ᠬᠡᠯᠬᠢᠶᠡᠰᠦ ᠶᠢᠨ ᠳ᠋ᠤᠭᠠᠷ᠄ 15290000000035/2021-00303 | ᠨᠡᠶᠢᠲᠡᠯᠡᠬᠦ ᠪᠠᠶᠢᠭᠤᠯᠤᠮᠵᠢ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ | ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ | ᠬᠤᠪᠢᠶᠠᠷᠢᠯᠠᠯ ᠤᠨ ᠠᠩᠭᠢᠯᠠᠯ᠄ ᠬᠤᠰᠢᠭᠤᠨ ᠤ ᠪᠢᠴᠢᠭ ᠮᠠᠲ᠋ᠧᠷᠢᠶᠠᠯ | ᠪᠢᠴᠢᠭᠳᠡᠭᠰᠡᠨ ᠴᠠᠭ᠄ 2021 — 06 — 04 | | | ᠠᠯᠠᠱᠠ ᠪᠠᠷᠠᠭᠤᠨ ᠬᠤᠰᠢᠭᠤᠨ ᠤ ᠰᠢᠨ᠎ᠡ ᠨᠡᠶᠢᠲᠡ ᠶᠢᠨ ᠣᠩᠭᠤᠨ ᠢ ᠬᠡᠷᠡᠭᠯᠡᠬᠦ ᠲᠤᠬᠠᠶ ᠲᠥᠷᠥ ᠶᠢᠨ | ᠪᠣᠳᠣᠯᠭ᠎ᠠ ᠶᠢᠨ ᠲᠠᠶᠢᠯᠤᠮᠵᠢ | | | ᠨᠢᠭᠡ᠂ ᠰᠢᠨ᠎ᠡ ᠨᠡᠶᠢᠲᠡ ᠶᠢᠨ ᠣᠩᠭᠤᠨ ᠢ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠠᠷᠠᠳ ᠤᠨ ᠶᠠᠪᠤᠳᠠᠯ ᠤᠨ ᠶᠠᠮᠤᠨ ᠵᠡᠷᠭᠡ 9 ᠶᠠᠮᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ᠪᠥᠬᠦ | ᠤᠯᠤᠰ ᠤᠨ ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯᠯᠠᠭᠠᠨ ᠤ ᠲᠥᠰᠦᠯ︾ ︵ᠠᠷᠠᠳ ᠲᠠᠷᠬᠠᠭᠠᠭᠰᠠᠨ︹ 2018 ︺ 77 ᠳ᠋ᠤᠭᠠᠷ ᠲᠣᠭᠠᠲᠤ︶᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ 10 ᠲᠢᠩᠬᠢᠮ ᠲᠣᠪᠴᠢᠶ᠎ᠠ ᠶᠢᠨ ᠵᠥᠪᠯᠡᠯ ᠤᠨ | ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠰᠢᠭᠤᠯᠭ᠎ᠠ ᠶᠢᠨ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾ ︵ᠥᠪᠥᠷ | ᠠᠷᠠᠳ ᠤᠨ ᠶᠠᠪᠤᠳᠠᠯ ᠲᠠᠷᠬᠠᠭᠠᠭᠰᠠᠨ ︹ 2018 ︺ 59 ᠳ᠋ᠤᠭᠡᠷ ᠲᠣᠭᠠᠲᠤ︶ ᠪᠠ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ ᠵᠡᠷᠭᠡ 10 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠠᠯᠠᠱᠠ ᠠᠶᠢᠮᠠᠭ ᠤᠨ | ᠣᠷᠣᠰᠢᠭᠤᠯᠭ᠎ᠠ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ︾ ︵ᠠᠯᠠᠱᠠ ᠠᠷᠠᠳ ᠲᠠᠷᠬᠠᠭᠠᠭᠰᠠᠨ ︹ 2018 ︺ 217 ᠳ᠋ᠤᠭᠠᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠃ | ᠬᠤᠶᠠᠷ᠂ ᠰᠢᠨ᠎ᠡ ᠨᠡᠶᠢᠲᠡ ᠶᠢᠨ ᠤᠡᠭᠭᠤᠨ ᠢ ᠬᠡᠷᠡᠭᠯᠡᠬᠦ ᠶᠢᠨ ᠠᠴᠢ ᠬᠤᠯᠪᠣᠭᠳᠠᠯ | ᠰᠢᠨ᠎ᠡ ᠨᠡᠶᠢᠲᠡ ᠶᠢᠨ ᠤᠩᠭᠤᠨ ᠢ ᠠᠰᠢᠭᠯᠠᠯᠲᠠ ᠳᠤ ᠣᠷᠣᠭᠤᠯᠬᠤ ᠪᠣᠯ ᠬᠡᠪᠰᠢᠮᠡᠯ ᠵᠠᠩ ᠳᠠᠳᠬᠠᠯ ᠢ | ᠥᠭᠡᠷᠡᠴᠢᠯᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠣᠷᠣᠰᠢᠭᠤᠯᠭ᠎ᠠ ᠶᠢᠨ ᠪᠤᠯᠬᠢ ᠳᠠᠳᠬᠠᠯ ᠢ | ᠠᠷᠢᠯᠭᠠᠬᠤ ᠶᠢ ᠰᠠᠨᠠᠭᠠᠴᠢᠯᠠᠬᠤ ᠬᠦᠴᠦᠲᠡᠢ ᠠᠷᠭ᠎ᠠ ᠬᠡᠮᠵᠢᠶ᠎ᠡ ᠮᠥᠨ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ | ᠪᠣᠯᠪᠠᠰᠤᠨ ᠤ ᠬᠥᠭᠵᠢᠯᠲᠡ ᠶᠢᠨ ᠢᠯᠡ ᠲᠣᠳᠣ ᠢᠯᠡᠷᠡᠯ ᠮᠥᠨ᠂ ᠡᠨᠡ ᠨᠢ ᠥᠷᠭᠡᠨ ᠤᠯᠠᠨ ᠲᠦᠮᠡᠨ ᠤ ᠬᠠᠭᠤᠴᠢᠨ | ᠣᠷᠣᠰᠢᠭᠤᠯᠭ᠎ᠠ ᠶᠢᠨ ᠦᠵᠡᠯᠲᠡ ᠪᠠᠨ ᠬᠤᠪᠢᠷᠠᠭᠤᠯᠬᠤ᠂ ᠤᠯᠠᠮᠵᠢᠯᠠᠯᠲᠤ ᠣᠷᠣᠰᠢᠭᠤᠯᠭ᠎ᠠ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠬᠤ᠂ ᠪᠣᠯᠪᠠᠰᠤᠨ ᠢᠶᠠᠷ ᠣᠷᠣᠰᠢᠭᠤᠯᠭ᠎ᠠ ᠶᠢᠨ ᠶᠠᠪᠤᠳᠠᠯ ᠢ ᠡᠷᠬᠢᠯᠡᠬᠦ᠂ ᠪᠣᠯᠪᠠᠰᠤᠨ ᠢᠶᠠᠷ ᠳᠠᠬᠢᠯ ᠬᠢᠬᠦ ᠶᠢ | ᠰᠠᠨᠠᠭᠠᠴᠢᠯᠠᠬᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠬᠠᠮᠠᠭᠠᠯᠠᠬᠤ᠂ ᠦᠷ᠎ᠡ | ᠬᠤᠶᠢᠴᠢᠰ ᠲᠠᠭᠠᠨ ᠪᠤᠶᠠᠨ ᠦᠢᠯᠡᠳᠬᠦ ᠶᠢ ᠠᠬᠢᠭᠤᠯᠬᠤ ᠳᠤ ᠠᠰᠢᠭᠲᠠᠢ ᠶᠤᠮ᠃ | ᠭᠤᠷᠪᠠ᠂ ᠰᠢᠨ᠎ᠡ ᠨᠡᠶᠢᠲᠡ ᠶᠢᠨ ᠤᠡᠭᠭᠤᠨ ᠢ ᠬᠡᠷᠡᠭᠯᠡᠬᠦ ᠵᠠᠷᠴᠢᠮ | ︵ᠨᠢᠭᠡ︶ ᠰᠢᠨ᠎ᠡ ᠪᠠᠷ ᠪᠠᠶᠢᠭᠤᠯᠬᠤ ᠨᠡᠶᠢᠲᠡ ᠶᠢᠨ ᠤᠡᠭᠭᠤᠨ ᠢ ᠬᠡᠰᠡᠭ ᠬᠤᠪᠢᠶᠠᠨ ᠨᠡᠭᠡᠭᠡᠨ ᠠᠰᠢᠭᠯᠠᠬᠤ | ᠵᠠᠷᠴᠢᠮ ᠢ ᠬᠡᠷᠡᠭᠵᠢᠭᠦᠯᠵᠦ᠂ ᠭᠠᠭᠴᠠ ᠬᠥᠮᠦᠨ ᠤ ᠤᠡᠭᠭᠤᠨ᠂ ᠬᠤᠶᠠᠷ ᠬᠥᠮᠦᠨ ᠤ ᠤᠡᠭᠭᠤᠨ ᠪᠤᠯᠤᠨ ᠱᠠᠷᠢᠯ ᠤᠨ | ᠤᠩᠭᠤᠨ ᠢ ᠲᠤᠰ ᠲᠤᠰ ᠳᠤᠨᠢ ᠬᠡᠰᠡᠭ ᠬᠤᠪᠢᠶᠠᠨ ᠨᠡᠭᠡᠭᠡᠨ ᠬᠥᠭᠵᠢᠭᠦᠯᠵᠦ᠂ ᠨᠢᠭᠡ ᠬᠡᠰᠡᠭ ᠢ ᠨᠡᠭᠡᠭᠡᠨ ᠠᠰᠢᠭᠯᠠᠬᠤ | ᠳᠠᠭᠠᠨ ᠬᠤᠶᠢᠨ᠎ᠠ ᠠᠴᠠ ᠡᠮᠦᠨᠡᠰᠢ᠂ ᠳᠡᠭᠡᠷ᠎ᠡ ᠠᠴᠠ ᠳᠣᠷᠣᠭᠰᠢ᠂ ᠵᠡᠭᠦᠨ ᠠᠴᠠ ᠪᠠᠷᠠᠭᠤᠨᠰᠢ ᠲᠡᠰ ᠳᠠᠷᠠᠭᠠᠯᠠᠯ ᠲᠠᠢ ᠪᠠᠷ | ᠨᠢᠭᠡ ᠨᠢᠭᠡ ᠪᠠᠷ ᠨᠡᠭᠡᠭᠡᠨ ᠬᠥᠭᠵᠢᠭᠦᠯᠵᠦ ᠵᠢᠭᠰᠠᠭᠠᠨ ᠠᠰᠢᠭᠯᠠᠨ᠎ᠠ᠃ ᠲᠤᠭᠳᠠᠭᠠᠯ ᠢ ᠵᠦᠷᠢᠴᠡᠨ ᠤᠩᠭᠤᠨ ᠤ | ᠭᠠᠵᠠᠷ ᠢ ᠳᠤᠷ᠎ᠠ ᠪᠠᠷ ᠢᠶᠠᠨ ᠰᠣᠩᠭᠤᠬᠤ ᠪᠠ ᠬᠢᠨᠠᠨ ᠵᠦᠪᠰᠢᠶᠡᠷᠡᠵᠦ ᠪᠤᠯᠬᠤ ᠦᠭᠡᠢ᠂ ᠲᠤᠭᠳᠠᠭᠠᠯ ᠠᠴᠠ ᠵᠦᠷᠢᠴᠡᠨ | ᠪᠠᠷᠢᠮᠵᠢᠶ᠎ᠠ ᠠᠴᠠ ᠳᠠᠪᠠᠭᠰᠠᠨ ᠪᠤᠯᠠᠰᠢᠨ ᠭᠠᠵᠠᠷ᠂ ᠥᠨᠳᠥᠷ ᠦᠨ᠎ᠡ ᠲᠠᠢ ᠪᠤᠯᠠᠰᠢᠨ ᠭᠠᠵᠠᠷ᠂ ᠠᠮᠢᠳᠤ ᠬᠥᠮᠦᠨ ᠤ | ᠪᠤᠯᠠᠰᠢᠨ ᠭᠠᠵᠠᠷ ᠵᠡᠷᠭᠡ ᠶᠢ ᠬᠢᠨᠠᠨ ᠵᠥᠪᠰᠢᠶᠡᠷᠡᠵᠦ ᠪᠤᠷᠤᠯᠠᠭᠤᠯᠵᠤ ᠪᠤᠯᠬᠤ ᠥᠬᠡᠶ᠂ ᠬᠡᠨ ᠬᠢᠨᠠᠨ ᠵᠥᠪᠰᠢᠶᠡᠷᠡᠪᠡᠯ ᠬᠡᠨ | ᠬᠠᠷᠢᠭᠤᠴᠠᠬᠤ ᠵᠠᠷᠴᠢᠮ ᠶᠣᠰᠣᠭᠠᠷ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠤᠩᠭᠤᠨ ᠮᠠᠯᠲᠠᠬᠤ ᠶᠢ ᠨᠢᠭᠡᠳᠦᠯᠲᠡᠶ ᠲᠥᠯᠥᠪᠵᠢᠭᠦᠯᠭᠡ ᠶᠢᠨ ᠪᠠᠷᠢᠮᠵᠢᠶ᠎ᠠ ᠶᠣᠰᠣᠭᠠᠷ | ᠬᠡᠷᠡᠭᠵᠢᠭᠦᠯᠬᠦ ᠬᠡᠷᠡᠭᠲᠡᠶ᠂ ᠵᠠᠭᠠᠭ ᠱᠤᠭᠤᠮ ᠠᠴᠠ ᠬᠡᠲᠦᠷᠡᠭᠦᠯᠵᠦ ᠪᠣᠯᠬᠤ ᠥᠭᠡᠢ᠂ ᠤᠩᠭᠤᠨ ᠬᠥᠰᠢᠶ᠎ᠡ ᠶᠢ | ᠨᠢᠭᠡᠳᠦᠯᠲᠡᠶ ᠪᠠᠷᠢᠮᠵᠢᠶ᠎ᠠ ᠪᠣᠯᠤᠨ ᠬᠡᠮ ᠬᠡᠮᠵᠢᠶ᠎ᠡ ᠶᠢ ᠬᠡᠷᠡᠭᠵᠢᠭᠦᠯᠵᠦ᠂ ᠬᠠᠮᠢᠶᠠᠷᠤᠭᠴᠢ ᠠᠴᠠ ᠨᠢᠭᠡᠳᠦᠯᠲᠡᠶ ᠦᠢᠯᠡᠳᠴᠦ | ᠪᠣᠯᠤᠨ᠎ᠠ᠂ ᠭᠡᠷ ᠪᠦᠯᠢ ᠶᠢᠨ ᠬᠢᠨ ᠥᠪᠡᠷ ᠢᠶᠠᠨ ᠲᠣᠭᠲᠠᠭᠠᠵᠤ ᠬᠢᠯᠭᠡᠭᠰᠡᠨ ᠴᠦ ᠪᠣᠯᠤᠨ᠎ᠠ᠃ | ︵ᠭᠤᠷᠪᠠ︶ ᠰᠢᠨ᠎ᠡ ᠨᠡᠶᠢᠲᠡ ᠶᠢᠨ ᠣᠩᠭᠤᠨ ᠢ ᠡᠬᠢᠯᠡᠨ ᠬᠡᠷᠡᠭᠯᠡᠬᠦ ᠳᠤ ᠨᠡᠶᠢᠲᠡ ᠶᠢᠨ ᠣᠩᠭᠤᠨ ᠤ | ᠬᠡᠷᠡᠭᠯᠡᠯᠲᠡ ᠪᠠ ᠬᠠᠮᠢᠶᠠᠷᠤᠯᠲᠠ ᠬᠠᠮᠠᠭᠠᠯᠠᠯᠲᠠ ᠶᠢᠨ ᠰᠦᠢᠳᠬᠡᠯ ᠬᠤᠷᠢᠶᠠᠵᠤ᠂ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠵᠥᠪᠰᠢᠶᠡᠷᠡᠯ ᠢᠶᠠᠷ ᠬᠡᠷᠡᠭᠵᠢᠭᠦᠯᠵᠦ᠂ | ᠰᠦᠢᠳᠬᠡᠯ ᠬᠤᠷᠢᠶᠠᠯᠲᠠ ᠶᠢ ᠪᠦᠬᠦᠨ ᠢ ᠡᠳ᠋ ᠤᠨ ᠵᠠᠰᠠᠭ ᠤᠨ ᠤᠯᠤᠰ ᠤᠨ ᠬᠥᠮᠥᠷᠭᠡ ᠳᠤ ᠲᠤᠰᠢᠶᠠᠨ᠎ᠠ᠃ | ︵ᠲᠦᠷᠪᠡ︶ ᠰᠢᠨ᠎ᠡ ᠨᠡᠶᠢᠲᠡ ᠶᠢᠨ ᠤᠡᠭᠭᠤᠨ ᠢ ᠡᠬᠢᠯᠡᠵᠦ ᠬᠡᠷᠡᠭᠯᠡᠭᠰᠡᠨ ᠤ ᠲᠠᠷᠠᠭ᠎ᠠ᠂ ᠤᠤᠯ ᠤᠨ ᠠᠭᠤᠯᠠᠨ | ᠤᠷᠤᠢ ᠶᠢᠨ ᠬᠠᠭᠤᠴᠢᠨ ᠨᠡᠶᠢᠲᠡ ᠶᠢᠨ ᠤᠡᠭᠭᠤᠨ ᠳᠤ ᠱᠠᠷᠢᠯ᠂ ᠴᠢᠨᠳᠠᠷ ᠢ ᠨᠢ ᠪᠤᠯᠠᠰᠢᠯᠠᠬᠤ ᠶᠢ ᠵᠥᠪᠰᠢᠶᠡᠷᠡᠬᠦ ᠦᠭᠡᠢ᠃ | 2022 ᠣᠨ ᠤ ᠬᠠᠩᠰᠢ ᠠᠴᠠ ᠡᠮᠦᠨ᠎ᠡ᠂ ᠤᠤᠯ ᠤᠨ ᠲᠠᠯᠪᠢᠭᠰᠠᠨ ᠱᠠᠷᠢᠯ ᠤᠨ ᠭᠠᠵᠠᠷ᠂ ᠬᠡᠷ ᠪᠦᠯᠢ ᠶᠢᠨ ᠬᠢᠨ | ᠰᠠᠶᠢᠨ ᠳᠤᠷ᠎ᠠ ᠠᠴᠠ ᠪᠠᠨ ᠰᠢᠨ᠎ᠡ ᠨᠡᠶᠢᠲᠡ ᠶᠢᠨ ᠣᠩᠭᠤᠨ ᠳᠤ ᠨᠡᠭᠦᠯᠭᠡᠬᠦ ᠪᠤᠶᠤ ᠨᠤᠷᠠᠭᠠᠬᠤ᠂ ᠭᠦᠨ ᠪᠤᠯᠠᠬᠤ ᠵᠡᠷᠭᠡ | ᠠᠷᠭ᠎ᠠ ᠮᠠᠶ᠋ᠢᠭ ᠢᠶᠠᠷ ᠴᠡᠭᠴᠡᠯᠡᠨ ᠵᠠᠰᠠᠭᠰᠠᠨ ᠤ ᠳᠠᠷᠠᠭ᠎ᠠ ᠱᠠᠷᠢᠯ ᠦᠯᠡᠳᠡᠭᠡᠬᠦ ᠥᠬᠡᠶ ᠪᠠᠶᠢᠪᠠᠯ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠠᠯᠠᠱᠠ ᠪᠠᠷᠠᠭᠤᠨ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ | ᠬᠡᠷᠡᠭᠵᠢᠭᠦᠯᠬᠦ ᠰᠠᠨᠠᠯ︾ ᠤᠨ ᠶᠣᠰᠣᠭᠠᠷ ᠬᠠᠷᠠᠭᠠᠯᠵᠠᠯ ᠦᠵᠡᠭᠦᠯᠦᠨ᠎ᠡ᠃ | ︵ᠲᠠᠪᠤ︶ ᠨᠡᠶᠢᠲᠡ ᠶᠢᠨ ᠤᠡᠭᠭᠤᠨ ᠪᠤᠶᠤ ᠲᠠᠷᠢᠶᠠᠯᠠᠬᠤ ᠮᠠᠯᠵᠢᠬᠤ ᠣᠷᠣᠨ ᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠤᠡᠭᠭᠤᠨ ᠤ ᠭᠠᠵᠠᠷ ᠠᠴᠠ ᠪᠤᠰᠤᠳ ᠶᠠᠮᠠᠷᠪᠠ ᠭᠠᠵᠠᠷ ᠲᠤ ᠴᠥᠮ ᠱᠠᠷᠢᠯ ᠪᠤᠯᠠᠰᠢᠯᠠᠬᠤ᠂ ᠤᠡᠭᠭᠤᠨ | ᠪᠤᠰᠬᠠᠬᠤ ᠶᠢ ᠴᠢᠩᠭ᠎ᠠ ᠴᠠᠭᠠᠵᠠᠯᠠᠨ᠎ᠠ᠃ | ᠲᠦᠷᠪᠡ᠂ ᠰᠢᠨ᠎ᠡ ᠨᠡᠶᠢᠲᠡ ᠶᠢᠨ ᠤᠡᠭᠭᠤᠨ ᠢ ᠬᠡᠷᠡᠭᠯᠡᠬᠦ ᠬᠡᠪᠴᠢᠶ᠎ᠡ | ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ ᠲᠣᠭᠤᠷᠢᠭ ᠲᠤ ᠰᠠᠭᠤᠭ᠎ᠠ ᠰᠠᠭᠤᠭᠠᠯᠢ | ᠠᠷᠠᠳ ᠤᠨ ᠨᠥᠭᠴᠢᠭᠰᠡᠨ ᠤ ᠳᠠᠷᠠᠭᠠᠬᠢ ᠴᠢᠨᠳᠠᠷ ᠪᠤᠶᠤ ᠴᠢᠨᠳᠠᠷ ᠤᠨ ᠦᠨᠡᠰᠦ ᠶᠢ ᠪᠦᠬᠦᠨ ᠢ ᠰᠢᠨ᠎ᠡ ᠪᠠᠷ | ᠪᠠᠶᠢᠭᠤᠯᠤᠭᠰᠠᠨ ᠨᠡᠶᠢᠲᠡ ᠶᠢᠨ ᠤᠩᠭᠤᠨ ︵ᠪᠠᠳᠠᠢ ᠶᠢᠨ ᠵᠢᠷᠠᠨ ᠪᠠᠯᠭᠠᠰᠤᠨ ᠠᠴᠠ ᠡᠮᠦᠨᠡᠰᠢ ᠤᠤᠯ ᠤᠨ ᠡᠷᠪᠡᠬᠡᠢ | ᠰᠤᠮᠤ ᠬᠦᠷᠬᠦ ᠵᠠᠰᠠᠮᠠᠯ ᠵᠠᠮ ᠤᠨ 759 ᠰᠢᠶᠠᠨ ᠤ ᠵᠠᠮ᠂ ᠬᠤᠰᠢᠭᠤᠨ ᠤ ᠵᠠᠰᠠᠭ ᠤᠨ ᠤᠷᠳᠤᠨ ᠤ ᠪᠠᠶᠢᠭ᠎ᠠ | ᠪᠠᠳᠠᠢ ᠶᠢᠨ ᠵᠢᠷᠠᠨ ᠪᠠᠯᠭᠠᠰᠤᠨ ᠠᠴᠠ 10 ᠺᠢᠯᠦᠮᠧᠲᠷ ᠵᠠᠶᠢᠲᠠᠢ ᠭᠠᠵᠠᠷ ᠠᠴᠠ ᠪᠠᠷᠠᠭᠤᠨᠰᠢ 2 ᠺᠢᠯᠦᠮᠧᠲᠷ ᠰᠢᠬᠠᠮ | ᠭᠠᠵᠠᠷ ᠲᠤ ᠪᠠᠶᠢᠳᠠᠭ︶ ᠳᠤ ᠣᠷᠣᠰᠢᠭᠤᠯᠵᠤ᠂ ᠤᠤᠯ ᠤᠨ ᠠᠭᠤᠯᠠᠨ ᠤᠷᠤᠢ ᠶᠢᠨ ᠬᠠᠭᠤᠴᠢᠨ ᠨᠡᠶᠢᠲᠡ ᠶᠢᠨ | ᠤᠩᠭᠤᠨ ᠢ ᠬᠡᠷᠡᠭᠯᠡᠬᠦ ᠪᠠᠨ ᠵᠣᠭᠰᠣᠭᠠᠵᠠᠢ᠃ | ᠲᠠᠪᠤ᠂ ᠰᠢᠨ᠎ᠡ ᠨᠡᠶᠢᠲᠡ ᠶᠢᠨ ᠤᠡᠭᠭᠤᠨ ᠢ ᠬᠡᠷᠡᠭᠯᠡᠬᠦ ᠴᠠᠭ | 2021 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠠᠰᠢᠭᠯᠠᠯᠲᠠ ᠳᠤ ᠣᠷᠣᠭᠤᠯᠤᠨ᠎ᠠ᠃ | | |