ᠰᠢᠨ᠎ᠡ ᠵᠢᠯ ᠤᠨ ᠰᠢᠨ᠎ᠡ ᠠᠭᠤᠷ ᠠᠮᠢᠰᠬᠤᠯ᠂ ᠬᠤᠭ ᠨᠣᠪᠰᠢ ᠶᠢ ᠲᠥᠷᠥᠯ ᠬᠤᠪᠢᠶᠠᠬᠤ ᠰᠢᠨ᠎ᠡ ᠤᠷᠤᠰᠬᠠᠯ
ᠨᠡᠶᠢᠲᠡᠯᠡᠭᠰᠡᠨ ᠴᠠᠭ᠄
2021/1/14
         ᠵᠣᠯ ᠵᠢᠷᠭᠠᠯ ᠤᠨ ᠳᠠᠭᠤᠨ ᠳᠤ ᠰᠤᠭᠳᠤᠭᠤᠷᠠᠨ᠂ ᠰᠢᠨ᠎ᠡ ᠵᠢᠯ ᠤᠨ ᠬᠦᠰᠡᠯ ᠡᠷᠡᠮᠡᠯᠵᠡᠯ ᠢ ᠡᠪᠦᠷᠯᠡᠨ᠂          ᠪᠢᠳᠡ 2020 ᠣᠨ ᠢᠶᠠᠨ ᠦᠳᠦᠵᠦ᠂ ᠬᠦᠰᠡᠯ ᠡᠷᠡᠮᠡᠯᠵᠡᠯ ᠢᠶᠠᠷ ᠪᠢᠯᠬᠠᠭᠰᠠᠨ 2021 ᠣᠨ ᠢᠶᠠᠨ ᠤᠭᠲᠤᠨ ᠠᠪᠤᠯ᠎ᠠ᠃          ᠠᠯᠠᠱᠠ ᠪᠠᠷᠠᠭᠤᠨ ᠬᠤᠰᠢᠭᠤᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ︽ᠬᠤᠭ ᠨᠣᠪᠰᠢ ᠶᠢ ᠲᠥᠷᠥᠯ ᠬᠤᠪᠢᠶᠠᠬᠤ ᠶᠢ ᠬᠥᠮᠦᠨ ᠪᠦᠬᠦᠨ ᠮᠡᠳᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠤ ᠬᠥᠮᠦᠨ ᠪᠦᠬᠦᠨ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠶ᠎ᠠ᠃          2021 ᠣᠨ ᠤ ᠰᠢᠨ᠎ᠡ ᠵᠢᠯ ᠤᠨ ᠡᠬᠢᠨ ᠳᠤ᠂ ᠪᠢᠳᠡ ᠬᠠᠮᠲᠤ ᠪᠠᠷ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠰᠤᠷᠤᠯᠴᠠᠶ᠎ᠠ᠃          ᠲᠡᠮᠡᠭᠡᠳᠦ ᠨᠤᠲᠤᠭ ᠤᠨ ᠢᠶᠠᠨ ᠪᠠᠶᠢᠭᠠᠯᠢ ᠣᠷᠴᠢᠨ ᠢ ᠬᠠᠮᠠᠭᠠᠯᠠᠵᠤ᠂ ᠠᠵᠠ ᠵᠢᠷᠭᠠᠯᠠᠩᠲᠤ ᠠᠮᠢᠳᠤᠷᠠᠯ  ᠢᠶᠠᠨ ᠦᠩᠭᠡᠯᠡᠶ᠎ᠡ᠃          ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠡᠷᠡᠭᠵᠢᠭᠦᠯᠬᠦ ᠨᠢ᠂ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠬᠤᠲᠠ ᠶᠢᠨ ᠣᠷᠴᠢᠨ ᠲᠣᠭᠤᠷᠢᠨ   ᠢ ᠰᠠᠢᠵᠢᠷᠠᠭᠤᠯᠬᠤ᠂ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ ᠲᠡᠭᠡᠭᠰᠢᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ᠃          ᠠᠯᠠᠱᠠ ᠪᠠᠷᠠᠭᠤᠨ ᠬᠤᠰᠢᠭᠤᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ 2020 ᠣᠨ ᠳᠤ ᠪᠠᠳᠠᠢ ᠶᠢᠨ ᠵᠢᠷᠠᠨ ᠪᠠᠯᠭᠠᠰᠤᠨ ᠠᠴᠠ ᠡᠬᠢᠯᠡᠨ ᠲᠤᠷᠰᠢᠬᠤ ᠴᠡᠭ ᠪᠤᠯᠭᠠᠵᠤ᠂ 2021 ᠣᠨ ᠠᠴᠠ ᠡᠬᠢᠯᠡᠨ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠭᠠᠴᠠᠭᠠᠨ ᠳᠤ ᠯᠠᠪᠳᠠᠭᠤᠨ ᠢᠶᠠᠷ ᠳᠡᠯᠭᠡᠷᠡᠭᠦᠯᠦᠨ ᠬᠡᠷᠡᠭᠵᠢᠭᠦᠯᠦᠨ᠎ᠡ᠃          ᠪᠢᠳᠡ ᠬᠠᠮᠲᠤ ᠪᠠᠷ ᠪᠠᠳᠠᠢ ᠶᠢᠨ ᠵᠢᠷᠠᠨ ᠪᠠᠯᠭᠠᠰᠤᠨ ᠤ ᠵᠡᠭᠡᠯᠢ ᠭᠤᠳᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠲᠥᠬᠦᠭᠡᠷᠦᠮᠵᠢ ᠶᠢ ᠦᠵᠡᠶ᠎ᠡ᠃
         2021᠂ ᠰᠢᠨ᠎ᠡ ᠵᠢᠯ ᠤᠨ ᠰᠢᠨ᠎ᠡ ᠠᠭᠤᠷ ᠠᠮᠢᠰᠬᠤᠯ︕          ᠪᠢᠳᠡ ᠬᠠᠮᠲᠤ ᠪᠠᠷ ᠬᠤᠭ ᠨᠣᠪᠰᠢ ᠶᠢ ᠲᠥᠷᠥᠯ ᠬᠤᠪᠢᠶ᠎ᠠ᠂ ᠪᠤᠳᠠᠳᠠᠢ ᠦᠢᠯᠡᠳᠦᠯᠭᠡ ᠪᠠᠷ ᠢᠶᠠᠨ ᠨᠠᠩ ᠭᠤᠶᠤ ᠠᠯᠠᠱᠠ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠤᠶ᠎ᠠ᠃          ᠪᠣᠬᠢᠷᠲᠤᠯ ᠦᠭᠡᠢ ᠡᠷᠡᠭᠦᠯ ᠤᠷᠴᠢᠨ ᠢ ᠬᠠᠮᠲᠤ ᠪᠠᠷ ᠴᠤᠭᠴᠠᠯᠠᠶ᠎ᠠ︕
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号