ᠠᠯᠠᠱᠠ ᠪᠠᠷᠠᠭᠤᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ ᠲᠦᠷᠭᠡᠳᠬᠡᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/8/5
        ᠠᠯᠠᠱᠠ ᠪᠠᠷᠠᠭᠤᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠳᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠪᠣᠯᠤᠨ ᠡᠵᠡᠩᠨᠡᠯᠲᠡ ᠶᠢᠨ ᠠᠷᠭ᠎ᠠ ᠮᠠᠶ᠋ᠢᠭ ᠯᠤᠭ᠎ᠠ ᠵᠤᠬᠢᠴᠠᠯᠳᠤᠭᠰᠠᠨ ᠦᠨᠳᠦᠰᠦᠨ ᠲᠠᠷᠢᠶᠠᠨ ᠭᠠᠵᠠᠷ ᠢ ᠬᠦᠴᠦᠯᠡᠨ ᠪᠠᠶᠢᠭᠤᠯᠵᠤ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠨ ᠦᠭᠴᠦ ᠪᠠᠶᠢᠨ᠎ᠠ᠃
         ᠠᠯᠠᠱᠠ ᠪᠠᠷᠠᠭᠤᠨ ᠬᠤᠰᠢᠭᠤᠨ ᠤ ᠪᠠᠶ᠋ᠬᠭᠤᠤᠯ ᠰᠤᠮᠤᠨ ᠤ ᠲᠠᠷᠢᠶᠠᠴᠢᠨ ᠽᠧᠩ ᠰᠢᠶᠠᠩ ᠮᠢᠩ ᠶᠠᠭ ᠥᠪᠡᠷ ᠤᠨ ᠲᠠᠷᠢᠶᠠᠨ ᠭᠠᠵᠠᠷ ᠢᠶᠠᠨ ᠲᠤᠲᠤᠮᠳᠠᠵᠦ ᠪᠠᠶᠢᠨ᠎ᠠ᠃ ᠲᠡᠷᠡ ᠰᠤᠷᠪᠤᠯᠵᠢᠯᠠᠭᠴᠢ ᠳᠤ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠶᠡᠭᠡ ᠬᠡᠮᠵᠢᠶᠡᠨ ᠤ ᠤᠰᠤᠨ ᠤ ᠡᠬᠢ ᠪᠠᠶᠠᠯᠢᠭ ᠢ ᠠᠷᠪᠢᠯᠠᠭᠰᠠᠨ ᠢᠶᠠᠷ ᠪᠠᠷᠠᠬᠤ ᠦᠭᠡᠢ᠂ ᠭᠠᠷᠤᠯᠲᠠ ᠴᠤ ᠵᠤᠬᠢᠬᠤ ᠬᠡᠮᠵᠢᠶᠡᠨ ᠳᠤ ᠳᠡᠭᠡᠭᠰᠢᠯᠡᠵᠦ᠂ ᠵᠢᠯ ᠪᠦᠷᠢ ᠬᠤᠶᠠᠷ ᠲᠦᠮᠡᠨ ᠲᠥᠭᠦᠷᠢᠭ ᠤᠨ ᠬᠦᠮᠦᠨ ᠬᠦᠯᠦᠰᠦᠯᠡᠬᠦ ᠵᠠᠷᠤᠳᠠᠯ ᠢ ᠠᠷᠪᠢᠯᠠᠨ ᠦᠭᠴᠦ᠂ ᠤᠰᠤᠯᠠᠬᠤ ᠳᠤ ᠳᠠᠬᠢᠵᠤ ᠵᠣᠪᠠᠭ᠋ᠤ ᠬᠡᠷᠡᠭ ᠦᠭᠡᠢ ᠪᠤᠯᠪᠠ︾ ᠭᠡᠪᠡ᠃
         ᠪᠠᠶ᠋ᠬᠭᠤᠤᠯ ᠰᠤᠮᠤ ᠶᠢᠨ ᠪᠠᠶᠢᠭ᠎ᠠ ᠭᠠᠵᠠᠷ ᠪᠣᠯ ᠠᠯᠠᠱᠠ ᠪᠠᠷᠠᠭᠤᠨ ᠬᠤᠰᠢᠭᠤᠨ ᠤ ᠬᠠᠮᠤᠭ ᠤᠨ ᠲᠣᠮᠣ ᠲᠠᠷᠢᠮᠠᠯ ᠤᠨ ᠣᠷᠣᠨ ᠪᠣᠯᠤᠨ᠎ᠠ᠃ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ 2019 ᠣᠨ ᠳᠤ 10400 ᠮᠥ ᠲᠠᠷᠢᠶᠠᠨ ᠭᠠᠵᠠᠷ ᠪᠤᠯᠭᠠᠨ ᠪᠠᠭᠠᠰᠬᠠᠭᠰᠠᠨ ᠪᠥᠭᠡᠳ ᠣᠲᠣ ᠪᠠᠶᠢᠭ᠎ᠠ 115 ᠤᠰᠤᠯᠠᠯᠲᠠ ᠶᠢᠨ ᠮᠠᠰᠢᠨ ᠬᠤᠳᠳᠤᠭ ᠲᠤ ᠴᠥᠮ ᠬᠡᠮᠵᠢᠯᠲᠡ ᠶᠢᠨ ᠲᠥᠬᠦᠭᠡᠷᠦᠮᠵᠢ ᠤᠭᠰᠠᠷᠠᠵᠤ᠂ ᠺᠠᠷᠲ ᠱᠦᠷᠭᠦᠭᠡᠬᠦ ᠬᠡᠯᠪᠡᠷᠢ ᠪᠠᠷ ᠤᠰᠤ ᠠᠪᠳᠠᠭ ᠪᠤᠯᠪᠠ᠃ ᠬᠢᠵᠠᠭᠠᠷ ᠲᠠᠢ ᠭᠠᠵᠠᠷ ᠰᠢᠷᠣᠶ ᠶᠢᠨ ᠠᠵᠤ ᠠᠬᠤᠢ ᠶᠢᠨ ᠦᠷ᠎ᠡ ᠠᠰᠢᠭ ᠢ ᠨᠠᠩ ᠰᠠᠶᠢᠨ ᠪᠠᠳᠠᠷᠠᠭᠤᠯᠬᠤ ᠶᠢᠨ ᠲᠥᠯᠥᠭᠡ᠂  ᠪᠠᠶ᠋ᠬᠭᠤᠤᠯ ᠰᠤᠮᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠦ᠂ ᠲᠠᠷᠢᠶᠠᠨ ᠭᠠᠵᠠᠷ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠰᠠᠶᠢᠵᠢᠷᠠᠭᠤᠯᠵᠤ᠂ ᠢᠯᠠᠩᠭᠤᠶ᠎ᠠ ᠪᠦᠷᠬᠦᠭᠦᠯ ᠤᠨ ᠲᠤᠤᠷ᠎ᠠ ᠲᠤᠰᠤᠭᠠᠨ ᠤᠰᠤᠯᠠᠬᠤ ᠪᠠ ᠳᠣᠤᠷ᠎ᠠ ᠳᠠᠷᠤᠯᠲᠠᠲᠤ ᠭᠤᠤᠷᠰᠤ ᠪᠠᠷ ᠤᠰᠤᠯᠠᠬᠤ ᠶᠢ ᠳᠡᠯᠭᠡᠷᠡᠭᠦᠯᠦᠨ ᠬᠡᠷᠡᠭᠵᠢᠭᠦᠯᠵᠦ᠂ ᠤᠰᠤ ᠬᠡᠷᠡᠭᠯᠡᠬᠦ ᠥᠪᠡᠷ ᠤᠨ ᠥᠷᠲᠡᠭ ᠢ ᠶᠡᠬᠡᠪᠡᠷ ᠪᠠᠭᠤᠷᠠᠭᠤᠯᠪᠠ᠃ ᠡᠨᠡ ᠵᠢᠯ ᠪᠠᠶᠠᠨᠭᠤᠣᠯ ᠰᠤᠮᠤ ᠶᠢᠨ 8000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠦᠨᠳᠦᠰᠦᠨ ᠳᠡᠭᠡᠨ ᠳᠠᠭᠤᠰᠴᠠᠶ᠃ ᠣᠳᠣᠬᠠᠨ ᠳᠤ ᠪᠠᠶᠠᠨᠭᠤᠣᠯ ᠰᠤᠮᠤᠨ ᠤ 2.7 ᠲᠦᠮᠡᠨ ᠮᠦ ᠲᠠᠷᠢᠶᠠᠨ ᠭᠠᠵᠠᠷ ᠦᠨᠳᠦᠰᠦᠨ ᠳᠡᠭᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃          2019 ᠣᠨ ᠳᠤ ᠥᠪᠡᠷᠲᠡᠭᠡᠨ ᠵᠠᠰᠠᠬᠤ ᠣᠷᠣᠨ ᠠᠴᠠ ᠠᠯᠠᠱᠠ ᠪᠠᠷᠠᠭᠤᠨ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠳᠤ 1.1 ᠲᠦᠮᠡᠨ ᠮᠥ ᠲᠤᠭᠲᠠᠭᠠᠵᠦ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 1320 ᠲᠦᠮᠡᠨ ᠲᠥᠭᠦᠷᠢᠭ᠂ ᠡᠭᠦᠨ ᠳᠤ ᠪᠦᠷᠬᠦᠭᠦᠯ ᠤᠨ ᠳᠣᠣᠷ᠎ᠠ ᠳᠤᠰᠤᠭᠠᠨ ᠤᠰᠤᠯᠠᠬᠤ ᠨᠢ 9740 ᠮᠦ᠂ ᠳᠣᠣᠷ᠎ᠠ ᠳᠠᠷᠤᠯᠲᠠᠲᠤ ᠭᠤᠤᠷᠰᠤ ᠪᠠᠷ ᠤᠰᠤᠯᠠᠬᠤ ᠨᠢ 1260 ᠮᠦ ᠪᠠᠶᠢᠵᠦ᠂ 5 ᠰᠤᠮᠤ ᠪᠠᠯᠭᠠᠰᠤ 7 ᠭᠠᠴᠠᠭ᠎ᠠ ᠳᠤ ᠬᠤᠯᠪᠣᠭᠳᠠᠵᠤ᠂ ᠣᠳᠣᠬᠠᠨ ᠳᠤ ᠨᠢᠭᠡᠨᠲᠡ ᠶᠡᠷᠦᠩᠬᠡᠶ ᠢᠨᠵᠧᠨᠧᠷᠢᠩ ᠤᠨ ᠳᠦᠷᠢ ᠲᠥᠷᠬᠦ ᠶᠢᠨ ᠠᠬᠢᠴᠠ ᠶᠢ 70% ᠪᠠᠷ ᠪᠡᠶᠡᠯᠡᠭᠦᠯᠵᠦ᠂ ᠲᠥᠷᠥᠯ ᠵᠥᠢᠯ ᠢ ᠡᠨᠡ ᠵᠢᠯ ᠤᠨ 12 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠣᠳᠣ ᠠᠯᠠᠱᠠ ᠪᠠᠷᠠᠭᠤᠨ ᠬᠤᠰᠢᠭᠤᠨ ᠤ ᠡᠯ᠎ᠡ ᠲᠠᠷᠢᠮᠠᠯ ᠤᠨ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠥᠷᠭᠡᠨ ᠢᠶᠠᠷ ᠳᠡᠯᠭᠡᠷᠡᠭᠦᠯᠵᠦ᠂ ᠲᠠᠷᠬᠠᠢ ᠪᠤᠲᠠᠷᠬᠠᠢ ᠭᠠᠵᠠᠷ ᠰᠢᠷᠣᠶ ᠶᠢ ᠵᠠᠯᠭᠠᠨ ᠲᠦᠪᠯᠡᠷᠡᠭᠦᠯᠵᠦ᠂ ᠤᠨᠴᠠᠯᠢᠭ ᠨᠢ ᠲᠣᠪᠤᠶᠢᠮ᠎ᠠ᠂ ᠶᠡᠷᠦᠩᠬᠡᠶᠢᠯᠡᠭᠰᠡᠨ ᠢᠵᠢ ᠪᠥᠷᠢᠳᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠡᠮᠬᠢᠯᠡᠵᠦ᠂ ᠲᠠᠷᠢᠮᠠᠯ ᠤᠨ ᠣᠷᠣᠨ ᠤ ᠰᠠᠭᠤᠷᠢ ᠲᠥᠬᠦᠭᠡᠷᠦᠮᠵᠢ ᠶᠢᠨ ᠨᠥᠬᠦᠴᠡᠯ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠪᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号