︽ᠠᠯᠠᠱᠠ ᠪᠠᠷᠠᠭᠤᠨ ᠬᠤᠰᠢᠭᠤᠨ ᠤ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/14
     ᠬᠡᠯᠬᠢᠶᠡᠰᠦ ᠶᠢᠨ ᠳ᠋ᠤᠭᠠᠷ᠄ 15290000000035/2021-00332      ᠨᠡᠶᠢᠲᠡᠯᠡᠬᠦ ᠪᠠᠶᠢᠭᠤᠯᠤᠮᠵᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ      ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ      ᠬᠤᠪᠢᠶᠠᠷᠢᠯᠠᠯ ᠤᠨ ᠠᠩᠭᠢᠯᠠᠯ᠄ ᠬᠤᠰᠢᠭᠤᠨ ᠤ ᠪᠢᠴᠢᠭ ᠮᠠᠲ᠋ᠧᠷᠢᠶᠠᠯ      ᠪᠢᠴᠢᠭᠳᠡᠭᠰᠡᠨ ᠴᠠᠭ᠄ 2021 — 07 — 08      ︽ᠠᠯᠠᠱᠠ ᠪᠠᠷᠠᠭᠤᠨ ᠬᠤᠰᠢᠭᠤᠨ ᠤ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠨᠢᠭᠡ᠂ ᠶᠠᠭᠤᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ᠶᠢ ᠲᠣᠭᠲᠠᠭᠠᠬᠤ ᠬᠡᠷᠡᠭᠲᠡᠶ ᠪᠤᠢ︖      ᠣᠶᠢᠷ᠎ᠠ ᠶᠢᠨ ᠵᠢᠯ ᠤᠳ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠨ ᠢᠶᠠᠷ ᠨᠢᠭᠡᠴᠢ ᠪᠣᠯᠭᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠲᠠᠷᠬᠠᠭᠠᠬᠤ ᠪᠠᠷ ᠳᠠᠮᠵᠢᠭᠤᠯᠤᠨ᠂ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠦᠨᠳᠦᠰᠦᠯᠡᠨ᠂ ᠠᠯᠠᠱᠠ ᠪᠠᠷᠠᠭᠤᠨ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠲᠣᠭᠲᠠᠭᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠪᠥᠬᠦ ᠵᠢᠯ ᠤᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠱᠠᠭᠠᠷᠳᠠᠯᠭ᠎ᠠ ᠪᠣᠯᠬᠤ ᠪᠠᠷ ᠪᠠᠷᠠᠬᠤ ᠥᠬᠡᠶ᠂ ᠪᠠᠰᠠ ᠴᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ ᠶᠢᠨ ᠪᠣᠳᠠᠲᠠᠶ ᠭᠠᠷᠳᠠᠴᠠ ᠪᠠᠶᠢᠵᠤ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠡᠨᠡ ᠵᠢᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠳᠤ ᠶᠠᠮᠠᠷ ᠶᠠᠮᠠᠷ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠭᠰᠡᠨ ᠪᠣᠶ︖      ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠲᠤᠰ ᠱᠠᠲᠤᠨ ᠤ ᠲᠤᠰ ᠰᠠᠯᠠᠭ᠎ᠠ ᠮᠥᠴᠢᠷ ᠤᠨ ᠢᠶᠠᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ᠂ ᠬᠥᠲᠥᠯᠪᠦᠷᠢ ᠶᠢᠨ ᠲᠣᠪᠴᠢ ᠵᠡᠷᠭᠡ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠲᠡᠦᠬᠡ ᠶᠢᠨ ᠲᠥᠯᠥᠪᠵᠢᠭᠦᠯᠭᠡ ︵ᠲᠥᠯᠥᠪᠯᠡᠭᠡ︶ ᠶᠢ ᠲᠥᠪᠯᠡᠷᠡᠭᠦᠯᠦᠨ ᠨᠢᠭᠡᠳᠦᠯᠲᠡᠶ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠳᠣᠪᠤᠶᠢᠯᠭᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ︔ ︽ᠮᠦᠩᠭᠡ ᠰᠤᠪᠠᠭ · ᠨᠢᠭᠡ ᠰᠦᠯᠵᠢᠶ᠎ᠡ ᠪᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ᠂ ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ᠂ ᠨᠢᠭᠡ ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ᠂ ᠲᠠᠨ ᠢ ᠬᠠᠪᠰᠤᠷᠴᠤ ᠭᠦᠢᠴᠡᠳᠬᠡᠬᠦ ᠦᠢᠯᠡᠴᠢᠯᠡᠭᠡ︾ ᠶᠢᠨ ᠲᠣᠭᠤᠷᠢᠨ ᠳᠤ ᠠᠵᠢᠯ ᠢᠶᠠᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠤᠶᠢᠯ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠠᠵᠢᠯ ᠶᠠᠪᠤᠳᠠᠯ ᠭᠦᠢᠴᠡᠳᠬᠡᠬᠦ ᠶᠠᠪᠤᠴᠠ᠂ ᠠᠵᠢᠯ ᠶᠠᠪᠤᠳᠠᠯ ᠭᠦᠶ᠋ᠴᠡᠳᠬᠡᠬᠦ ᠪᠠᠶᠢᠭᠤᠯᠤᠮᠵᠢ ᠵᠡᠷᠭᠡ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠣᠨᠣᠪᠴᠢᠲᠠᠶ ᠢᠯᠡ ᠪᠣᠯᠭᠠᠨ᠎ᠠ︔ ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠵᠢᠴᠢ ᠰᠢᠭᠤᠳ ᠬᠦᠷᠭᠡᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠲᠣᠭᠲᠠᠭᠠᠯ ᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ︔ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠲᠤ ᠦᠶ᠎ᠡ ᠶᠢᠨ ᠴᠢᠨᠠᠷᠲᠠᠶ ᠣᠨᠴᠠᠯᠢᠭ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠵᠤ᠂ ᠸᠠᠺᠼᠢᠨ ᠤ ᠲᠠᠷᠢᠯᠭ᠎ᠠ ᠶᠢᠨ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠨᠡᠶᠢᠲᠡᠯᠡᠬᠦ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃      ᠲᠠᠶᠢᠯᠤᠮᠵᠢ ᠬᠢᠵᠦ ᠬᠠᠷᠢᠭᠤ ᠲᠤᠰᠬᠠᠬᠤ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠠᠭᠤᠯᠭᠠᠬᠤ ᠬᠠᠮᠢᠶᠠᠷᠬᠤ ᠦᠶ᠋ᠯᠡᠴᠢᠯᠡᠬᠦ ᠥᠭᠡᠷᠡᠴᠢᠯᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠵᠡᠷᠭᠡ ᠡᠯ᠎ᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ ᠬᠠᠷᠢᠭᠤ ᠲᠤᠰᠬᠠᠬᠤ ᠠᠵᠢᠯ ᠢ ᠭᠦᠨᠵᠡᠭᠡᠶ ᠥᠷᠨᠢᠭᠦᠯᠦᠨ᠎ᠡ︔ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠢᠷᠤᠭ ᠢᠶᠠᠷ ᠢᠯᠡᠳᠬᠡᠬᠦ ᠵᠢᠷᠤᠭᠲᠤ ᠲᠠᠶᠢᠯᠪᠤᠷᠢ᠂ ᠺᠠᠷᠲ᠋ᠣᠨ ᠺᠠᠷᠲ᠋ᠣᠨ ᠵᠢᠷᠤᠭ᠂ ᠲᠤᠰᠬᠠᠶ ᠮᠡᠷᠭᠡᠵᠢᠯᠲᠡᠨ ᠤ ᠰᠤᠷᠪᠤᠯᠵᠢᠯᠠᠭ᠎ᠠ᠂ ᠤᠬᠠᠭᠤᠯᠤᠨ ᠲᠠᠶᠢᠯᠪᠤᠷᠢᠯᠠᠯᠲᠠ᠂ ᠣᠬᠤᠷ ᠸᠢᠳᠢᠣ᠋ ᠵᠡᠷᠭᠡ ᠲᠠᠶᠢᠯᠤᠮᠵᠢ ᠬᠢᠬᠦ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠲᠤᠭᠤᠷᠠᠳᠠᠯ᠎ᠠ ᠶᠠᠷᠢᠭᠤᠯᠵᠤ᠂ ᠲᠠᠶᠢᠯᠤᠮᠵᠢ ᠬᠢᠵᠦ ᠬᠠᠷᠢᠭᠤ ᠥᠭᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠣᠯᠠᠨ ᠵᠦᠶ᠋ᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠨᠡᠶᠢᠲᠡ ᠶᠢᠨ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃      ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠵᠠᠰᠠᠭ ᠤᠨ ᠣᠷᠳᠣᠨ ᠤ ᠰᠦᠯᠵᠢᠶ᠎ᠡ ᠶᠢ ᠵᠠᠰᠠᠭ ᠤᠨ ᠣᠷᠳᠣᠨ ᠤ ᠰᠦᠯᠵᠢᠶ᠎ᠡ ᠶᠢᠨ ᠲᠤᠭ᠎ᠠ ᠪᠠᠷᠢᠮᠲᠠ ᠶᠢ ᠬᠤᠷᠠᠮᠳᠤᠭᠤᠯᠬᠤ᠂ ᠵᠠᠰᠠᠭ ᠤᠨ ᠣᠷᠳᠣᠨ ᠤ ᠰᠦᠯᠵᠢᠶ᠎ᠡ ᠶᠢᠨ ᠦᠶ᠋ᠯᠡᠴᠢᠯᠡᠭᠡ ᠬᠠᠩᠭᠠᠬᠤ᠂ ᠵᠠᠰᠠᠭ ᠤᠨ ᠣᠷᠳᠣᠨ ᠤ ᠰᠦᠯᠵᠢᠶ᠎ᠡ ᠶᠢᠨ ᠵᠠᠰᠠᠯᠲᠠ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠪᠣᠯᠭᠠᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠵᠦᠶ᠋ᠯᠡᠰ ᠢ ᠰᠦᠯᠵᠢᠶᠡᠨ ᠳᠡᠭᠡᠷ᠎ᠡ ᠭᠦᠶ᠋ᠴᠡᠳᠬᠡᠬᠦ᠂ ᠠᠯᠠᠭᠠᠨ ᠳᠡᠭᠡᠷ᠎ᠡ ᠠᠴᠠ ᠭᠦᠶ᠋ᠴᠡᠳᠬᠡᠬᠦ᠂ ᠨᠢᠭᠡ ᠯᠡ ᠤᠳᠠᠭ᠎ᠠ ᠳᠤ ᠭᠦᠶ᠋ᠴᠡᠳᠬᠡᠬᠦ ᠶᠢ ᠳᠥᠯᠭᠢᠨ ᠠᠬᠢᠭᠤᠯᠵᠤ᠂ ᠨᠢᠭᠡ ᠰᠦᠯᠵᠢᠶ᠎ᠡ ᠪᠠᠷ ᠨᠡᠶᠢᠳᠡᠮ ᠪᠠᠶᠢᠴᠠᠭᠠᠬᠤ᠂ ᠨᠢᠭᠡ ᠰᠦᠯᠵᠢᠶ᠎ᠡ ᠪᠠᠷ ᠨᠡᠶᠢᠳᠡᠮ ᠬᠠᠷᠢᠭᠤᠯᠬᠤ᠂ ᠨᠢᠭᠡ ᠰᠦᠯᠵᠢᠶ᠎ᠡ ᠪᠠᠷ ᠨᠡᠶᠢᠳᠡᠮ ᠰᠢᠶ᠋ᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠰᠢᠶ᠋ᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠰᠢᠶ᠋ᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ︔ ᠪᠣᠶ ᠪᠥᠬᠦᠶ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠦᠯᠦᠨ ᠬᠦᠷᠭᠡᠬᠦ ᠰᠢᠰᠲ᠋ᠧᠮ︾ ᠳᠤ ᠣᠷᠣᠭᠤᠯᠤᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠳᠡᠩᠰᠡᠯᠡᠨ ᠬᠠᠮᠢᠶᠠᠷᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠯᠭᠠᠷᠠᠭᠤᠯᠤᠨ ᠡᠮᠬᠢᠯᠡᠨ ᠨᠡᠶᠢᠯᠡᠭᠦᠯᠬᠦ ᠵᠡᠷᠭᠡ ᠠᠵᠢᠯ ᠢ ᠥᠷᠨᠢᠭᠦᠯᠦᠨ᠎ᠡ︔ ᠲᠥᠷᠥᠯ ᠬᠤᠪᠢᠶᠠᠭᠰᠠᠨ ᠰᠢᠨᠵᠢᠯᠡᠬᠦ ᠤᠬᠠᠭᠠᠨᠴᠢ᠂ ᠲᠥᠪᠯᠡᠷᠡᠩᠭᠦᠶ ᠪᠥᠭᠡᠳ ᠵᠢᠷᠤᠮᠵᠢᠭᠤᠨ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠪᠥᠬᠦ ᠲᠠᠪᠴᠠᠩ ᠤᠨ ᠨᠢᠭᠡᠳᠦᠯᠲᠡᠶ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠲᠦᠷᠭᠡᠪᠴᠢᠯᠡᠨ ᠪᠠᠶᠢᠭᠤᠯᠵᠤ᠂ ᠣᠷᠣᠨ᠂ ᠠᠶᠢᠮᠠᠭ᠂ ᠬᠤᠰᠢᠭᠤᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠬᠤ᠂ ᠲᠤᠭ᠎ᠠ ᠪᠠᠷᠢᠮᠲᠠ ᠶᠢ ᠬᠤᠯᠪᠣᠯᠳᠤᠭᠤᠯᠤᠨ ᠨᠡᠪᠲᠡᠷᠡᠯᠴᠡᠭᠦᠯᠬᠦ ᠶᠢ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃      ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠬᠦ ᠲᠠᠯ᠎ᠠ ᠪᠠᠷ᠂ ᠵᠠᠰᠠᠭ ᠤᠨ ᠣᠷᠳᠣᠨ ᠤ ᠰᠦᠯᠵᠢᠶ᠎ᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾᠂ ︽ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ︾ ᠪᠤᠯᠤᠩ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ︽ᠢᠯᠡ ᠪᠣᠯᠭᠠᠬᠤ ᠶᠣᠰᠣᠲᠠᠶ ᠶᠢ ᠨᠢ ᠴᠥᠮ ᠢᠯᠡ ᠪᠣᠯᠭᠠᠬᠤ︾ ᠶᠢ ᠪᠡᠶᠡᠯᠡᠭᠦᠯᠵᠦ᠂ ᠠᠷᠠᠳ ᠣᠯᠠᠨ ᠤ ᠠᠩᠬᠠᠷᠴᠤ ᠪᠠᠶᠢᠭ᠎ᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠢᠯᠡ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ︔ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠪᠠᠷ ᠭᠤᠶᠤᠴᠢᠯᠠᠬᠤ᠂ ᠳᠠᠩᠰᠠᠯᠠᠬᠤ᠂ ᠬᠢᠨᠠᠨ ᠬᠠᠷᠭᠤᠭᠤᠯᠬᠤ᠂ ᠭᠦᠶ᠋ᠴᠡᠳᠬᠡᠬᠦ᠂ ᠬᠠᠷᠢᠭᠤᠯᠲᠠ ᠥᠭᠬᠦ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠭᠤᠭᠴᠤᠭ᠎ᠠ ᠶᠢᠨ ᠴᠤᠪᠤᠷᠠᠯ ᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠬᠤ ᠪᠠᠷ ︽ᠨᠢᠭᠡ ᠰᠦᠯᠵᠢᠶ᠎ᠡ ᠪᠠᠷ ᠨᠡᠶᠢᠳᠡᠮ ᠰᠢᠶ᠋ᠳᠪᠦᠷᠢᠯᠡᠬᠦ︾ ᠶᠢ ᠪᠡᠶᠡᠯᠡᠭᠦᠯᠬᠦ ᠶᠢ ᠳᠥᠯᠭᠢᠨ ᠠᠬᠢᠭᠤᠯᠤᠨ᠎ᠠ︔ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠣᠷᠣᠨ ᠨᠤᠲᠤᠭ ᠤᠨ ᠪᠠᠷᠢᠮᠵᠢᠶ᠎ᠠ ᠶᠢ ᠲᠤᠷᠰᠢᠨ ᠬᠡᠷᠡᠭᠯᠡᠬᠦ ᠶᠢ ᠳᠡᠯᠭᠡᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ᠂ ᠵᠢᠷᠤᠮᠵᠢᠭᠤᠨ᠂ ᠥᠨᠳᠥᠷ ᠪᠦᠲᠦᠮᠵᠢᠲᠡᠶ ᠪᠠᠷ ᠥᠷᠨᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠠᠵᠢᠯ ᠢ ᠵᠢᠯᠣᠭᠤᠳᠴᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠨᠢᠭᠡ ᠵᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠡᠷᠭᠢᠵᠦ ᠬᠠᠷᠠᠵᠤ᠂ ᠲᠣᠰ ᠵᠢᠯ ᠤᠨ ᠠᠵᠢᠯ ᠤᠨ ᠡᠭᠦᠷᠭᠡ ᠳᠤ ᠳᠠᠬᠢᠨ ᠪᠠᠶᠢᠷᠢᠯᠠᠭᠤᠯᠤᠯᠲᠠ ᠬᠢᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃      ᠢᠯᠡ ᠪᠣᠯᠭᠠᠬᠤ ᠡᠩᠨᠡᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠠᠵᠢᠯ ᠤᠨ ᠵᠣᠬᠢᠴᠠᠭᠤᠯᠭ᠎ᠠ᠂ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠨᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠭᠦᠶ᠋ᠴᠡᠳᠬᠡᠬᠦ ᠲᠤᠭ᠎ᠠ ᠶᠢᠨ ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠠᠵᠢᠯ ᠤᠨ ᠪᠦᠬᠦᠯᠢ ᠴᠣᠭᠴᠠ ᠶᠢᠨ ᠬᠠᠨᠳᠤᠰᠢ ᠶᠢ ᠨᠠᠩ ᠰᠠᠶᠢᠲᠤᠷ ᠡᠵᠡᠮᠳᠡᠬᠦ ᠬᠡᠷᠡᠭᠲᠡᠶ︔ ᠲᠣᠰ ᠭᠤᠤᠯᠳᠠᠯᠭ᠎ᠠ ᠳᠤ ᠳᠤᠷᠠᠳᠤᠭᠰᠠᠨ ᠲᠣᠰ ᠭᠠᠵᠠᠷ ᠣᠷᠣᠨ ᠂ ᠲᠣᠰ ᠰᠠᠯᠠᠭ᠎ᠠ ᠮᠥᠴᠢᠷ ᠲᠤ ᠬᠤᠯᠪᠣᠭᠳᠠᠬᠤ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠲᠣᠭᠲᠠᠭᠠᠵᠤ᠂ ᠠᠵᠢᠯ ᠤᠨ ᠡᠬᠡ ᠲᠠᠩᠰᠠ ᠶᠢ ᠡᠮᠬᠢᠯᠡᠨ ᠪᠦᠷᠢᠯᠳᠦᠭᠦᠯᠵᠦ᠂ ᠬᠢᠨᠠᠯᠲᠠ ᠲᠠᠯᠪᠢᠬᠤ ᠪᠠᠨ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号