ᠠᠯᠠᠱᠠ ᠪᠠᠷᠠᠭᠤᠨ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2021/12/14
     ᠬᠡᠯᠬᠢᠶᠡᠰᠦ ᠶᠢᠨ ᠨᠣᠮᠧᠷ᠄ 15290000000035/2021-00370      ᠨᠡᠶᠢᠲᠡᠯᠡᠬᠦ ᠪᠠᠶᠢᠭᠤᠯᠤᠮᠵᠢ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ      ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ      ᠬᠤᠪᠢᠶᠠᠷᠢᠯᠠᠯ ᠤᠨ ᠠᠩᠭᠢᠯᠠᠯ᠄ ᠬᠤᠰᠢᠭᠤᠨ ᠤ ᠪᠢᠴᠢᠭ ᠮᠠᠲ᠋ᠧᠷᠢᠶᠠᠯ      ᠪᠢᠴᠢᠭᠳᠡᠭᠰᠡᠨ ᠴᠠᠭ᠄ 2021 — 07 — 26      ᠠᠯᠠᠱᠠ ᠪᠠᠷᠠᠭᠤᠨ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ      ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠢᠲᠡᠭᠡᠯ ᠵᠣᠷᠢᠭ ᠢ ᠢᠯᠡᠷᠡᠭᠦᠯᠵᠦ᠂ ᠬᠥᠮᠦᠵᠢᠯ ᠴᠡᠭᠴᠡᠯᠡᠯᠲᠡ ᠶᠢᠨ ᠭᠦᠨᠵᠡᠭᠡᠶᠢᠷᠡᠯ ᠪᠠ ᠪᠣᠳᠠᠲᠠᠶᠢᠵᠢᠯᠲᠠ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠠᠯᠠᠱᠠ ᠪᠠᠷᠠᠭᠤᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠴᠥᠩ ᠰᠢᠶᠤᠤ ᠬᠤᠷᠠᠯ ᠡᠷᠭᠢᠯᠡᠵᠦ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠡᠯ᠎ᠡ ᠳᠡᠳ᠋ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠭᠤᠭᠴᠤᠭ᠎ᠠ ᠠᠴᠠ ᠳᠡᠭᠡᠭᠰᠢᠬᠢ ᠺᠠᠳ᠋ᠷ᠂ ᠵᠠᠭᠤᠴᠢᠯᠠᠭᠤᠷ ᠤᠨ ᠰᠤᠷᠪᠤᠯᠵᠢᠯᠠᠭᠴᠢ 100 ᠭᠠᠷᠤᠶ ᠬᠥᠮᠦᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠠᠶ᠃
     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠪᠦᠭᠦ ᠬᠤᠰᠢᠭᠤᠨ ᠤ ᠤᠯᠤᠰ ᠲᠦᠷᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠪᠠ ᠣᠯᠤᠭᠰᠠᠨ ᠦᠷ᠎ᠡ ᠪᠦᠲᠦᠮᠵᠢ ᠶᠢ ᠨᠡᠶᠢᠲᠡᠯᠡᠨ ᠮᠡᠳᠡᠭᠳᠡᠪᠡ᠃ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠠᠷᠢᠮᠵᠢᠶ᠎ᠠ ᠪᠠᠷ ᠢᠯᠡᠳᠬᠡᠵᠦ᠂ ︽ᠭᠤᠷᠪᠠᠨ ᠭᠤᠭᠴᠤᠭ᠎ᠠ︾ ᠶᠢ ᠴᠢᠩᠭ᠎ᠠ ᠠᠳᠬᠤᠵᠤ᠂ ︽ᠲᠦᠷᠪᠡᠨ ᠵᠦᠢᠯ ᠤᠨ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠣᠳᠠᠲᠠᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠬᠢᠵᠦ᠂ ᠳ᠋ᠦᠩᠨᠡᠨ ᠳᠡᠭᠡᠭᠰᠢᠯᠡᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠡᠯ᠎ᠡ ᠵᠦᠢᠯ ᠤᠨ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃
     ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠭᠤᠴᠠᠭᠠᠨ ᠳᠤ᠂ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ 1 ᠬᠤᠭᠤᠴᠠᠭ᠎ᠠ ᠡᠷᠭᠢᠯᠡᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠮ ᠤᠨ ᠬᠢᠴᠢᠶᠡᠯ ᠢ 1 ᠤᠳᠠᠭ᠎ᠠ ᠬᠢᠵᠦ᠂ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ 21 ᠤᠳᠠᠭ᠎ᠠ ᠬᠢᠵᠦ᠂ ᠤᠯᠤᠰ ᠲᠥᠷᠥ ᠶᠢᠨ ᠡᠭᠡᠯᠵᠢ ᠶᠢᠨ ᠪᠣᠯᠪᠠᠰᠤᠷᠠᠯ ᠢ 10 ᠤᠳᠠᠭ᠎ᠠ ᠡᠷᠭᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ  ᠲᠥᠷᠥᠭᠳᠡᠯ ᠢᠶᠠᠨ 1216 ᠬᠤᠪᠢ ᠪᠢᠴᠢᠪᠡ︔ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠭᠤᠷᠪᠠᠨ ᠲᠦᠷᠦᠯ ᠤᠨ 13 ᠬᠡᠷᠡᠭ᠂ ᠳᠡᠭᠡᠳᠦ ᠱᠠᠲᠤᠨ ᠠᠴᠠ ᠰᠢᠯᠵᠢᠭᠦᠯᠦᠨ ᠰᠢᠢᠳᠪᠦᠷᠢᠯᠡᠭᠦᠯᠬᠦ ᠪᠠᠷ ᠲᠤᠰᠢᠶᠠᠭᠰᠠᠨ 32 ᠬᠡᠷᠡᠭ ᠤᠨ ᠰᠦᠪᠡᠭᠴᠢ ᠶᠢ ᠬᠦᠯᠢᠶᠡᠨ ᠠᠪᠴᠤ᠂ 9 ᠬᠡᠷᠡᠭ ᠤᠨ ᠰᠦᠪᠡᠭᠴᠢ ᠶᠢ ᠪᠠᠶᠢᠴᠠᠭᠠᠨ ᠢᠯᠡᠷᠡᠭᠦᠯᠵᠦ᠂ 22 ᠬᠡᠷᠡᠭ ᠤᠨ ᠰᠦᠪᠡᠭᠴᠢ ᠶᠢ ᠥᠪᠡᠷ ᠢᠶᠠᠨ ᠪᠠᠶᠢᠴᠠᠭᠠᠨ ᠢᠯᠡᠷᠡᠭᠦᠯᠵᠦ ᠂ 2802 ᠡᠯ᠎ᠡ ᠲᠦᠷᠦᠯ ᠤᠨ ᠬᠡᠷᠡᠭ ᠢ ᠳᠠᠷᠠᠭᠠᠯᠠᠨ ᠪᠠᠶᠢᠴᠠᠭᠠᠵᠤ᠂ ︽ᠲᠤᠯᠤᠭᠠᠨ ᠶᠡᠭᠡ ᠬᠡᠮ ᠠᠷᠬᠠᠭ︾ ᠵᠢᠴᠢ ᠪᠤᠰᠤᠳ ᠠᠰᠠᠭᠤᠳᠠᠯ ᠤᠨ 31 ᠬᠡᠷᠡᠭ ᠢ ᠳᠠᠷᠠᠭᠠᠯᠠᠨ ᠪᠠᠶᠢᠴᠠᠭᠠᠵᠤ ᠭᠠᠷᠭᠠᠵᠠᠢ︾︔ ᠡᠭᠦᠨ ᠳᠤ ᠲᠥᠪ ᠤᠨ ᠬᠢᠨᠠᠨ ᠵᠢᠯᠣᠭᠤᠳᠬᠤ ᠳᠤᠭᠤᠶᠢᠯᠠᠩ ᠤᠨ ᠰᠢᠯᠵᠢᠭᠦᠯᠦᠨ ᠰᠢᠢᠳᠪᠦᠷᠢᠯᠡᠭᠦᠯᠦᠭᠰᠡᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠭᠤᠷᠪᠠᠨ ᠲᠦᠷᠦᠯ ᠤᠨ ᠬᠡᠷᠡᠭ ᠢ ᠰᠢᠯᠵᠢᠭᠦᠯᠦᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠬᠡᠷᠡᠭ ᠤᠨ ᠰᠦᠪᠡᠭᠴᠢ ᠶᠢ ᠬᠦᠯᠢᠶᠡᠨ ᠠᠪᠤᠪᠠ᠃ ᠰᠠᠨᠠᠯ ᠬᠤᠷᠢᠶᠠᠬᠤ ᠶᠠᠷᠢᠯᠴᠠᠬᠤ ᠬᠤᠷᠠᠯ ᠢ 21 ᠤᠳᠠᠭ᠎ᠠ ᠬᠤᠷᠠᠯᠳᠤᠭᠤᠯᠵᠤ᠂ ᠰᠠᠨᠠᠯ ᠰᠠᠨᠠᠭᠤᠯᠭ᠎ᠠ ᠶᠢ 145 ᠵᠦᠢᠯ ᠬᠤᠷᠢᠶᠠᠵᠤ᠂ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠨ᠎ᠡ︾ 58 ᠲᠦᠷᠦᠯ ᠵᠦᠢᠯ ᠢ ᠲᠣᠭᠲᠠᠭᠠᠵᠤ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ 39 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ︔ ᠪᠠᠶᠢᠩᠭᠤᠵᠢᠭᠤᠯᠤᠨ ᠲᠦᠯᠬᠢᠨ ᠠᠬᠢᠭᠤᠯᠬᠤ ︽ᠭᠤᠷᠪᠠᠨ ᠲᠣᠭᠲᠠᠭᠠᠯ︾᠂ ᠡᠷᠡᠭᠦᠦ ᠶᠢᠨ ᠬᠡᠷᠡᠭ ᠤᠨ ᠪᠣᠳᠠᠰ ᠤᠨ ᠭᠡᠷᠡᠴᠢ ᠶᠢᠨ ᠬᠠᠮᠢᠶᠠᠷᠤᠯᠲᠠ᠂ ᠡᠷᠡᠭᠦᠦ ᠶᠢᠨ ᠬᠡᠷᠡᠭ ᠤᠨ ᠪᠤᠵᠠᠷ ᠵᠣᠭᠤᠰ ᠪᠤᠵᠠᠷ ᠡᠳ᠋ ᠢ ᠬᠦᠯᠢᠶᠡᠨ ᠠᠪᠬᠤ᠂ ᠬᠠᠳᠠᠭᠠᠯᠠᠨ ᠬᠠᠮᠢᠶᠠᠷᠬᠤ᠂ ᠰᠢᠯᠵᠢᠭᠦᠯᠦᠨ ᠬᠦᠷᠭᠡᠬᠦ ᠵᠡᠷᠭᠡ ᠤᠷᠳᠤ ᠬᠤᠭᠤᠴᠠᠭᠠᠨ ᠤ ᠪᠦᠲᠦᠮᠵᠢᠲᠡᠶ 11 ᠲᠣᠭᠲᠠᠴᠠ ᠶᠢ ᠪᠠᠶᠢᠭᠤᠯᠤᠨ ᠪᠦᠷᠢᠯᠳᠦᠭᠦᠯᠵᠦ᠂ ᠲᠦᠷᠢᠮ ᠲᠣᠭᠲᠠᠴᠠ ᠶᠢ 3 ᠵᠠᠰᠠᠪᠤᠷᠢᠯᠠᠨ ᠲᠡᠭᠦᠯᠳᠡᠷᠵᠢᠭᠦᠯᠪᠡ᠃
     ᠠᠯᠠᠱᠠ ᠪᠠᠷᠠᠭᠤᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
     ᠳᠠᠷᠠᠭᠠᠴᠢ ᠶᠢᠨ ᠠᠯᠬᠤᠮ ᠳᠤ᠂ ᠠᠯᠠᠱᠠ ᠪᠠᠷᠠᠭᠤᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠤᠰ ᠤᠳᠠᠭᠠᠨ ᠤ ᠰᠤᠷᠭᠠᠨ ᠬᠥᠮᠦᠵᠢᠯ ᠤᠨ ᠴᠡᠭᠴᠡᠯᠡᠯᠲᠡ ᠪᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠤᠷᠲᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠪᠦᠭᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠵᠦ᠂ ᠰᠠᠬᠢᠯᠭ᠎ᠠ ᠪᠠᠲᠤ ᠣᠪᠣᠷ ᠰᠤᠷᠲᠠᠯ ᠢ ᠴᠢᠨᠠᠭᠰᠢᠳᠠ ᠰᠠᠶᠢᠵᠢᠷᠠᠭᠤᠯᠵᠤ᠂ ᠬᠡᠪ ᠴᠢᠨᠠᠷ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠨᠠᠮ ᠪᠠ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠴᠡᠷᠢᠭ ᠢ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号