠢᠭᠦᠯᠬᠦ︶ | | ᠨᠢᠭᠡᠳᠦᠭᠡᠷ ᠵᠦᠢᠯ᠂ ᠲᠥᠪ ᠤᠨ ︽ᠨᠠᠢᠮᠠᠨ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭᠠᠨ ᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠬᠤ ᠠᠵᠢᠯ ᠤᠨ ᠲᠤᠰᠬᠠᠶ ᠵᠠᠷᠤᠳᠠᠯ | ᠪᠠ ᠬᠠᠮᠢᠶᠠᠷᠤᠯᠲᠠ ᠶᠢ ᠵᠢᠷᠤᠮᠵᠢᠭᠤᠯᠵᠤ᠂ ᠬᠢᠨᠠᠨ ᠪᠠᠶᠢᠴᠠᠭᠠᠯᠲᠠ ᠬᠢᠬᠦ ᠠᠵᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶᠠᠨ ᠤ 2019 ᠣᠨ ᠤ | 20 ᠳ᠋ᠤᠭᠠᠷ ᠤᠳᠠᠭᠠᠨ ᠤ ᠭᠡᠰᠢᠭᠦᠨ ︵ᠥᠷᠭᠡᠳᠬᠡᠭᠰᠡᠨ︶ ᠤ ᠬᠤᠷᠠᠯ ᠤᠨ ᠲᠣᠪᠴᠢ ᠲᠡᠮᠳᠡᠭᠯᠡᠯ︾ ︵︹ 2019 ︺ | 20 ᠳ᠋ᠤᠭᠠᠷ ᠲᠣᠭᠠᠲᠤ︶ ᠪᠠ ︽︿ᠠᠯᠠᠱᠠ ᠠᠶᠢᠮᠠᠭ ᠤᠨ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠯᠲᠠ ᠶᠢᠨ ᠠᠵᠢᠯ ᠤᠨ ᠲᠤᠰᠬᠠᠶ ᠵᠠᠷᠤᠳᠠᠯ ᠤᠨ | ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ | ᠬᠡᠷ ᠤᠨ ᠮᠡᠳᠡᠭᠳᠡᠯ︾ ︵ᠠᠯᠠᠱᠠ ᠠᠶᠢᠮᠠᠭ ᠤᠨ ᠵᠠᠬᠢᠷᠭᠠᠨ ᠤ ᠠᠯᠪᠠᠨ ᠭᠡᠷ ᠠᠴᠠ ᠲᠠᠷᠬᠠᠭᠠᠭᠰᠠᠨ︹ 2019 ︺ | 24 ᠳ᠋ᠦ᠋ᠭᠡᠷ ᠲᠣᠭᠠᠲᠤ︶ ᠵᠢᠴᠢ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠥᠬᠦᠶ ᠡᠳ᠋ ᠤᠨ ᠶᠠᠪᠤᠳᠠᠯ ᠤᠨ | ᠲᠦᠷᠢᠮ ᠲᠣᠭᠲᠠᠭᠠᠯ ᠢ ᠦᠨᠳᠦᠰᠦᠯᠡᠨ᠂ ᠬᠢᠨᠠᠨ ᠪᠠᠶᠢᠴᠠᠭᠠᠯᠲᠠ ᠬᠢᠬᠦ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ᠂ ᠲᠣᠰ ᠠᠷᠭ᠎ᠠ ᠳᠤ ᠬᠡᠯᠡᠵᠦ ᠪᠠᠶᠢᠭ᠎ᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ | ᠤ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠬᠤ ᠠᠵᠢᠯ ᠤᠨ ᠵᠠᠷᠤᠳᠠᠯ ᠭᠡᠳᠡᠭ ᠢ ᠬᠤᠰᠢᠭᠤᠨ ᠤ ᠡᠳ᠋ ᠤᠨ | ᠵᠠᠰᠠᠭ ᠠᠴᠠ ᠪᠠᠶᠢᠭᠤᠯᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠰᠢᠭᠤᠳ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠳᠪᠦᠷᠢᠯᠡᠭᠰᠡᠨ ᠬᠠᠤᠯᠢ ᠰᠠᠬᠢᠯᠭ᠎ᠠ ᠠᠴᠠ | ᠵᠥᠷᠢᠴᠡᠭᠰᠡᠨ ᠬᠡᠷᠡᠭ ᠤᠨ ᠲᠤᠰᠬᠠᠢ ᠵᠠᠷᠤᠳᠠᠯ ᠳᠤ ᠬᠡᠷᠡᠭᠯᠡᠨ᠎ᠡ᠃ | ᠭᠤᠷᠪᠠᠳᠤᠭᠠᠷ ᠵᠥᠢᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ | ᠬᠢᠨᠠᠨ ᠪᠠᠶᠢᠴᠠᠭᠠᠬᠤ ᠠᠵᠢᠯ ᠤᠨ ᠵᠠᠷᠤᠳᠠᠯ ᠳᠤ ᠬᠡᠷᠡᠭᠯᠡᠬᠦ ᠳᠤ ᠳᠣᠤᠷ᠎ᠠ ᠵᠢᠭᠰᠠᠭᠠᠭᠰᠠᠨ ᠵᠠᠷᠴᠢᠮ ᠢ ᠵᠢᠷᠤᠮᠯᠠᠬᠤ ᠬᠡᠷᠡᠭᠲᠡᠶ | ᠄ | ᠨᠢᠭᠡ᠂ ᠬᠠᠤᠯᠢ ᠶᠣᠰᠣᠭᠠᠷ ᠬᠡᠷᠡᠭᠯᠡᠬᠦ ᠬᠡᠷᠡᠭᠲᠡᠶ᠃ ᠵᠠᠷᠤᠳᠠᠯ ᠢ ᠬᠡᠷᠡᠭᠯᠡᠬᠦ ᠳᠤ ᠤᠯᠤᠰ ᠤᠨ ᠬᠤᠯᠪᠣᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠡᠳ᠋ ᠤᠨ ᠶᠠᠪᠤᠳᠠᠯ ᠤᠨ ᠳᠦᠷᠢᠮ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ | ᠬᠤᠶᠠᠷ᠂ ᠲᠤᠰᠬᠠᠶ ᠮᠦᠩᠭᠦ ᠶᠢ ᠲᠤᠰᠬᠠᠶ ᠵᠥᠢᠯ ᠳᠤᠨᠢ ᠬᠡᠷᠡᠭᠯᠡᠬᠦ᠃ ᠵᠠᠷᠤᠳᠠᠯ ᠢ ᠲᠣᠰ ᠠᠷᠭ᠎ᠠ ᠳᠤ | ᠲᠣᠭᠲᠠᠭᠠᠭᠰᠠᠨ ᠵᠠᠷᠤᠯᠭ᠎ᠠ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠨ ᠬᠠᠮᠢᠶᠠᠷᠴᠦ ᠬᠡᠷᠡᠭᠯᠡᠬᠦ ᠬᠡᠷᠡᠭᠲᠡᠶ᠂ | ᠪᠤᠰᠤᠳ ᠵᠥᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ︔ ᠡᠳᠦᠷ ᠲᠤᠳᠦᠮ ᠤᠨ ᠵᠠᠷᠤᠯᠭ᠎ᠠ ᠬᠦᠷᠦᠯᠴᠡᠬᠦ ᠤᠢᠭᠡᠢ | ᠪᠠᠶᠢᠬᠤ ᠳᠤ ᠬᠡᠷᠡᠭᠯᠡᠬᠦ ᠪᠠ ᠵᠠᠰᠠᠭ ᠵᠠᠬᠢᠷᠭ᠎ᠠ᠂ ᠠᠵᠢᠯ ᠦᠢᠯᠡᠰ ᠤᠨ ᠪᠤᠰᠤᠳ ᠵᠠᠷᠤᠳᠠᠯ ᠢ ᠨᠥᠬᠦᠪᠥᠷᠢᠯᠡᠬᠦ ᠳᠤ | ᠬᠡᠷᠡᠭᠯᠡᠵᠦ ᠪᠣᠯᠬᠤ ᠤᠢᠭᠡᠢ︔ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ | ᠃ | ᠭᠤᠷᠪᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠬᠡᠷᠡᠭᠲᠡᠶ᠃ ᠬᠡᠷᠡᠭ ᠰᠢᠢᠳᠪᠦᠷᠢᠯᠡᠬᠦ | ᠠᠵᠢᠯ ᠤᠨ ᠵᠦᠶ ᠵᠣᠬᠢᠰᠲᠠᠶ ᠪᠠᠶᠢᠬᠤ ᠶᠢ ᠪᠠᠲᠤᠯᠠᠬᠤ ᠴᠢᠬᠤᠯᠠᠲᠠᠶ ᠪᠠᠶᠢᠳᠠᠯ ᠤᠨ ᠲᠤᠤᠷ᠎ᠠ᠂ ᠠᠵᠢᠯᠴᠢ ᠠᠷᠪᠢᠴᠢ ᠪᠠᠷ | ᠠᠷᠪᠢᠯᠠᠨ ᠭᠠᠮᠨᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠃ | ᠳᠥᠷᠪᠡᠳᠦᠭᠡᠷ ᠵᠥᠢᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ | ᠬᠢᠨᠠᠨ ᠪᠠᠶᠢᠴᠠᠭᠠᠯᠲᠠ ᠶᠢᠨ ᠠᠵᠢᠯ ᠤᠨ ᠵᠠᠷᠤᠳᠠᠯ ᠤᠨ ᠬᠡᠪᠴᠢᠶᠡᠨ ᠳᠤ ᠭᠤᠤᠯᠳᠠᠭᠤ ᠬᠡᠷᠡᠭ ᠰᠢᠢᠳᠪᠦᠷᠢᠯᠡᠬᠦ ᠠᠵᠢᠯᠲᠠᠨ | ᠤ ᠠᠯᠪᠠᠨ ᠠᠵᠢᠯ ᠢᠶᠠᠷ ᠭᠠᠳᠠᠭᠰᠢ ᠭᠠᠷᠬᠤ ᠵᠠᠷᠤᠳᠠᠯ᠂ ᠬᠡᠷᠡᠭ ᠰᠢᠢᠳᠪᠦᠷᠢᠯᠡᠬᠦ ᠴᠢᠮᠡᠭᠡ ᠨᠡᠪᠲᠡᠷᠡᠯᠭᠡ ᠶᠢᠨ ᠵᠠᠷᠤᠳᠠᠯ᠂ | ᠬᠡᠷᠡᠭ ᠰᠢᠢᠳᠪᠦᠷᠢᠯᠡᠬᠦ ᠵᠠᠮ ᠬᠠᠷᠢᠯᠴᠠᠭᠠᠨ ᠤ ᠵᠠᠷᠤᠳᠠᠯ᠂ ᠬᠡᠷᠡᠭ ᠰᠢᠢᠳᠪᠦᠷᠢᠯᠡᠬᠦ ᠲᠦᠬᠦᠭᠡᠷᠦᠮᠵᠢ ᠶᠢ ᠬᠤᠳᠠᠯᠳᠤᠨ | ᠠᠪᠬᠤ ᠪᠠ ᠲᠦᠷᠢᠶᠡᠰᠦᠯᠡᠨ ᠬᠡᠷᠡᠭᠯᠡᠬᠦ ᠵᠠᠷᠤᠳᠠᠯ᠂ ᠭᠡᠷᠡᠴᠢ ᠪᠠᠶᠢᠴᠠᠭᠠᠬᠤ ᠵᠠᠷᠤᠳᠠᠯ᠂ ᠬᠢᠨᠠᠨ ᠬᠠᠮᠢᠶᠠᠷᠬᠤ ︽ | ᠦᠯᠡᠳᠡᠭᠡᠨ ᠠᠪᠬᠤ︾ ᠡᠲᠡᠭᠡᠳ ᠤᠨ ᠵᠠᠷᠤᠳᠠᠯ᠂ ᠭᠡᠷ ᠲᠦᠷᠢᠶᠡᠰᠦᠯᠡᠬᠦ ᠵᠠᠷᠤᠳᠠᠯ᠂ ᠬᠤᠭᠤᠯᠠᠨ ᠤ ᠨᠥᠬᠦᠪᠥᠷᠢ | ᠵᠠᠷᠤᠳᠠᠯ ᠪᠠ ᠠᠯᠪᠠᠨ ᠠᠷᠰᠠᠷ ᠵᠠᠷᠤᠳᠠᠯ᠂ ᠬᠤᠷᠠᠯ ᠤᠨ ᠭᠡᠷ ᠢ ᠲᠦᠷᠢᠶᠡᠰᠦᠯᠡᠬᠦ ᠵᠠᠷᠤᠳᠠᠯ᠂ ᠬᠡᠷᠡᠭ ᠲᠤ | ᠬᠤᠯᠪᠣᠭᠳᠠᠭᠰᠠᠨ ᠡᠳ᠋ ᠪᠣᠳᠠᠰ ᠢ ᠬᠢᠨᠠᠨ ᠲᠣᠭᠲᠠᠭᠠᠬᠤ᠂ ᠰᠢᠢᠳᠪᠦᠷᠢᠯᠡᠬᠦ ᠵᠠᠷᠤᠳᠠᠯ ᠵᠢᠴᠢ ᠪᠤᠰᠤᠳ ᠵᠠᠷᠤᠳᠠᠯ | ᠪᠠᠭᠲᠠᠨ᠎ᠠ᠃ | ᠨᠢᠭᠡ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ᠄ ᠬᠡᠷᠡᠭ ᠰᠢᠳᠬᠡᠭᠴᠢ ᠪᠠᠳᠠᠢ ᠶᠢᠨ ᠵᠢᠷᠠᠨ | ᠪᠠᠯᠭᠠᠰᠤ ᠠᠴᠠ ᠭᠠᠷᠴᠦ ᠭᠠᠳᠠᠨ᠎ᠠ ᠪᠠᠶᠢᠴᠠᠭᠠᠯᠲᠠ ᠬᠢᠵᠦ᠂ ᠭᠡᠷᠡᠴᠢ ᠠᠪᠬᠤ ᠳᠤ ᠡᠭᠦᠰᠦᠭᠰᠡᠨ ᠠᠯᠪᠠᠨ ᠠᠵᠢᠯ ᠢᠶᠠᠷ | ᠭᠠᠳᠠᠭᠰᠢ ᠭᠠᠷᠬᠤ ᠵᠠᠷᠤᠳᠠᠯ ᠢ ᠵᠢᠭᠠᠵᠤ ᠪᠠᠶᠢᠨ᠎ᠠ᠃ | ᠬᠤᠶᠠᠷ᠂ ᠬᠡᠷᠡᠭ ᠰᠢᠢᠳᠪᠦᠷᠢᠯᠡᠬᠦ ᠮᠡᠳᠡᠭᠡ ᠬᠤᠯᠪᠣᠭᠠᠨ ᠤ ᠵᠠᠷᠤᠳᠠᠯ᠄ ᠬᠡᠷᠡᠭ ᠰᠢᠢᠳᠪᠦᠷᠢᠯᠡᠬᠦ | ᠶᠠᠪᠤᠳᠠᠯ ᠠᠴᠠ ᠪᠤᠯᠵᠦ ᠡᠭᠦᠰᠦᠭᠰᠡᠨ ᠤᠲᠠᠰᠤᠨ ᠤ ᠵᠠᠷᠤᠳᠠᠯ᠂ ᠹᠠᠺᠰ ᠤᠨ ᠵᠠᠷᠤᠳᠠᠯ᠂ ᠰᠦᠯᠵᠢᠶᠡᠨ ᠤ ᠮᠡᠳᠡᠭᠡ | ᠬᠤᠯᠪᠣᠭᠠᠨ ᠤ ᠵᠠᠷᠤᠳᠠᠯ ᠵᠡᠷᠭᠡ ᠶᠢ ᠵᠢᠭᠠᠵᠤ ᠪᠠᠶᠢᠨ᠎ᠠ᠃ | ᠭᠤᠷᠪᠠ᠂ ᠬᠡᠷᠡᠭ ᠰᠢᠢᠳᠪᠦᠷᠢᠯᠡᠬᠦ ᠵᠠᠮ ᠬᠠᠷᠢᠯᠴᠠᠭᠠᠨ ᠤ ᠵᠠᠷᠤᠳᠠᠯ᠄ ᠬᠡᠷᠡᠭ ᠰᠢᠢᠳᠪᠦᠷᠢᠯᠡᠬᠦ | ᠬᠡᠷᠡᠭᠴᠡᠭᠡ ᠠᠴᠠ ᠪᠤᠯᠤᠭᠰᠠᠨ ᠲᠡᠷᠭᠡ ᠬᠥᠯᠥᠰᠥᠯᠡᠬᠦ ᠵᠠᠷᠤᠳᠠᠯ ︵ᠲᠤᠰᠤᠨ ᠤ ᠵᠥᠢᠯ ᠤᠨ ᠵᠠᠷᠤᠳᠠᠯ᠂ ᠵᠠᠮ ᠥᠩᠭᠡᠷᠡᠬᠦ | ᠬᠥᠭᠦᠷᠭᠡ ᠦᠩᠭᠡᠷᠡᠬᠦ ᠵᠠᠷᠤᠳᠠᠯ᠂ ᠰᠡᠯᠪᠢᠨ ᠵᠠᠰᠠᠬᠤ ᠵᠠᠷᠤᠳᠠᠯ᠂ ᠲᠡᠷᠭᠡ ᠵᠣᠭᠰᠣᠭᠠᠬᠤ ᠵᠠᠷᠤᠳᠠᠯ ᠪᠠᠭᠲᠠᠨ᠎ᠠ︶ ᠢ | ᠵᠢᠭᠠᠵᠤ ᠪᠠᠶᠢᠨ᠎ᠠ᠃ | ᠳᠦᠷᠪᠡ᠂ ᠬᠡᠷᠡᠭ ᠰᠢᠢᠳᠪᠦᠷᠢᠯᠡᠬᠦ ᠲᠥᠬᠦᠭᠡᠷᠦᠮᠵᠢ ᠬᠤᠳᠠᠯᠳᠤᠨ ᠠᠪᠬᠤ ᠪᠠ ᠲᠦᠷᠢᠶᠡᠰᠦᠯᠡᠨ ᠬᠡᠷᠡᠭᠯᠡᠬᠦ | ᠵᠠᠷᠤᠳᠠᠯ᠄ ᠬᠡᠷᠡᠭ ᠰᠢᠢᠳᠪᠦᠷᠢᠯᠡᠬᠦ ᠠᠵᠢᠯ ᠤᠨ ᠬᠡᠷᠡᠭᠴᠡᠭᠡ ᠠᠴᠠ ᠪᠤᠯᠵᠤ ᠬᠡᠷᠡᠭ ᠰᠢᠢᠳᠪᠦᠷᠢᠯᠡᠬᠦ ᠲᠥᠬᠦᠭᠡᠷᠦᠮᠵᠢ | ᠬᠤᠳᠠᠯᠳᠤᠨ ᠠᠪᠬᠤ ᠪᠠ ᠲᠦᠷᠢᠶᠡᠰᠦᠯᠡᠨ ᠬᠡᠷᠡᠭᠯᠡᠬᠦ ᠴᠢᠬᠤᠯᠠᠲᠠᠶ ᠵᠠᠷᠤᠳᠠᠯ ᠢ ᠵᠢᠭᠠᠵᠤ ᠪᠠᠶᠢᠨ᠎ᠠ᠃ | ᠲᠠᠪᠤ᠂ ᠪᠠᠶᠢᠴᠠᠭᠠᠨ ᠭᠡᠷᠡᠴᠢᠯᠡᠬᠦ ᠵᠠᠷᠤᠳᠠᠯ᠄ ᠬᠡᠷᠡᠭ ᠰᠢᠳᠬᠡᠭᠴᠢ ᠪᠠᠶᠢᠴᠠᠭᠠᠯᠲᠠ ᠬᠢᠵᠦ᠂ ᠭᠡᠷᠡᠴᠢ | ᠠᠪᠬᠤ ᠳᠤ ᠡᠭᠦᠰᠦᠭᠰᠡᠨ ᠪᠠᠶᠢᠴᠠᠭᠠᠨ ᠭᠡᠷᠡᠴᠢᠯᠡᠬᠦ ᠵᠠᠷᠤᠳᠠᠯ ᠢ ᠵᠢᠭᠠᠵᠤ ᠪᠠᠶᠢᠨ᠎ᠠ᠃ ᠡᠭᠦᠨ ᠳᠤ ᠬᠡᠷᠡᠭ ᠰᠢᠢᠳᠪᠦᠷᠢᠯᠡᠬᠦ | ᠠᠵᠢᠯᠲᠠᠨ ᠬᠡᠷᠡᠭ ᠰᠢᠢᠳᠪᠦᠷᠢᠯᠡᠬᠦ ᠦᠶ᠎ᠡ ᠳᠤ ᠵᠠᠷᠤᠴᠠᠭᠤᠯᠤᠭᠰᠠᠨ ᠮᠠᠲ᠋ᠧᠷᠢᠶᠠᠯ ᠤᠨ ᠵᠠᠷᠤᠳᠠᠯ ᠪᠠ ᠭᠡᠷᠡᠴᠢᠯᠡᠭᠴᠢ ᠳᠤ | ᠬᠠᠩᠭᠠᠭᠰᠠᠨ ᠬᠤᠯᠪᠣᠭᠳᠠᠯ ᠪᠦᠬᠦᠢ ᠵᠠᠷᠤᠳᠠᠯ ᠪᠠᠭᠲᠠᠨ᠎ᠠ᠃ | ᠵᠢᠷᠭᠤᠭ᠎ᠠ᠂ ︽ᠬᠤᠴᠣᠷᠭᠠᠨ ᠠᠪᠬᠤ︾ ᠡᠲᠡᠭᠡᠳ ᠤᠨ ᠵᠠᠷᠤᠳᠠᠯ ᠢ ᠬᠢᠨᠠᠨ ᠬᠠᠮᠢᠶᠠᠷᠬᠤ᠄ ︽ | ᠬᠤᠴᠣᠷᠭᠠᠨ ᠠᠪᠬᠤ︾ ᠡᠲᠡᠭᠡᠳ ᠤᠨ ᠲᠠᠯᠠᠪᠤᠷ ᠭᠠᠵᠠᠷ ᠲᠤ ᠴᠢᠬᠤᠯᠠ ᠪᠦᠬᠦᠢ ᠠᠮᠤᠷ ᠲᠦᠪᠰᠢᠨ ᠢ ᠬᠠᠮᠠᠭᠠᠯᠠᠬᠤ | ᠲᠥᠬᠦᠭᠡᠷᠦᠮᠵᠢ ᠪᠡᠯᠡᠳᠬᠡᠮᠵᠢ ᠲᠣᠬᠢᠷᠠᠭᠤᠯᠬᠤ ᠵᠠᠷᠤᠳᠠᠯ᠂ ᠬᠠᠷᠠᠵᠤ ᠰᠤᠪᠢᠯᠠᠬᠤ ᠬᠥᠮᠦᠰ ᠤᠨ ᠳᠥᠭᠦᠮ ᠬᠤᠪᠴᠠᠰᠤ | ᠬᠤᠳᠠᠯᠳᠤᠨ ᠠᠪᠬᠤ ᠵᠠᠷᠤᠳᠠᠯ᠂ ︽ᠬᠤᠴᠣᠷᠭᠠᠨ ᠠᠪᠬᠤ︾ ᠡᠲᠡᠭᠡᠳ ᠤᠨ ᠬᠠᠮᠢᠶ᠎ᠠ ᠪᠦᠬᠦᠢ ᠵᠠᠷᠤᠳᠠᠯ ᠢ ᠵᠢᠭᠠᠵᠤ ᠪᠣᠢ | ᠃ | ᠲᠤᠯᠤᠭ᠎ᠠ᠂ ᠭᠡᠷ ᠲᠦᠷᠢᠶᠡᠰᠦᠯᠡᠬᠦ ᠵᠠᠷᠤᠳᠠᠯ᠂ ᠬᠤᠭᠤᠯᠠᠨ ᠤ ᠨᠥᠬᠦᠪᠥᠷᠢ ᠪᠠ ᠠᠯᠪᠠᠨ ᠠᠷᠰᠠᠷ ᠵᠠᠷᠤᠳᠠᠯ | ᠄ ᠭᠡᠷ ᠲᠦᠷᠢᠶᠡᠰᠦᠯᠡᠬᠦ ᠵᠠᠷᠤᠳᠠᠯ ᠪᠤᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠬᠡᠷᠡᠭ ᠰᠢᠢᠳᠪᠦᠷᠢᠯᠡᠬᠦ ᠪᠠᠲᠤᠯᠠᠭ᠎ᠠ ᠶᠢᠨ ᠪᠠᠶᠢᠭᠤᠯᠤᠮᠵᠢ ᠠᠴᠠ ᠭᠠᠳᠠᠨ᠎ᠠ ᠲᠦᠷ ᠴᠠᠭ ᠤᠨ | ᠬᠡᠷᠡᠭ ᠰᠢᠢᠳᠪᠦᠷᠢᠯᠡᠬᠦ ᠳᠤ ᠬᠡᠷᠡᠭᠯᠡᠬᠦ ᠬᠡᠷ ᠪᠠᠶᠢᠰᠢᠩ ᠢ ᠲᠦᠷᠢᠶᠡᠰᠦᠯᠡᠨ ᠬᠡᠷᠡᠭᠯᠡᠬᠦ ᠳᠤ ᠡᠭᠦᠰᠦᠭᠰᠡᠨ ᠬᠡᠷ | ᠪᠠᠶᠢᠰᠢᠩ ᠤᠨ ᠰᠦᠢᠳᠬᠡᠯ ᠢ ᠵᠢᠭᠠᠵᠤ ᠪᠣᠶ︔ ᠬᠤᠭᠤᠯᠠᠨ ᠤ ᠨᠥᠬᠦᠪᠥᠷᠢ ᠵᠠᠷᠤᠳᠠᠯ ᠪᠤᠯ ᠬᠡᠷᠡᠭ ᠰᠢᠳᠬᠡᠭᠴᠢ᠂ | ᠠᠰᠠᠷᠠᠭᠴᠢ᠂ ᠥᠭᠡᠷ᠎ᠡ ᠭᠠᠵᠠᠷ ᠵᠢᠭᠡᠯᠡᠨ ᠰᠢᠯᠵᠢᠭᠦᠯᠦᠭᠰᠡᠨ ᠬᠡᠷᠡᠭ ᠰᠢᠳᠬᠡᠭᠴᠢ ᠶᠢᠨ ᠬᠡᠷᠡᠭ ᠰᠢᠢᠳᠪᠦᠷᠢᠯᠡᠬᠦ | ᠬᠤᠭᠤᠴᠠᠭᠠᠨ ᠳᠠᠬᠢ ᠬᠤᠭᠤᠯᠠᠨ ᠤ ᠨᠥᠬᠦᠪᠥᠷᠢ᠂ ᠰᠥᠨᠢ ᠶᠢᠨ ᠬᠤᠭᠤᠯᠠᠨ ᠤ ᠨᠥᠬᠦᠪᠥᠷᠢ ᠵᠠᠷᠤᠳᠠᠯ ᠢ ᠵᠢᠭᠠᠨ᠎ᠠ︔ | ᠠᠯᠪᠠᠨ ᠠᠷᠰᠠᠷ ᠵᠠᠷᠤᠳᠠᠯ ᠪᠤᠯ ᠬᠡᠷᠡᠭ ᠰᠢᠢᠳᠪᠦᠷᠢᠯᠡᠬᠦ ᠠᠵᠢᠯᠲᠠᠨ ᠤ ᠬᠡᠷᠡᠭ ᠰᠢᠢᠳᠪᠦᠷᠢᠯᠡᠬᠦ ᠬᠤᠭᠤᠴᠠᠭᠠᠨ ᠤ | ᠬᠤᠭᠤᠯᠠᠨ ᠤ ᠵᠠᠷᠤᠳᠠᠯ᠂ ᠠᠯᠪᠠᠨ ᠠᠵᠢᠯ ᠢᠶᠠᠷ ᠭᠠᠳᠠᠭᠰᠢ ᠭᠠᠷᠬᠤ ᠵᠠᠷᠤᠳᠠᠯ ᠠᠴᠠ ᠭᠠᠳᠠᠨ᠎ᠠ ᠤᠷᠢᠳᠴᠢᠯᠠᠵᠦ | ᠮᠡᠳᠡᠬᠦ ᠶᠢᠨ ᠠᠷᠭ᠎ᠠ ᠦᠭᠡᠢ ᠪᠤᠰᠤᠳ ᠬᠡᠷᠡᠭᠰᠡᠬᠦ ᠵᠠᠷᠤᠳᠠᠯ ᠢ ᠵᠢᠭᠠᠵᠤ ᠪᠠᠶᠢᠨ᠎ᠠ᠃ | ᠨᠠᠢᠮᠠ᠂ ᠬᠤᠷᠠᠯ ᠤᠨ ᠭᠡᠷ ᠤᠨ ᠲᠦᠷᠢᠶᠡᠰᠦᠨ ᠵᠠᠷᠤᠳᠠᠯ᠄ ᠲᠤᠰᠬᠠᠶ ᠬᠡᠷᠡᠭ ᠤᠨ ᠳᠤᠭᠤᠶᠢᠯᠠᠩ ᠤᠨ | ᠬᠡᠷᠡᠭ ᠤᠨ ᠪᠠᠶᠢᠳᠠᠯ ᠢ ᠪᠠᠶᠢᠴᠠᠭᠠᠵᠤ ᠵᠠᠳᠠᠯᠬᠤ ᠶᠢ ᠵᠢᠭᠠᠵᠤ ᠪᠠᠶᠢᠨ᠎ᠠ᠃ ᠠᠵᠢᠯ ᠢ ᠵᠣᠬᠢᠶᠠᠨ ᠪᠠᠶᠢᠭᠤᠯᠬᠤ ᠪᠠ | ᠪᠠᠶᠢᠷᠢᠯᠠᠭᠤᠯᠬᠤ ᠳᠤ ᠲᠤᠰᠬᠠᠶ ᠠᠵᠢᠯ ᠤᠨ ᠬᠤᠷᠠᠯ ᠬᠢᠬᠦ ᠳᠤ ᠡᠭᠦᠰᠦᠭᠰᠡᠨ ᠬᠤᠷᠠᠯ ᠤᠨ ᠭᠡᠷ ᠤᠨ ᠲᠦᠷᠢᠶᠡᠰᠦᠨ | ᠵᠠᠷᠤᠳᠠᠯ | ᠶᠢᠰᠦ᠂ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠬᠢᠨᠠᠨ ᠲᠣᠭᠲᠠᠭᠠᠬᠤ᠂ ᠰᠢᠢᠳᠪᠦᠷᠢᠯᠡᠬᠦ ᠵᠠᠷᠤᠳᠠᠯ | ᠄ ᠪᠤᠲᠠᠲᠠᠢ ᠡᠭᠦᠰᠦᠭᠰᠡᠨ ᠮᠦᠩᠭᠦ ᠶᠢᠨ ᠲᠤᠭ᠎ᠠ ᠶᠣᠰᠣᠭᠠᠷ ᠦᠨᠡᠨ ᠪᠣᠳᠠᠲᠠᠶ ᠪᠠᠷ ᠲᠠᠩᠰᠠ ᠲᠠᠶᠢᠯᠬᠤ ᠬᠡᠷᠡᠭᠲᠡᠶ᠃ | ᠠᠷᠪᠠ᠂ ᠪᠤᠰᠤᠳ ᠵᠠᠷᠤᠳᠠᠯ᠄ ᠬᠡᠷᠡᠭ ᠰᠢᠢᠳᠪᠦᠷᠢᠯᠡᠬᠦ ᠳᠤ ᠬᠡᠷᠡᠭᠰᠡᠬᠦ ᠳᠤ ᠳᠤᠷᠠᠳᠤᠭᠰᠠᠨ | ᠵᠠᠷᠤᠯᠭ᠎ᠠ ᠠᠴᠠ ᠭᠠᠳᠠᠨᠠᠬᠢ ᠪᠤᠰᠤᠳ ᠤᠷᠢᠳᠴᠢᠯᠠᠵᠦ ᠮᠡᠳᠡᠬᠦ ᠶᠢᠨ ᠠᠷᠭ᠎ᠠ ᠦᠭᠡᠢ ᠵᠠᠷᠤᠯᠭ᠎ᠠ ᠶᠢ ᠵᠢᠭᠠᠵᠤ ᠪᠠᠶᠢᠨ᠎ᠠ᠃ | ᠡᠭᠦᠨ ᠳᠤ ᠬᠡᠷᠡᠭ ᠰᠢᠢᠳᠪᠦᠷᠢᠯᠡᠬᠦ ᠬᠤᠭᠤᠴᠠᠭᠠᠨ ᠳᠤ ᠬᠡᠷᠡᠭ ᠰᠢᠢᠳᠪᠦᠷᠢᠯᠡᠬᠦ ᠠᠵᠢᠯᠳᠠᠨ ᠳᠤ ᠡᠭᠦᠰᠦᠭᠰᠡᠨ ᠪᠠᠭ᠎ᠠ | ᠲᠣᠭᠠᠨ ᠤ ᠠᠯᠪᠠᠨ ᠠᠷᠰᠠᠷ ᠵᠠᠷᠤᠳᠠᠯ ᠪᠠᠭᠲᠠᠨ᠎ᠠ᠃ | ᠲᠠᠪᠤᠳᠤᠭᠠᠷ ᠵᠦᠢᠯ᠂ ᠬᠢᠨᠠᠨ ᠪᠠᠶᠢᠴᠠᠭᠠᠬᠤ ᠠᠵᠢᠯ ᠳᠤ ᠭᠠᠷᠤᠭᠰᠠᠨ ᠳᠡᠭᠡᠷ᠎ᠡ ᠳᠤᠷᠠᠳᠤᠭᠰᠠᠨ ᠵᠠᠷᠤᠳᠠᠯ ᠢ | ᠳᠣᠤᠷ᠎ᠠ ᠵᠢᠭᠰᠠᠭᠠᠭᠰᠠᠨ ᠵᠠᠷᠤᠳᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠄ | ᠨᠢᠭᠡ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ᠄ ᠬᠡᠷᠡᠭ ᠰᠢᠢᠳᠪᠦᠷᠢᠯᠡᠬᠦ ᠠᠵᠢᠯᠲᠠᠨ ᠤ | ᠪᠠᠶᠢᠴᠠᠭᠠᠯᠲᠠ᠂ ᠭᠡᠷᠡᠴᠢ ᠠᠪᠬᠤ ᠳᠤ ᠡᠭᠦᠰᠦᠭᠰᠡᠨ ᠠᠯᠪᠠᠨ ᠠᠵᠢᠯ ᠢᠶᠠᠷ ᠭᠠᠳᠠᠭᠰᠢ ᠭᠠᠷᠬᠤ ᠵᠠᠷᠤᠳᠠᠯ᠂ ᠬᠤᠰᠢᠭᠤᠨ | ᠤ ᠵᠠᠰᠠᠭ ᠤᠨ ᠣᠷᠳᠣᠨ ᠤ ᠠᠯᠪᠠᠨ ᠬᠡᠷ ᠤᠨ ︽ᠠᠯᠠᠱᠠ ᠪᠠᠷᠠᠭᠤᠨ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ | ᠵᠢᠴᠢ ᠠᠵᠢᠯ ᠦᠢᠯᠡᠰ ᠤᠨ ᠨᠢᠭᠡᠴᠡ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠬᠠᠮᠢᠶᠠᠷᠤᠯᠲᠠ | ᠶᠢᠨ ᠠᠷᠭ᠎ᠠ ᠶᠢ ᠴᠣᠬᠤᠯᠠᠪᠤᠷᠢᠯᠠᠨ ᠤᠯᠠᠮᠵᠢᠯᠠᠬᠤ ᠲᠤᠬᠠᠶ ᠮᠡᠳᠡᠭᠳᠡᠯ︾ ︵ᠠᠯᠠᠱᠠ ᠪᠠᠷᠠᠭᠤᠨ ᠬᠤᠰᠢᠭᠤᠨ ᠤ | ᠵᠠᠰᠠᠭ ᠤᠨ ᠤᠷᠳᠤᠨ ᠤ ᠠᠯᠪᠠᠨ ᠭᠡᠷ ᠠᠴᠠ ᠲᠠᠷᠬᠠᠭᠠᠭᠰᠠᠨ ︹ 2019 ︺ 59 ᠳ᠋ᠤᠭᠠᠷ ᠲᠣᠭᠠᠲᠤ︶ ᠶᠣᠰᠣᠭᠠᠷ | ᠬᠡᠷᠡᠭᠵᠢᠭᠦᠯᠦᠨ᠎ᠡ᠃ | ᠬᠤᠶᠠᠷ᠂ ᠬᠡᠷᠡᠭ ᠰᠢᠢᠳᠪᠦᠷᠢᠯᠡᠬᠦ ᠴᠢᠮᠡᠭᠡ ᠬᠤᠯᠪᠣᠭᠠᠨ ᠤ ᠵᠠᠷᠤᠳᠠᠯ᠄ ᠬᠡᠷᠡᠭ ᠰᠢᠢᠳᠪᠦᠷᠢᠯᠡᠬᠦ ᠠᠵᠢᠯᠲᠠᠨ | ᠤ ᠬᠡᠷᠡᠭ ᠰᠢᠢᠳᠪᠦᠷᠢᠯᠡᠬᠦ ᠬᠤᠭᠤᠴᠠᠭᠠᠨ ᠳᠠᠬᠢ ᠤᠲᠠᠰᠤᠨ ᠤ ᠵᠠᠷᠤᠳᠠᠯ᠂ ᠰᠦᠯᠵᠢᠶᠡᠨ ᠤ ᠴᠢᠮᠡᠭᠡ ᠨᠡᠪᠲᠡᠷᠡᠯᠭᠡ ᠶᠢᠨ | ᠵᠠᠷᠤᠳᠠᠯ ᠵᠡᠷᠭᠡ᠃ ᠬᠡᠷᠡᠭ ᠰᠢᠢᠳᠪᠦᠷᠢᠯᠡᠬᠦ ᠳᠤ 15 ᠡᠳᠦᠷ ᠪᠣᠯᠤᠭ᠎ᠠ ᠥᠬᠡᠶ ᠠᠵᠢᠯᠲᠠᠨ ᠪᠣᠯ ᠬᠥᠮᠦᠨ ᠪᠦᠷᠢ ᠡᠳᠦᠷ | ᠪᠦᠷᠢ 10 ᠲᠥᠭᠦᠷᠢᠭ ᠢᠶᠠᠷ ᠬᠡᠷᠡᠭ ᠰᠢᠢᠳᠪᠦᠷᠢᠯᠡᠬᠦ ᠳ᠋ᠢᠶᠠᠩᠬᠤᠸᠠ ᠶᠢᠨ ᠺᠠᠷᠲ ᠬᠤᠳᠠᠯᠳᠤᠵᠦ ᠠᠪᠤᠨ᠎ᠠ︔ ᠬᠡᠷᠡᠭ | ᠰᠢᠢᠳᠪᠦᠷᠢᠯᠡᠬᠦ ᠳᠤ 15 ᠡᠳᠦᠷ ᠣᠷᠣᠯᠴᠠᠭᠰᠠᠨ ᠠᠵᠢᠯᠲᠠᠨ ᠬᠥᠮᠦᠨ ᠪᠦᠷᠢ ᠰᠠᠷ᠎ᠠ ᠪᠦᠷᠢ 200 ᠲᠥᠭᠦᠷᠢᠭ ᠤᠨ | ᠬᠡᠷᠡᠭ ᠰᠢᠢᠳᠪᠦᠷᠢᠯᠡᠬᠦ ᠳ᠋ᠢᠶᠠᠩᠬᠤᠸᠠ ᠶᠢᠨ ᠺᠠᠷᠲ ᠬᠤᠳᠠᠯᠳᠤᠨ ᠠᠪᠴᠤ᠂ ᠲᠤᠭ᠎ᠠ ᠨᠣᠷᠮ᠎ᠠ ᠲᠣᠭᠲᠠᠭᠠᠨ | ᠳᠠᠭᠠᠭᠠᠴᠢᠯᠠᠭᠤᠯᠬᠤ ᠶᠢ ᠬᠡᠷᠡᠭᠵᠢᠭᠦᠯᠵᠦ᠂ ᠬᠡᠲᠦᠷᠡᠭᠦᠯᠦᠨ ᠵᠠᠷᠤᠭᠰᠠᠨ ᠴᠤ ᠨᠦᠬᠦᠪᠦᠷᠢᠯᠡᠬᠦ ᠥᠬᠡᠶ᠃ | ᠭᠤᠷᠪᠠ᠂ ᠬᠡᠷᠡᠭ ᠰᠢᠢᠳᠪᠦᠷᠢᠯᠡᠬᠦ ᠵᠠᠮ ᠬᠠᠷᠢᠯᠴᠠᠭᠠᠨ ᠤ ᠵᠠᠷᠤᠳᠠᠯ᠄ ᠠᠯᠠᠱᠠ ᠪᠠᠷᠠᠭᠤᠨ ᠬᠤᠰᠢᠭᠤᠨ ᠤ | ᠲᠤᠲᠤᠷᠬᠠᠢ ᠬᠡᠷᠡᠭ ᠰᠢᠢᠳᠪᠦᠷᠢᠯᠡᠬᠦ ᠲᠡᠷᠭᠡ ᠬᠥᠰᠬᠡ ᠶᠢ ᠡᠩ ᠤᠨ ᠪᠠᠶᠢᠳᠠᠯ ᠳᠤ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠬᠠᠤᠯᠢ ᠬᠡᠷᠡᠭᠵᠢᠭᠦᠯᠵᠦ ᠵᠢᠵᠢᠭᠦᠷᠯᠡᠬᠦ ᠲᠡᠷᠭᠡ ᠶᠢᠨ | ᠪᠠᠲᠤᠯᠠᠭ᠎ᠠ ᠶᠢ ᠬᠢᠯᠭᠡᠨ᠎ᠡ᠃ ᠲᠡᠷᠭᠡ ᠬᠥᠰᠬᠡ ᠶᠢᠨ ᠪᠣᠳᠠᠲᠠᠶ ᠡᠭᠦᠰᠦᠭᠰᠡᠨ ᠵᠠᠷᠤᠳᠠᠯ ᠢᠶᠠᠷ ᠪᠠᠷᠢᠮᠵᠢᠶ᠎ᠠ ᠪᠣᠯᠭᠠᠨ᠎ᠠ︔ | ᠠᠯᠠᠱᠠ ᠪᠠᠷᠠᠭᠤᠨ ᠬᠤᠰᠢᠭᠤᠨ ᠤ ᠭᠠᠳᠠᠨ᠎ᠠ ᠬᠡᠷᠡᠭ ᠰᠢᠢᠳᠪᠦᠷᠢᠯᠡᠬᠦ ᠮᠠᠰᠢᠨ ᠲᠡᠷᠭᠡ ᠲᠤᠬᠠᠶ ᠶᠢᠨ ᠭᠠᠵᠠᠷ ᠤᠨ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠᠷ ᠲᠠᠮᠵᠢᠨ ᠵᠤᠬᠢᠴᠠᠭᠤᠯᠵᠦ ᠲᠦᠷᠢᠶᠡᠰᠦᠯᠡᠨ | ᠬᠡᠷᠡᠭᠯᠡᠵᠦ᠂ ᠲᠦᠷᠢᠶᠡᠰᠦᠯᠡᠭᠰᠡᠨ ᠲᠡᠷᠭᠡ ᠬᠥᠰᠬᠡ ᠶᠢᠨ ᠬᠡᠯᠪᠡᠷᠢ ᠶᠢ ᠲᠤᠬᠠᠢ ᠶᠢᠨ ᠭᠠᠵᠠᠷ ᠤᠨ ᠡᠩ ᠤᠨ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠶᠢᠨ ᠪᠠᠷᠢᠮᠵᠢᠶ᠎ᠠ ᠪᠠᠷ ᠯᠠᠪᠯᠠᠯᠲᠠ ᠪᠤᠯᠭᠠᠵᠦ ᠪᠣᠯᠤᠨ᠎ᠠ᠃ | ᠳᠦᠷᠪᠡ᠂ ᠬᠡᠷᠡᠭ ᠰᠢᠢᠳᠪᠦᠷᠢᠯᠡᠬᠦ ᠲᠥᠬᠦᠭᠡᠷᠦᠮᠵᠢ ᠬᠤᠳᠠᠯᠳᠤᠨ ᠠᠪᠬᠤ ᠪᠠ ᠲᠦᠷᠢᠶᠡᠰᠦᠯᠡᠨ ᠬᠡᠷᠡᠭᠯᠡᠬᠦ | ᠵᠠᠷᠤᠳᠠᠯ᠄ | 1.ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠬᠡᠷᠡᠭ ᠰᠢᠢᠳᠪᠦᠷᠢᠯᠡᠬᠦ ᠳᠤ ᠬᠡᠷᠡᠭᠰᠡᠬᠦ | ᠺᠤᠮᠫᠢᠦᠲ᠋ᠧᠷ᠂ ᠳᠠᠭᠤ ᠰᠢᠩᠭᠡᠭᠡᠬᠦ ᠪᠢᠷ᠂ ᠳᠦᠷᠰᠦ ᠰᠢᠩᠭᠡᠭᠡᠬᠦ ᠮᠠᠰᠢᠨ᠂ ᠭᠡᠷᠡᠯ ᠵᠢᠷᠤᠭ ᠤᠨ ᠮᠠᠰᠢᠨ᠂ ᠠᠪᠴᠤ | ᠶᠠᠪᠤᠬᠤ ᠳᠤ ᠳᠥᠭᠦᠮ ᠳᠠᠷᠤᠮᠠᠯᠯᠠᠬᠤ ᠮᠠᠰᠢᠨ ᠵᠡᠷᠭᠡ ᠲᠥᠬᠦᠭᠡᠷᠦᠮᠵᠢ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠬᠡᠷ ᠨᠢ ᠠᠯᠠᠱᠠ ᠪᠠᠷᠠᠭᠤᠨ ᠬᠤᠰᠢᠭᠤᠨ ᠤ ᠲᠣᠰ ᠱᠠᠲᠤᠨ ᠤ | ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠨᠡᠶᠢᠳᠡᠮ ᠬᠡᠷᠡᠭᠯᠡᠬᠦ ᠡᠳ᠋ ᠬᠥᠷᠥᠩᠭᠡ ᠶᠢ ᠳᠣᠭᠢᠷᠠᠭᠤᠯᠬᠤ | ᠪᠠᠷᠢᠮᠵᠢᠶ᠎ᠠ ᠶᠣᠰᠣᠭᠠᠷ ᠨᠢᠭᠡᠳᠦᠯᠲᠡᠶ ᠬᠤᠳᠠᠯᠳᠤᠨ ᠠᠪᠤᠨ᠎ᠠ᠃ | 2. ᠴᠡᠭᠡᠵᠢᠯᠡᠬᠦ ᠴᠢᠳᠠᠪᠤᠷᠢ ᠲᠠᠢ ᠳᠠᠷᠤᠮᠠᠯᠯᠠᠬᠤ ᠮᠠᠰᠢᠨ ᠢ ᠭᠠᠷᠭᠠᠭᠠᠳ᠂ ᠳᠠᠷᠤᠮᠠᠯᠯᠠᠬᠤ ᠮᠠᠰᠢᠨ᠂ | ᠴᠠᠭᠠᠰᠤ ᠬᠡᠮᠬᠡᠯᠬᠦ ᠮᠠᠰᠢᠨ᠂ ᠹᠠᠺᠰ ᠮᠠᠰᠢᠨ᠂ ᠰᠢᠷᠪᠢᠭᠦᠷ᠂ ᠪᠠᠲᠤ ᠬᠤᠷᠭᠤ᠂ ᠪᠢᠴᠢᠭ ᠮᠠᠲ᠋ᠧᠷᠢᠶᠠᠯ ᠤᠨ ᠬᠤᠷᠭᠤ ᠵᠡᠷᠭᠡ | ᠠᠪᠴᠤ ᠶᠠᠪᠤᠬᠤ ᠳᠤ ᠳᠥᠭᠦᠮ ᠦᠭᠡᠢ ᠲᠥᠬᠦᠭᠡᠷᠦᠮᠵᠢ ᠪᠣᠯᠤᠨ᠎ᠠ᠃ ᠪᠠᠳᠠᠶ ᠶᠢᠨ ᠵᠢᠷᠠᠨ ᠪᠠᠯᠭᠠᠰᠤᠨ ᠳᠤ ᠬᠡᠷᠡᠭ | ᠰᠢᠢᠳᠪᠦᠷᠢᠯᠡᠬᠦ ᠳᠤ ᠶᠡᠷᠦ ᠳᠡᠭᠡᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠪᠠᠶᠢᠭᠤᠯᠭ᠎ᠠ ᠠᠴᠠ ᠨᠢᠭᠡᠳᠦᠯᠲᠡᠶ ᠳᠣᠭᠢᠷᠠᠭᠤᠯᠤᠨ ᠬᠡᠷᠡᠭᠯᠡᠨ᠎ᠡ︔ ᠪᠠᠳᠠᠶ ᠶᠢᠨ ᠵᠢᠷᠠᠨ ᠪᠠᠯᠭᠠᠰᠤᠨ ᠠᠴᠠ | ᠭᠠᠳᠠᠨ᠎ᠠ ᠬᠡᠷᠡᠭ ᠰᠢᠢᠳᠬᠡᠭᠴᠢ ᠲᠤᠬᠠᠶ ᠶᠢᠨ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯᠭ᠎ᠠ ᠶᠢᠨ ᠵᠦᠪᠯᠡᠯᠴᠡᠭᠡᠷ ᠲᠦᠷᠢᠶᠡᠰᠦᠯᠡᠨ ᠬᠡᠷᠡᠭᠯᠡᠬᠦ᠂ ᠵᠢᠭᠡᠯᠡᠨ ᠬᠡᠷᠡᠭᠯᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠰᠢᠢᠳᠪᠦᠷᠢᠯᠡᠵᠦ᠂ ᠴᠠᠭᠠᠰᠤ᠂ ᠪᠡᠭᠡ ᠵᠡᠷᠭᠡ ᠬᠤᠷᠣᠭᠳᠠᠯ ᠮᠠᠲ᠋ᠧᠷᠢᠶᠠᠯ ᠢ ᠪᠣᠳᠠᠲᠠᠶ ᠪᠣᠢ ᠪᠣᠯᠭᠠᠭᠰᠠᠨ | ᠵᠠᠷᠤᠳᠠᠯ ᠢᠶᠠᠷ ᠳ᠋ᠦᠩᠨᠡᠨ ᠪᠣᠳᠣᠨ᠎ᠠ᠃ | ᠲᠠᠪᠤ᠂ ᠪᠠᠶᠢᠴᠠᠭᠠᠨ ᠭᠡᠷᠡᠴᠢᠯᠡᠬᠦ ᠵᠠᠷᠤᠳᠠᠯ᠄ ᠬᠡᠷᠡᠭ ᠰᠢᠳᠬᠡᠭᠴᠢ ᠬᠤᠰᠢᠭᠤᠨ ᠤ ᠳᠣᠲᠣᠨ᠎ᠠ ᠭᠠᠳᠠᠨ᠎ᠠ | ᠪᠠᠶᠢᠴᠠᠭᠠᠯᠲᠠ ᠬᠢᠵᠦ᠂ ᠭᠡᠷᠡᠴᠢ ᠠᠪᠬᠤ ᠳᠤ ᠡᠭᠦᠰᠦᠭᠰᠡᠨ ᠮᠠᠲ᠋ᠧᠷᠢᠶᠠᠯ ᠤᠨ ᠵᠠᠷᠤᠳᠠᠯ᠂ ᠪᠣᠳᠠᠲᠤ ᠪᠠᠶᠢᠳᠠᠯ ᠢ | ᠦᠨᠳᠦᠰᠦᠯᠡᠨ ᠵᠠᠷᠤᠳᠠᠯ ᠢ ᠳ᠋ᠦᠩᠨᠡᠨ ᠪᠣᠳᠣᠬᠤ︔ ᠡᠷᠬᠡᠪᠰᠢ ᠭᠡᠷᠡᠴᠢᠯᠡᠭᠴᠢ ᠪᠠ ᠢᠯᠡᠴᠢᠯᠡᠨ ᠮᠡᠳᠡᠭᠦᠯᠦᠭᠴᠢ ᠳᠤ | ᠵᠣᠬᠢᠬᠤ ᠵᠠᠷᠤᠳᠠᠯ ᠬᠠᠩᠭᠠᠬᠤ ᠬᠡᠷᠡᠭᠲᠡᠶ ᠪᠠᠶᠢᠪᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠬᠢᠳᠡᠯ ᠢᠶᠠᠷ ᠯᠠᠪᠯᠠᠯᠲᠠ ᠪᠣᠯᠭᠠᠵᠤ᠂ ᠲᠣᠭᠠᠴᠠᠭ᠎ᠠ ᠬᠢᠬᠦ ᠬᠡᠷᠡᠭᠲᠡᠶ᠃ | ᠵᠢᠷᠭᠤᠭ᠎ᠠ᠂ ᠬᠢᠨᠠᠨ ᠬᠠᠮᠢᠶᠠᠷᠬᠤ ︽ᠬᠤᠴᠣᠷᠭᠠᠨ ᠠᠪᠬᠤ︾ ᠡᠲᠡᠭᠡᠳ ᠤᠨ ᠵᠠᠷᠤᠳᠠᠯ᠄ | 1.ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠢᠨᠠᠨ ᠬᠠᠮᠢᠶᠠᠷᠬᠤ ᠲᠠᠯᠠᠪᠤᠷ ᠤᠨ ᠠᠶᠤᠯᠭᠦᠶ ᠴᠢᠨᠠᠷ ᠪᠠ ᠨᠢᠭᠤᠴᠠ ᠶᠢ ᠬᠠᠮᠠᠭᠠᠯᠠᠬᠤ ᠴᠢᠨᠠᠷ ᠢ | ᠪᠠᠲᠤᠯᠠᠬᠤ ᠶᠢᠨ ᠲᠥᠯᠥᠭᠡ ᠲᠣᠬᠢᠷᠠᠭᠤᠯᠤᠭᠰᠠᠨ ᠲᠥᠬᠦᠭᠡᠷᠦᠮᠵᠢ᠂ ᠠᠯᠠᠱᠠ ᠪᠠᠷᠠᠭᠤᠨ ᠬᠤᠰᠢᠭᠤᠨ ᠤ ᠵᠠᠰᠠᠭ ᠤᠨ | ᠣᠷᠳᠣᠨ ᠤ ᠬᠤᠳᠠᠯᠳᠤᠨ ᠠᠪᠬᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠲᠦᠪᠯᠡᠷᠡᠭᠦᠯᠵᠦ ᠬᠤᠳᠠᠯᠳᠤᠨ | ᠠᠪᠤᠨ᠎ᠠ᠃ | 2.︽ᠬᠤᠴᠣᠷᠭᠠᠨ ᠠᠪᠬᠤ︾ ᠡᠲᠡᠭᠡᠳ ᠤᠨ ᠬᠢᠨᠠᠨ ᠬᠠᠮᠢᠶᠠᠷᠬᠤ ᠬᠤᠭᠤᠴᠠᠭᠠᠨ ᠳᠤ ᠭᠠᠷᠤᠭᠰᠠᠨ | ᠡᠮᠨᠡᠯᠭᠡ ᠳᠤ ᠰᠠᠭᠤᠬᠤ᠂ ᠡᠮ ᠡᠮᠨᠡᠯᠭᠡ ᠶᠢᠨ ᠵᠠᠷᠤᠳᠠᠯ ᠢ ᠲᠤᠰ ᠬᠥᠮᠦᠨ ᠡᠭᠦᠷᠭᠡᠯᠡᠨ᠎ᠡ︔ ᠤᠳᠠᠭᠠᠨ ᠴᠢᠨᠠᠷᠲᠠᠶ | ᠡᠪᠡᠳᠴᠢᠨ ᠡᠮᠭᠡᠭ ᠲᠤ ᠨᠡᠷᠪᠡᠭᠳᠡᠭᠰᠡᠨ ᠠᠴᠠ ᠪᠣᠯᠵᠤ ᠤᠷᠲᠤ ᠬᠤᠭᠤᠴᠠᠭ᠎ᠠ ᠪᠠᠷ ᠤᠤᠭᠤᠬᠤ ᠴᠢᠬᠤᠯᠠᠲᠠᠢ ᠮᠥᠷᠲᠡᠭᠡᠨ | ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠡᠮ ᠤᠨ ᠵᠥᠢᠯ ᠤᠨ ᠭᠠᠷᠴᠠᠭ ᠤᠨ ᠬᠡᠪᠴᠢᠶᠡᠨ ᠳᠤ | ᠬᠠᠷᠢᠶᠠᠯᠠᠭᠳᠠᠬᠤ ᠡᠮ ᠤᠨ ᠵᠥᠢᠯ ︽ᠬᠤᠴᠣᠷᠭᠠᠨ ᠠᠪᠬᠤ︾ ᠡᠲᠡᠭᠡᠳ ᠤᠨ ᠲᠥᠷᠥᠯ ᠰᠠᠳᠤᠨ ᠪᠤᠶᠤ ᠪᠤᠰᠤᠳ | ᠬᠠᠮᠢᠶ᠎ᠠ ᠪᠥᠬᠦᠶ ᠬᠥᠮᠦᠰ ᠬᠠᠮᠢᠶ᠎ᠠ ᠪᠥᠬᠦᠶ ᠪᠠᠷᠢᠮᠲᠠ ᠪᠠᠨ ᠠᠪᠴᠤ ᠬᠤᠯᠪᠣᠭᠳᠠᠯ ᠪᠥᠬᠦᠶ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠲᠤ ᠬᠦᠷᠴᠦ ᠲᠠᠩᠰᠠ ᠲᠠᠶᠢᠯᠬᠤ ᠬᠡᠷᠡᠭᠲᠡᠶ᠃ | 3.︽ᠬᠤᠴᠣᠷᠭᠠᠨ ᠠᠪᠬᠤ︾ ᠡᠲᠡᠭᠡᠳ ᠨᠢ ᠲᠦᠪᠯᠡᠷᠡᠭᠦᠯᠵᠦ ᠬᠡᠷᠡᠭ ᠰᠢᠢᠳᠪᠦᠷᠢᠯᠡᠬᠦ ᠭᠠᠵᠠᠷ ᠲᠤ | ᠡᠮᠴᠢᠯᠡᠭᠡᠨ ᠤ ᠲᠤᠰᠬᠠᠢ ᠮᠡᠷᠭᠡᠵᠢᠯᠲᠡᠨ ᠢᠶᠠᠷ ᠬᠠᠮᠲᠤᠷᠠᠨ ᠣᠨᠣᠰᠢᠯᠠᠭᠤᠯᠬᠤ ᠴᠢᠬᠤᠯᠠᠲᠠᠶ ᠪᠠᠶᠢᠪᠠᠯ᠂ ᠡᠪᠡᠳᠴᠢᠨ | ᠦᠵᠡᠭᠦᠯᠬᠦ ᠵᠠᠷᠤᠳᠠᠯ ᠢ ᠡᠮᠴᠢ ᠨᠢᠭᠡᠪᠦᠷᠢ ᠳᠤ ᠡᠳᠦᠷ ᠪᠦᠷᠢ 100 ᠲᠥᠭᠦᠷᠢᠭ ᠦᠭᠭᠦᠨ᠎ᠡ᠃ ᠦᠯᠡᠳᠡᠭᠡᠵᠦ ᠲᠠᠯᠪᠢᠬᠤ | ᠬᠤᠭᠤᠴᠠᠭᠠᠨ ᠳᠤ᠂ ᠵᠢᠵᠢᠭᠦᠷᠯᠡᠬᠦ ᠡᠮᠴᠢ ᠨᠢᠭᠡᠪᠦᠷᠢ ᠳᠤ ᠡᠳᠦᠷ ᠪᠦᠷᠢ 50 ᠲᠥᠭᠦᠷᠢᠭ ᠥᠭᠭᠦᠨ᠎ᠡ᠃ | 4.ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠪᠰᠡᠭᠲᠦ ᠴᠠᠭᠳᠠᠭ᠎ᠠ ︵ | ᠳᠣᠲᠣᠭᠠᠳᠤ ᠶᠢ ᠬᠠᠮᠠᠭᠠᠯᠠᠬᠤ︶ ᠶᠢᠨ ᠡᠩ ᠤᠨ ᠬᠤᠪᠴᠠᠰᠤ ᠬᠤᠳᠠᠯᠳᠤᠨ ᠠᠪᠬᠤ ᠵᠠᠷᠤᠳᠠᠯ ᠢ ᠬᠥᠮᠦᠨ ᠪᠦᠷᠢ ᠳᠤ | ᠵᠢᠯ ᠪᠦᠷᠢ 1000 ᠲᠥᠭᠦᠷᠢᠭ ᠤᠨ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | ᠲᠤᠯᠤᠭ᠎ᠠ᠂ ᠭᠡᠷ ᠲᠦᠷᠢᠶᠡᠰᠦᠯᠡᠬᠦ ᠵᠠᠷᠤᠳᠠᠯ᠂ ᠬᠤᠭᠤᠯᠠᠨ ᠤ ᠨᠥᠬᠦᠪᠥᠷᠢ ᠵᠠᠷᠤᠳᠠᠯ ᠪᠠ ᠠᠯᠪᠠᠨ | ᠠᠷᠰᠠᠷ ᠵᠠᠷᠤᠳᠠᠯ᠄ | 1.ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠭᠡᠷ ᠲᠦᠷᠢᠶᠡᠰᠦᠯᠡᠬᠦ ᠰᠦᠢᠳᠬᠡᠯ ᠢ ᠲᠤᠬᠠᠶ ᠶᠢᠨ | ᠭᠠᠵᠠᠷ ᠤᠨ ᠭᠡᠷ ᠲᠦᠷᠢᠶᠡᠰᠦᠯᠡᠬᠦ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | | 2. ᠪᠢᠲᠡᠭᠦᠮᠵᠢᠯᠡᠭᠰᠡᠨ ᠬᠠᠮᠢᠶᠠᠷᠤᠯᠲᠠ᠂ ᠬᠤᠭᠤᠯᠠ ᠬᠤᠨᠤᠭ ᠤᠨ ᠬᠠᠮᠢᠶᠠᠷᠤᠯᠲᠠ᠂ ᠬᠤᠭᠤᠯᠠ | ᠬᠤᠨᠤᠭ ᠤᠨ ᠪᠠᠷᠢᠮᠵᠢᠶ᠎ᠠ ᠨᠢ ᠴᠥᠮ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠬᠡᠷᠡᠭ ᠰᠢᠢᠳᠪᠦᠷᠢᠯᠡᠬᠦ ᠭᠠᠵᠠᠷ ᠲᠤ ᠪᠠᠶᠢᠭ᠎ᠠ ᠬᠡᠷᠡᠭ ᠰᠢᠳᠬᠡᠭᠴᠢ᠂ ᠬᠠᠷᠠᠵᠤ ᠰᠤᠪᠢᠯᠠᠬᠤ ᠠᠵᠢᠯᠲᠠᠨ ᠤ | ᠬᠤᠭᠤᠯᠠᠨ ᠤ ᠪᠠᠷᠢᠮᠵᠢᠶ᠎ᠠ ᠨᠢ ᠬᠥᠮᠦᠨ ᠪᠦᠷᠢ ᠡᠳᠦᠷ ᠲᠤ 100 ᠲᠥᠭᠦᠷᠢᠭ ᠪᠣᠯᠤᠨ᠎ᠠ᠃ ᠬᠠᠷᠠᠵᠤ ᠰᠤᠪᠢᠯᠠᠬᠤ | ᠬᠥᠮᠦᠰ ᠤᠨ ᠰᠥᠨᠢ ᠶᠢᠨ ᠬᠤᠭᠤᠯᠠᠨ ᠤ ᠵᠠᠷᠤᠳᠠᠯ ᠨᠢ 100 ᠲᠥᠭᠦᠷᠢᠭ ᠤᠨ ᠪᠠᠷᠢᠮᠵᠢᠶ᠎ᠠ ᠶᠢᠨ ᠳᠣᠲᠣᠷ᠎ᠠ ᠪᠠᠭᠲᠠᠨ᠎ᠠ᠃ | | 3.ᠣᠨᠳᠣᠣ ᠭᠠᠵᠠᠷ ᠲᠤ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠢ ᠪᠢᠲᠡᠭᠦᠮᠵᠢᠯᠡᠭᠰᠡᠨ ᠬᠡᠷᠡᠭ | ᠰᠢᠳᠬᠡᠭᠴᠢ᠂ ᠬᠡᠷᠡᠭ ᠰᠢᠳᠬᠡᠬᠦ ᠠᠴᠠ ᠪᠣᠯᠣᠭᠠᠳ ᠠᠯᠠᠱᠠ ᠪᠠᠷᠠᠭᠤᠨ ᠬᠤᠰᠢᠭᠤ ᠠᠴᠠ ᠪᠤᠰᠤᠳ ᠮᠥᠷᠲᠡᠭᠡᠨ | ᠪᠢᠲᠡᠭᠦᠮᠵᠢᠯᠡᠭᠰᠡᠨ ᠲᠠᠯᠠᠪᠤᠷ ᠲᠤ ᠪᠠᠶᠢᠭ᠎ᠠ ᠬᠡᠷᠡᠭ ᠰᠢᠳᠬᠡᠭᠴᠢ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠬᠡᠷ ᠤᠨ ︽ᠠᠯᠠᠱᠠ ᠪᠠᠷᠠᠭᠤᠨ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠠᠵᠢᠯ ᠦᠢᠯᠡᠰ ᠤᠨ | ᠨᠢᠭᠡᠴᠡ ᠶᠢᠨ ᠵᠠᠮ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠴᠤᠬᠤᠯᠠᠪᠤᠷᠢᠯᠠᠨ ᠤᠯᠠᠮᠵᠢᠯᠠᠬᠤ ᠲᠤᠬᠠᠶ | ᠮᠡᠳᠡᠭᠳᠡᠯ︾ ︵ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ | ᠲᠠᠷᠬᠠᠭᠠᠭᠰᠠᠨ︹2019 ︺59 ᠳ᠋ᠤᠭᠡᠷ ᠲᠣᠭᠠᠲᠤ︶ ᠤᠨ ᠲᠣᠭᠲᠠᠭᠠᠭᠰᠠᠨ ᠭᠠᠵᠠᠷ ᠣᠷᠣᠨ ᠤ ᠵᠠᠮ ᠤᠨ | ᠵᠠᠷᠤᠳᠠᠯ ᠤᠨ ᠪᠠᠷᠢᠮᠵᠢᠶ᠎ᠠ ᠶᠣᠰᠣᠭᠠᠷ ᠬᠤᠭᠤᠯᠠᠨ ᠤ ᠵᠠᠷᠤᠳᠠᠯ ᠢ ᠨᠦᠬᠦᠪᠦᠷᠢᠯᠡᠨ᠎ᠡ᠃ | 4. ᠬᠡᠷᠡᠭ ᠰᠢᠢᠳᠪᠦᠷᠢᠯᠡᠬᠦ ᠠᠵᠢᠯᠲᠠᠨ ᠬᠡᠷᠡᠭ ᠰᠢᠢᠳᠪᠦᠷᠢᠯᠡᠬᠦ ᠬᠤᠭᠤᠴᠠᠭᠠᠨ ᠳᠤ ᠴᠠᠭ ᠨᠡᠮᠡᠵᠦ | ᠠᠵᠢᠯᠯᠠᠭᠰᠠᠨ ᠮᠥᠩᠭᠦ ᠶᠢ ᠬᠥᠮᠦᠨ ᠪᠦᠷᠢ ᠠᠴᠠ ᠡᠳᠦᠷ ᠪᠦᠷᠢ 10 ᠲᠥᠭᠦᠷᠢᠭ ᠤᠨ ᠪᠠᠷᠢᠮᠵᠢᠶ᠎ᠠ ᠪᠠᠷ ᠠᠪᠤᠨ᠎ᠠ᠃ | 5.ᠬᠡᠷᠡᠭ ᠰᠢᠢᠳᠪᠦᠷᠢᠯᠡᠬᠦ ᠠᠵᠢᠯᠲᠠᠨ ᠤ ᠬᠡᠷᠡᠭ ᠰᠢᠢᠳᠪᠦᠷᠢᠯᠡᠬᠦ ᠬᠤᠭᠤᠴᠠᠭᠠᠨ ᠳᠤ ᠵᠢᠵᠢᠭᠦᠷᠯᠡᠭᠰᠡᠨ | ᠰᠥᠨᠢ ᠶᠢᠨ ᠬᠤᠭᠤᠯᠠᠨ ᠤ ᠨᠥᠬᠦᠪᠥᠷᠢ ᠵᠠᠷᠤᠳᠠᠯ ᠢ ︽ᠲᠥᠪᠯᠡᠷᠡᠭᠦᠯᠦᠨ ᠬᠡᠷᠡᠭ ᠰᠢᠢᠳᠪᠦᠷᠢᠯᠡᠬᠦ ᠴᠠᠭ ᠤᠨ | ᠵᠢᠵᠢᠭᠦᠷ ᠤᠨ ᠬᠦᠰᠦᠨᠦᠭᠲᠦ︾ ᠪᠠᠷ ᠬᠥᠮᠦᠨ ᠨᠢᠭᠡᠪᠦᠷᠢ ᠠᠴᠠ ᠡᠳᠦᠷ ᠪᠦᠷᠢ 10 ᠲᠥᠭᠦᠷᠢᠭ ᠤᠨ ᠪᠠᠷᠢᠮᠵᠢᠶ᠎ᠠ ᠪᠠᠷ | ᠠᠪᠬᠤ ᠬᠡᠷᠡᠭᠲᠡᠶ᠃ | 6.ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠡᠷᠡᠭ ᠰᠢᠢᠳᠪᠦᠷᠢᠯᠡᠬᠦ | ᠠᠵᠢᠯᠲᠠᠨ ᠤ ᠬᠡᠷᠡᠭ ᠰᠢᠢᠳᠪᠦᠷᠢᠯᠡᠬᠦ ᠬᠤᠭᠤᠴᠠᠭᠠᠨ ᠳᠠᠬᠢ ᠠᠯᠪᠠᠨ ᠤ ᠰᠤᠯᠠ ᠵᠠᠷᠤᠳᠠᠯ ᠢ ᠬᠥᠮᠦᠨ ᠪᠦᠷᠢ ᠠᠴᠠ | ᠡᠳᠦᠷ ᠪᠦᠷᠢ 15 ᠲᠥᠭᠦᠷᠢᠭ ᠤᠨ ᠪᠠᠷᠢᠮᠵᠢᠶ᠎ᠠ ᠪᠠᠷ ᠠᠪᠴᠤ ᠪᠣᠯᠤᠨ᠎ᠠ᠃ | ᠨᠠᠢᠮᠠ᠂ ᠬᠤᠷᠠᠯ ᠤᠨ ᠭᠡᠷ ᠲᠦᠷᠢᠶᠡᠰᠦᠯᠡᠬᠦ ᠵᠠᠷᠤᠳᠠᠯ᠄ ᠲᠤᠰᠬᠠᠶ ᠬᠡᠷᠡᠭ ᠤᠨ ᠳᠤᠭᠤᠶᠢᠯᠠᠩ ᠨᠢ | ᠬᠤᠷᠢᠶᠠᠨ ᠤ ᠪᠠᠶᠢᠭᠤᠯᠭ᠎ᠠ ᠶᠢᠨ ᠬᠤᠷᠠᠯ ᠤᠨ ᠭᠠᠵᠠᠷ ᠢᠶᠠᠷ ᠭᠤᠤᠯ ᠪᠣᠯᠭᠠᠬᠤ ᠬᠡᠷᠡᠭᠲᠡᠶ︔ ᠦᠨᠡᠨᠬᠦ ᠲᠦᠷᠢᠶᠡᠰᠦᠯᠡᠬᠦ | ᠴᠢᠬᠤᠯᠠ ᠲᠠᠢ ᠪᠣᠯ ᠵᠠᠷᠤᠳᠠᠯ ᠢ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠶᠢᠰᠦ᠂ ᠪᠤᠰᠤᠳ ᠵᠠᠷᠤᠳᠠᠯ᠄ ᠬᠡᠷᠡᠭ ᠰᠢᠢᠳᠪᠦᠷᠢᠯᠡᠬᠦ ᠬᠡᠷᠡᠭᠴᠡᠭᠡ ᠠᠴᠠ ᠪᠤᠯᠵᠦ ᠳᠡᠭᠡᠷ᠎ᠡ ᠳᠤᠷᠠᠳᠤᠭᠰᠠᠨ | ᠵᠠᠷᠤᠯᠭ᠎ᠠ ᠶᠢᠨ ᠬᠡᠪᠴᠢᠶᠡᠨ ᠠᠴᠠ ᠭᠠᠳᠠᠨᠠᠬᠢ ᠪᠤᠰᠤᠳ ᠤᠷᠢᠳᠴᠢᠯᠠᠨ ᠮᠡᠳᠡᠬᠦᠶ᠎ᠡ ᠪᠡᠷᠬᠡ ᠵᠠᠷᠤᠯᠭ᠎ᠠ᠃ ᠠᠷᠪᠢᠲᠠᠶ᠂ | ᠬᠡᠷᠡᠭᠯᠡᠬᠦ ᠳᠤ ᠲᠣᠬᠢᠷᠠᠮᠵᠢᠲᠠᠶ᠂ ᠠᠷᠪᠢᠯᠠᠨ ᠭᠠᠮᠨᠠᠬᠤ ᠵᠠᠷᠴᠢᠮ ᠶᠣᠰᠣᠭᠠᠷ᠂ ᠬᠤᠰᠢᠭᠤᠨ ᠤ ᠲᠣᠰ ᠱᠠᠲᠤᠨ ᠤ | ᠬᠤᠯᠪᠣᠭᠳᠠᠯ ᠪᠦᠬᠦᠢ ᠲᠣᠭᠲᠠᠭᠠᠯ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠵᠠᠷᠤᠯᠭ᠎ᠠ | ᠣᠯᠭᠤᠨ᠎ᠠ᠃ | ᠵᠢᠷᠭᠤᠳᠤᠭᠠᠷ ᠵᠦᠢᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠵᠠᠷᠴᠢᠮ ᠳᠡᠭᠡᠷ᠎ᠡ ᠪᠠᠨ ᠲᠥᠪᠯᠡᠷᠡᠭᠦᠯᠦᠨ ᠬᠡᠷᠡᠭ | ᠰᠢᠢᠳᠪᠦᠷᠢᠯᠡᠬᠦ ᠭᠠᠵᠠᠷ ᠲᠤ ᠨᠢᠭᠡᠳᠦᠯᠲᠡᠶ ᠲᠣᠬᠢᠷᠠᠭᠤᠯᠤᠨ᠎ᠠ᠃ ᠠᠵᠢᠯ ᠤᠨ ᠬᠡᠷᠡᠭᠴᠡᠭᠡ ᠠᠴᠠ ᠪᠣᠯᠵᠤ ᠲᠦᠷ ᠴᠠᠭ | ᠬᠡᠷᠡᠭ ᠰᠢᠢᠳᠪᠦᠷᠢᠯᠡᠬᠦ ᠭᠠᠵᠠᠷ ᠭᠠᠷᠭᠠᠭᠰᠠᠨ ᠪᠠᠶᠢᠪᠠᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠢᠨᠠᠨ ᠪᠠᠶᠢᠴᠠᠭᠠᠬᠤ ᠵᠥᠪᠯᠡᠯ ᠢᠶᠠᠷ ᠰᠤᠳᠤᠯᠤᠨ ᠵᠥᠪᠰᠢᠶᠡᠷᠡᠭᠦᠯᠵᠦ᠂ ᠵᠠᠷᠤᠳᠠᠯ ᠤᠨ ᠪᠠᠷᠢᠮᠵᠢᠶ᠎ᠠ ᠶᠢ ᠲᠠᠪᠤᠳᠤᠭᠠᠷ | ᠵᠤᠷᠪᠤᠰ ᠶᠣᠰᠣᠭᠠᠷ ᠬᠡᠷᠡᠭᠵᠢᠭᠦᠯᠦᠨ᠎ᠡ᠃ ᠬᠢᠨᠠᠨ ᠪᠠᠶᠢᠴᠠᠭᠠᠯᠲᠠ ᠬᠢᠬᠦ ᠠᠵᠢᠯ ᠳᠠᠭᠤᠰᠤᠭᠰᠠᠨ ᠤ ᠳᠠᠷᠠᠭ᠎ᠠ᠂ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢᠨ ᠵᠠᠯᠭᠠᠮᠵᠢ ᠠᠵᠢᠯ ᠢ ᠴᠥᠮ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ | ᠤ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠳᠤ ᠬᠢᠨ᠎ᠠ᠃ | ᠳᠣᠯᠣᠳᠤᠭᠠᠷ ᠵᠦᠢᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠠᠯᠪᠠᠨ ᠭᠡᠷ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠡᠷᠡᠭ ᠰᠢᠢᠳᠪᠦᠷᠢᠯᠡᠬᠦ ᠲᠥᠬᠦᠭᠡᠷᠦᠮᠵᠢ ᠶᠢ ᠨᠢᠭᠡᠳᠦᠯᠲᠡᠢ ᠬᠤᠳᠠᠯᠳᠤᠨ ᠠᠪᠤᠨ᠎ᠠ᠃ ᠲᠤᠰᠬᠠᠶ ᠬᠡᠷᠡᠭ ᠤᠨ | ᠳᠤᠭᠤᠶᠢᠯᠠᠩ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠥᠪᠡᠷᠲᠡᠭᠡᠨ ᠬᠡᠷᠡᠭ ᠰᠢᠢᠳᠪᠦᠷᠢᠯᠡᠬᠦ ᠲᠦᠬᠦᠭᠡᠷᠦᠮᠵᠢ ᠶᠢ | ᠬᠤᠳᠠᠯᠳᠤᠨ ᠠᠪᠴᠤ ᠪᠣᠯᠬᠤ ᠦᠭᠡᠢ᠃ ᠠᠯᠪᠠᠨ ᠭᠡᠷ ᠨᠢ ᠵᠠᠰᠠᠭ ᠵᠠᠬᠢᠷᠭᠠᠨ ᠤ ᠨᠢᠭᠡᠴᠡ ᠶᠢᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠠᠶᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠬᠡᠷᠡᠭ ᠰᠢᠢᠳᠪᠦᠷᠢᠯᠡᠬᠦ | ᠲᠥᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠦ᠂ ᠲᠤᠰᠠᠭᠠᠷ ᠳᠠᠩᠰᠠᠯᠠᠨ ᠲᠡᠮᠳᠡᠭᠯᠡᠵᠦ᠂ ᠬᠤᠬᠢᠷᠠᠬᠤ ᠪᠤᠶᠤ | ᠭᠡᠭᠡᠭᠳᠡᠬᠦ ᠶᠢ ᠰᠡᠷᠭᠡᠶᠢᠯᠡᠨ᠎ᠡ︔ ᠬᠡᠷᠡᠭ ᠰᠢᠢᠳᠪᠦᠷᠢᠯᠡᠬᠦ ᠲᠥᠬᠦᠭᠡᠷᠦᠮᠵᠢ ᠶᠢ ᠵᠢᠭᠡᠯᠡᠵᠦ ᠬᠡᠷᠡᠭᠯᠡᠬᠦ᠂ ᠪᠤᠴᠠᠭᠠᠬᠤ | ᠳᠠᠩᠰᠠᠯᠠᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠬᠡᠷᠡᠭ ᠤᠨ ᠳᠤᠭᠤᠶᠢᠯᠠᠩ ᠨᠢ ᠬᠡᠷᠡᠭ | ᠰᠢᠢᠳᠪᠦᠷᠢᠯᠡᠬᠦ ᠲᠥᠬᠦᠭᠡᠷᠦᠮᠵᠢ ᠶᠢ ᠲᠤᠰᠬᠠᠶ ᠬᠥᠮᠦᠨ ᠢᠶᠠᠷ ᠬᠠᠮᠢᠶᠠᠷᠤᠭᠤᠯᠵᠦ᠂ ᠵᠦᠶ ᠵᠣᠬᠢᠰᠲᠠᠶ ᠲᠣᠬᠢᠷᠠᠭᠤᠯᠵᠤ᠂ | ᠬᠡᠷᠡᠭᠴᠡᠭᠡ ᠪᠠᠨ ᠦᠨᠳᠦᠰᠦᠯᠡᠨ ᠵᠢᠭᠡᠯᠡᠨ ᠬᠡᠷᠡᠭᠯᠡᠵᠦ᠂ ᠬᠡᠷᠡᠭ ᠢ ᠳᠠᠭᠤᠰᠬᠠᠭᠰᠠᠨ ᠤ ᠳᠠᠷᠠᠭ᠎ᠠ ᠴᠠᠭ ᠲᠤᠬᠠᠶ ᠳᠤ ᠨᠢ | ᠪᠤᠴᠠᠭᠠᠨ᠎ᠠ᠃ | ᠨᠠᠢᠮᠠᠳᠤᠭᠠᠷ ᠵᠦᠢᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠠᠯᠪᠠᠨ ᠭᠡᠷ ᠦᠨᠡᠨ ᠠᠴᠠ ᠵᠥᠪ ᠢ ᠡᠷᠢᠬᠦ᠂ ᠠᠵᠢᠯᠴᠢ ᠠᠷᠪᠢᠴᠢ ᠪᠠᠷ ᠬᠡᠷᠡᠭ ᠰᠢᠢᠳᠪᠦᠷᠢᠯᠡᠬᠦ ᠵᠠᠷᠴᠢᠮ ᠢ | ᠪᠠᠷᠢᠮᠲᠠᠯᠠᠵᠦ᠂ ᠬᠢᠨᠠᠨ ᠪᠠᠶᠢᠴᠠᠭᠠᠬᠤ ᠲᠤᠰᠬᠠᠶ ᠵᠠᠷᠤᠳᠠᠯ ᠤᠨ ᠬᠡᠪᠴᠢᠶ᠎ᠡ᠂ ᠪᠠᠷᠢᠮᠵᠢᠶ᠎ᠠ ᠶᠣᠰᠣᠭᠠᠷ ᠵᠠᠷᠤᠳᠠᠯ ᠤᠨ | ᠲᠥᠰᠦᠪ ᠢ ᠴᠠᠭ ᠲᠤᠬᠠᠶ ᠳᠤᠨᠢ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠢᠨᠠᠨ | ᠬᠠᠷᠭᠤᠭᠤᠯᠤᠭᠰᠠᠨ ᠤ ᠳᠠᠷᠠᠭ᠎ᠠ ᠲᠥᠰᠦᠪ ᠳᠡᠭᠡᠨ ᠵᠢᠭᠰᠠᠭᠠᠨ ᠣᠷᠣᠭᠤᠯᠬᠤ ᠬᠡᠷᠡᠭᠲᠡᠶ᠃ | ᠶᠢᠰᠦᠳᠦᠭᠡᠷ ᠵᠦᠢᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠬᠤ | ᠵᠥᠪᠯᠡᠯ ᠤᠨ ᠠᠯᠪᠠᠨ ᠭᠡᠷ ᠤᠨ ᠬᠢᠨᠠᠨ ᠪᠠᠶᠢᠴᠠᠭᠠᠬᠤ ᠠᠵᠢᠯ ᠤᠨ ᠲᠤᠰᠬᠠᠢ ᠵᠠᠷᠤᠳᠠᠯ ᠢ ᠲᠤᠰᠠᠭᠠᠷ ᠨᠢ ᠲᠣᠭᠠᠴᠠᠭ᠎ᠠ | ᠬᠢᠵᠦ᠂ ᠲᠣᠭᠲᠠᠭᠠᠯ ᠶᠣᠰᠣᠭᠠᠷ ᠲᠥᠰᠦᠪ ᠤᠨ ᠭᠦᠢᠴᠡᠳᠬᠡᠯ ᠢᠶᠠᠨ ᠨᠠᠶᠢᠷᠠᠭᠤᠯᠤᠨ ᠮᠡᠳᠡᠭᠦᠯᠬᠦ ᠶᠢᠨ ᠬᠠᠮᠲᠤ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠬᠢᠨᠠᠨ ᠪᠠᠶᠢᠴᠠᠭᠠᠯᠲᠠ ᠬᠢᠬᠦ ᠠᠵᠢᠯ ᠤᠨ ᠲᠤᠰᠬᠠᠢ ᠵᠠᠷᠤᠳᠠᠯ ᠢ | ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠠᠨ ᠮᠡᠳᠡᠭᠦᠯᠦᠨ᠎ᠡ᠃ | ᠠᠷᠪᠠᠳᠤᠭᠠᠷ ᠵᠥᠢᠯ᠂ ᠲᠤᠰᠬᠠᠶ ᠬᠡᠷᠡᠭ ᠤᠨ ᠳᠤᠭᠤᠶᠢᠯᠠᠩ ᠲᠤᠰᠬᠠᠶ ᠬᠥᠮᠦᠨ ᠢ ᠲᠣᠭᠲᠠᠭᠠᠨ ᠲᠤᠰᠬᠠᠶ | ᠬᠡᠷᠡᠭ ᠤᠨ ᠵᠠᠷᠤᠯᠭ᠎ᠠ ᠶᠢᠨ ᠡᠳ᠋ ᠤᠨ ᠶᠠᠪᠤᠳᠠᠯ ᠤᠨ ᠳᠠᠩᠰᠠ ᠲᠠᠶᠢᠯᠬᠤ ᠵᠡᠷᠭᠡ ᠭᠠᠷᠳᠠᠮ ᠢ ᠬᠠᠷᠢᠭᠤᠴᠠᠭᠤᠯᠵᠤ᠂ | ᠵᠠᠷᠤᠳᠠᠯ ᠤᠨ ᠦᠨᠡᠨ ᠪᠣᠳᠠᠲᠤ ᠴᠢᠨᠠᠷ᠂ ᠪᠦᠲᠦᠮᠵᠢᠲᠦ ᠴᠢᠨᠠᠷ᠂ ᠬᠠᠤᠯᠢ ᠲᠣᠭᠲᠠᠭᠠᠯ ᠳᠤ ᠨᠡᠶᠢᠴᠡᠭᠰᠡᠨ ᠴᠢᠨᠠᠷ ᠲᠤ | ᠬᠠᠷᠢᠭᠤᠴᠠᠵᠤ᠂ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠢ︔ ᠲᠤᠰᠬᠠᠶ ᠬᠡᠷᠡᠭ ᠤᠨ | ᠳᠤᠭᠤᠶᠢᠯᠠᠩ ᠤᠨ ᠳᠠᠷᠤᠭ᠎ᠠ ᠵᠠᠷᠤᠳᠠᠯ ᠤᠨ ᠲᠠᠩᠰᠠ ᠲᠠᠶᠢᠯᠬᠤ ᠭᠠᠷ ᠬᠦᠢᠴᠡᠳᠬᠡᠯ ᠤᠨ ᠠᠩᠬ᠎ᠠ ᠬᠢᠨᠠᠬᠤ ᠠᠵᠢᠯ ᠢ | ᠬᠠᠷᠢᠭᠤᠴᠠᠬᠤ ᠶᠢᠨ ᠬᠠᠮᠲᠤ ᠭᠠᠷ ᠤᠨ ᠦᠰᠦᠭ ᠵᠢᠷᠤᠬᠤ ᠲᠦᠷᠢᠮ ᠢ ᠴᠢᠩᠭ᠎ᠠ ᠬᠦᠢᠴᠡᠳᠬᠡᠨ᠎ᠡ︔ ᠲᠤᠰᠬᠠᠶ | ᠬᠡᠷᠡᠭ ᠤᠨ ᠳᠤᠭᠤᠶᠢᠯᠠᠩ ᠤᠨ ︽ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠰᠢᠭᠦᠨ ᠰᠢᠢᠳᠪᠦᠷᠢᠯᠡᠭᠦᠯᠬᠦ ᠪᠠᠷ | ᠰᠢᠯᠵᠢᠭᠦᠯᠦᠨ ᠲᠤᠰᠢᠶᠠᠭᠰᠠᠨ ᠤ ᠳᠠᠷᠠᠭᠠᠬᠢ ᠵᠠᠯᠭᠠᠮᠵᠢ ᠠᠵᠢᠯ ᠢ ᠴᠥᠮ ᠪᠠᠶᠢᠭᠤᠯᠭ᠎ᠠ ᠳᠤ ᠪᠤᠴᠠᠭᠠᠵᠤ ᠬᠢᠯᠭᠡᠨ᠎ᠡ᠃ | ᠠᠷᠪᠠᠨ ᠨᠢᠭᠡᠳᠦᠭᠡᠷ ᠵᠦᠢᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠬᠢᠨᠠᠨ ᠪᠠᠶᠢᠴᠠᠭᠠᠬᠤ ᠠᠵᠢᠯ ᠤᠨ ᠲᠤᠰᠬᠠᠢ ᠲᠥᠷᠥᠯ ᠤᠨ ᠵᠠᠷᠤᠳᠠᠯ ᠢ | ᠳᠣᠲᠣᠭᠠᠳᠤ ᠳᠠᠭᠠᠨ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠰᠬᠠᠶ ᠬᠡᠷᠡᠭ ᠤᠨ | ᠵᠠᠷᠤᠳᠠᠯ ᠤᠨ ᠲᠥᠷᠥᠯ ᠵᠥᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠲᠤᠰᠬᠠᠶ ᠬᠡᠷᠡᠭ ᠤᠨ ᠲᠥᠷᠥᠯ ᠵᠥᠢᠯ | ᠤᠨ ᠵᠠᠷᠤᠳᠠᠯ ᠢ ᠬᠢᠨᠠᠨ ᠬᠠᠷᠭᠤᠭᠤᠯᠬᠤ᠂ ᠵᠠᠳᠠᠯᠬᠤ᠂ ᠲᠤᠲᠤᠭᠠᠲᠤ ᠳᠠᠭᠠᠨ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠶ | ᠃ | ᠠᠷᠪᠠᠨ ᠬᠤᠶᠠᠳᠤᠭᠠᠷ ᠵᠦᠢᠯ᠂ ᠬᠢᠨᠠᠨ ᠪᠠᠶᠢᠴᠠᠭᠠᠯᠲᠠ ᠬᠢᠬᠦ ᠠᠵᠢᠯ ᠤᠨ ᠲᠤᠰᠬᠠᠶ ᠵᠠᠷᠤᠳᠠᠯ ᠤᠨ | ᠬᠠᠮᠢᠶᠠᠷᠤᠯᠲᠠ ᠪᠠ ᠬᠡᠷᠡᠭᠯᠡᠯᠲᠡ ᠳᠤᠮᠳᠠ᠂ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠤᠨ ᠬᠤᠯᠪᠤᠭᠳᠠᠯ ᠪᠦᠬᠦᠢ ᠲᠣᠭᠲᠠᠭᠠᠯ ᠶᠣᠰᠣᠭᠠᠷ | ᠰᠢᠢᠳᠪᠦᠷᠢᠯᠡᠵᠦ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃ | ᠠᠷᠪᠠᠨ ᠭᠤᠷᠪᠠᠳᠤᠭᠠᠷ ᠵᠥᠢᠯ᠂ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠢ ᠪᠢᠲᠡᠭᠦᠮᠵᠢᠯᠡᠵᠦ ᠬᠢᠨᠠᠨ | ᠪᠠᠶᠢᠴᠠᠭᠠᠯᠲᠠ ᠬᠢᠵᠦ ᠪᠠᠶᠢᠭ᠎ᠠ ᠰᠢᠭᠦᠭᠴᠢᠳ ᠪᠣᠯᠤᠨ ᠵᠢᠵᠢᠭᠦᠷᠯᠡᠭᠴᠢ ᠶᠢᠨ ᠬᠠᠮᠢᠶ᠎ᠠ ᠪᠦᠬᠦᠢ ᠵᠠᠷᠤᠳᠠᠯ ᠤᠨ | ᠪᠠᠷᠢᠮᠵᠢᠶ᠎ᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠷᠪᠠᠨ ᠳᠥᠷᠪᠡᠳᠦᠭᠡᠷ ᠵᠥᠢᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ ᠤᠨ ᠲᠣᠮᠢᠯᠠᠭᠰᠠᠨ ︵ᠭᠠᠷᠭᠠᠭᠰᠠᠨ︶ ᠪᠠᠶᠢᠭᠤᠯᠤᠮᠵᠢ ᠶᠢᠨ ᠬᠡᠷᠡᠭ ᠰᠢᠢᠳᠪᠦᠷᠢᠯᠡᠬᠦ ᠬᠠᠮᠢᠶ᠎ᠠ | ᠪᠥᠬᠦᠶ ᠵᠠᠷᠤᠳᠠᠯ ᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ᠂ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠬᠡᠷᠪᠡ ᠠᠰᠠᠭᠤᠳᠠᠯ ᠲᠣᠬᠢᠶᠠᠯᠳᠤᠪᠠᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠭᠡᠷ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠵᠥᠪᠳᠡᠯᠴᠡᠵᠦ | ᠲᠠᠶᠢᠯᠪᠤᠷᠢᠯᠠᠨ᠎ᠠ᠃ |