ᠪᠠᠳᠠᠶ ᠶᠢᠨ ᠵᠢᠷᠠᠨ ᠪᠠᠯᠭᠠᠰᠤᠨ ᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠤ ᠨᠡᠶᠢᠬᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠥᠢᠯ ᠤᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2020/8/13
         ᠤᠶᠢᠷ᠎ᠠ ᠳᠤ᠂ ᠠᠯᠠᠱᠠ ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠪᠠᠯᠭᠠᠰᠤᠨ ᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠥᠢᠯ ᠤᠨ ᠠᠵᠢᠯ ᠵᠢᠩᠬᠢᠨᠢ ᠪᠠᠷ ᠡᠬᠢᠯᠡᠪᠡ᠃
         ᠰᠤᠷᠪᠤᠯᠵᠢᠯᠠᠭᠴᠢ ᠪᠠᠳᠠᠶ ᠶᠢᠨ ᠵᠢᠷᠠᠨ ᠪᠠᠯᠭᠠᠰᠤᠨ ᠤ ᠠᠮᠤᠷ ᠰᠠᠭᠤᠭᠠᠯᠢ ᠲᠣᠭᠤᠷᠢᠭ ᠤᠨ ᠵᠡᠭᠦᠨ ᠲᠠᠯ᠎ᠠ ᠳᠤ ᠠᠵᠢᠯᠲᠠᠳ ᠤᠨ ᠪᠠᠷᠢᠯᠭ᠎ᠠ ᠪᠠᠷᠢᠵᠤ ᠪᠠᠶᠢᠬᠤ ᠶᠢ ᠣᠯᠵᠤ ᠬᠠᠷᠠᠪᠠ᠃ ᠡᠨᠡ ᠪᠣᠯ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠦᠷᠦᠯ ᠵᠦᠢᠯ ᠪᠣᠯᠤᠨ᠎ᠠ᠃
         ᠣᠶᠢᠯᠠᠭᠠᠭᠰᠠᠨ ᠢᠶᠠᠷ᠂ ᠲᠣᠰ ᠲᠥᠷᠥᠯ ᠵᠥᠢᠯ ᠤᠨ ᠶᠡᠷᠦᠩᠬᠡᠶ ᠪᠠᠯᠠ ᠣᠷᠣᠭᠤᠯᠤᠯᠲᠠ 968 ᠲᠦᠮᠡᠨ ᠲᠥᠭᠦᠷᠢᠭ ᠪᠠᠶᠢᠵᠤ᠂ ᠰᠢᠨ᠎ᠡ ᠪᠠᠷ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ 1 ᠪᠠᠶᠢᠨ᠎ᠠ᠃ ᠪᠠᠷᠢᠯᠭ᠎ᠠ ᠶᠢᠨ ᠲᠠᠯᠠᠪᠠᠶ 2500 ᠲᠡᠭᠰᠢ ᠳᠥᠷᠪᠡᠯᠵᠢᠨ ᠮᠧᠲᠷ ᠪᠠᠶᠢᠵᠤ᠂ ᠭᠤᠷᠪᠠᠨ ᠳᠠᠪᠬᠤᠷ ᠪᠦᠲᠦᠴᠡ ᠲᠠᠢ᠃ ᠲᠤᠲᠤᠷ᠎ᠠ ᠪᠠᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠤᠷᠢᠭ ᠪᠣᠯᠤᠨ ᠠᠪᠤᠷᠠᠨ ᠲᠤᠰᠠᠯᠠᠬᠤ ᠦᠷᠲᠡᠭᠡ᠂ ᠨᠡᠭᠦᠯᠭᠡᠬᠦ ᠡᠷᠦᠬᠡ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠥᠷᠲᠡᠭᠡ᠂ ᠡᠳᠦᠷ ᠲᠤᠲᠤᠮ ᠤᠨ ᠬᠠᠷᠠᠭᠠᠯᠵᠠᠯ ᠤᠨ ᠲᠥᠪ᠂ ᠠᠵᠢᠯ ᠣᠯᠭᠤᠬᠤ ᠶᠢ ᠵᠢᠯᠣᠭᠤᠳᠬᠤ ᠥᠷᠲᠡᠭᠡ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ᠂ ᠰᠣᠶᠣᠯ ᠴᠡᠩᠭᠡᠯ ᠤᠨ ᠠᠵᠢᠯᠯᠠᠭᠠᠨ ᠤ ᠲᠠᠯᠠᠪᠤᠷ ᠭᠠᠵᠠᠷ ᠵᠡᠷᠭᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠣᠭᠤᠷᠢᠭ ᠵᠢᠴᠢ ᠬᠠᠲᠠᠭᠤᠷᠠᠭᠤᠯᠬᠤ᠂ ᠨᠣᠭᠤᠭᠠᠷᠠᠭᠤᠯᠬᠤ᠂ ᠭᠡᠷ ᠤᠨ ᠭᠠᠳᠠᠨᠠᠬᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠢᠬᠦ ᠪᠠᠷ ᠪᠠᠶᠢᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号