ᠠᠯᠳ᠋ᠬᠤᠪᠤᠭᠠ ᠪᠠᠯᠭᠠᠰᠤ ᠶᠢ 2006 ᠣᠨ ᠤ 3 ᠳ᠋ᠤᠭᠠᠷ ᠰᠠᠷ᠎ᠠ ᠳᠤ ᠤᠤᠯ ᠤᠨ ᠠᠯᠳ᠋ᠬᠤᠪᠤᠭᠠ ᠰᠤᠮᠤ | ᠪᠣᠯᠤᠨ ᠲᠠᠮᠰᠤᠭᠪᠤᠯᠠᠭ ᠪᠠᠯᠭᠠᠰᠤ ᠲᠠᠢ ᠨᠡᠶᠢᠯᠡᠭᠦᠯᠦᠨ ᠪᠠᠶᠢᠭᠤᠯᠵᠤ᠂ 2012 ᠣᠨ ᠤ 1 ᠳ᠋ᠦᠭᠡᠷ ᠰᠠᠷ᠎ᠠ ᠶᠢᠨ | 20 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠪᠠᠷ | ᠲᠠᠮᠰᠤᠪᠤᠯᠠᠭ ᠰᠤᠮᠤᠨ ᠳᠤ 7 ᠭᠠᠴᠠᠭ᠎ᠠ ᠶᠢ ᠬᠤᠪᠢᠶᠠᠷᠢᠯᠠᠨ ᠥᠭᠭᠦᠪᠡ᠃ ᠣᠲᠣ 6 ᠭᠠᠴᠠᠭ᠎ᠠ᠂ 1 ᠨᠡᠶᠢᠭᠡᠮ | ᠲᠣᠭᠤᠷᠢᠭ᠂ 2 ᠬᠤᠶᠠᠳᠤᠭᠠᠷ ᠳᠡᠰ ᠤᠨ ᠨᠢᠭᠡᠴᠡ ᠲᠠᠢ᠃ ᠪᠥᠬᠦ ᠪᠠᠯᠭᠠᠰᠤᠨ ᠤ ᠲᠠᠯᠠᠪᠠᠶ ᠨᠢ 4238 ᠲᠡᠭᠰᠢ | ᠳᠥᠷᠪᠡᠯᠵᠢᠨ ᠺᠢᠯᠣᠮᠧᠲᠷ᠂ ᠪᠥᠬᠦ ᠬᠥᠮᠦᠨ ᠠᠮᠠ ᠨᠢ 488 ᠡᠷᠦᠬᠡ 1511 ᠬᠥᠮᠦᠨ ᠪᠠᠶᠢᠵᠤ᠂ ᠮᠣᠩᠭᠤᠯ᠂ | ᠬᠢᠲᠠᠳ᠂ ᠬᠤᠲᠣᠩ 3 ᠦᠨᠳᠦᠰᠦᠲᠡᠨ ᠢᠶᠠᠷ ᠪᠦᠷᠢᠯᠳᠦᠵᠦ᠂ ᠴᠥᠭᠡᠨ ᠲᠣᠭᠠᠲᠤ ᠦᠨᠳᠦᠰᠦᠲᠡᠨ ᠨᠢ ᠪᠥᠬᠦ ᠬᠥᠮᠦᠨ | ᠠᠮᠠ ᠶᠢᠨ 59% ᠶᠢ ᠡᠵᠡᠯᠡᠵᠦ ᠪᠣᠶ᠃ ᠬᠢᠯᠢ ᠶᠢᠨ ᠳᠣᠲᠣᠷᠠᠬᠢ ᠠᠭᠤᠷᠬᠠᠶ ᠶᠢᠨ ᠪᠤᠯᠠᠭᠳᠠᠴᠠ ᠶᠢᠨ ᠡᠬᠢ ᠪᠠᠶᠠᠯᠢᠭ | ᠨᠡᠯᠢᠶᠡᠳ ᠡᠯᠪᠡᠭ ᠪᠠᠶᠢᠵᠤ᠂ ᠨᠢᠭᠡᠨᠲᠡ ᠬᠠᠶᠢᠨ ᠳᠣᠲᠣᠯᠠᠭᠰᠠᠨ ᠠᠭᠤᠷᠬᠠᠶ ᠶᠢᠨ ᠲᠥᠷᠥᠯ ᠳᠤ ᠬᠠᠶᠢᠯᠤᠭᠤᠷ ᠵᠣᠩᠰᠢ᠂ | ᠵᠡᠰ᠂ ᠲᠡᠮᠦᠷ᠂ ᠨᠢᠺᠤᠯ᠂ ᠮᠠᠩᠭᠠᠨ᠂ ᠴᠠᠬᠢᠭᠤᠷ ᠴᠢᠯᠠᠭᠤ᠂ ᠳᠠᠪᠤᠰᠤ ᠱᠡᠤ ᠵᠡᠷᠭᠡ 10 ᠭᠠᠷᠤᠶ ᠲᠥᠷᠥᠯ ᠪᠠᠶᠢᠨ᠎ᠠ᠃ | ᠲᠠᠷᠢᠮᠠᠯ ᠤᠨ ᠲᠠᠯᠠᠪᠠᠶ ᠶᠢ 4126 ᠮᠥ ᠳᠠᠷᠢᠵᠤ᠂ ᠭᠤᠤᠯᠳᠠᠭᠤ ᠨᠡᠷᠡᠨ ᠬᠤᠸᠠᠷ᠂ ᠭᠤᠸ᠎ᠠ ᠶᠢᠨ ᠦᠷ᠎ᠡ᠂ ᠨᠣᠭᠤᠭᠠᠨ | ᠳᠠᠷᠤᠰᠢ ᠶᠢᠨ ᠡᠷᠳᠡᠨᠢ ᠰᠢᠰᠢ ᠪᠠ ᠬᠠᠷ᠎ᠠ ᠨᠤᠬᠠᠢ ᠶᠢᠨ ᠬᠠᠷᠮᠠᠭ ᠵᠡᠷᠭᠡ ᠠᠵᠤ ᠠᠬᠤᠶ ᠶᠢᠨ ᠲᠠᠷᠢᠮᠠᠯ ᠢ ᠳᠠᠷᠢᠨ᠎ᠠ᠃ | | | | | ᠨᠢᠭᠡ᠂ ᠠᠯᠳ᠋ᠬᠤᠪᠤᠭᠠ ᠪᠠᠯᠭᠠᠰᠤ | ᠬᠤᠰᠢᠭᠤ ᠪᠠᠶᠢᠭᠤᠯᠤᠭᠳᠠᠭᠰᠠᠨ ᠠᠴᠠ ᠨᠠᠰᠢ᠂ ᠡᠨᠡᠬᠦ ᠨᠤᠲᠤᠭ ᠳᠡᠪᠢᠰᠬᠡᠷ ᠳᠡᠭᠡᠷᠡᠬᠢ ᠲᠠᠯ᠎ᠠ ᠨᠤᠲᠤᠭ ᠤᠨ | ᠬᠥᠪᠡᠭᠦᠳ ᠥᠬᠢᠳ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠷᠢᠶᠠᠯᠠᠭ᠎ᠠ ᠳᠤᠤᠷ᠎ᠠ᠂ | ᠥᠭᠡᠷᠡᠴᠢᠯᠡᠯᠲᠡ ᠨᠡᠭᠡᠭᠡᠯᠲᠡ ᠶᠢᠨ ᠬᠠᠪᠤᠷ ᠤᠨ ᠰᠠᠯᠬᠢᠨ ᠤ ᠡᠷᠴᠢᠨ ᠳᠡᠭᠡᠷ᠎ᠡ᠂ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠤᠷᠢᠶ᠎ᠠ ᠶᠢ ᠰᠤᠨᠤᠰᠴᠤ᠂ ᠤᠷᠢᠳ ᠡᠮᠦᠨ᠎ᠡ ᠪᠠᠶᠢᠭ᠎ᠠ ᠦᠭᠡᠢ ᠤᠷᠤᠭᠰᠢᠯᠠᠨ ᠳᠠᠪᠰᠢᠬᠤ ᠵᠣᠷᠢᠭ | ᠰᠠᠨᠠᠭ᠎ᠠ ᠪᠠᠷ ᠠᠵᠤ ᠠᠬᠤᠶ ᠶᠢᠨ ᠬᠥᠭᠵᠢᠯᠲᠡ᠂ ᠦᠨᠳᠦᠰᠦᠲᠡᠨ ᠤ ᠡᠶ᠎ᠡ ᠨᠠᠶᠢᠷᠠᠮᠳᠠᠯ᠂ ᠨᠡᠶᠢᠭᠡᠮ ᠤᠨ ᠳᠠᠪᠰᠢᠯᠲᠠ᠂ | ᠬᠢᠯᠢ ᠬᠢᠵᠠᠭᠠᠷ ᠤᠨ ᠲᠣᠭᠲᠠᠭᠤᠨ ᠰᠢᠨ᠎ᠡ ᠭᠠᠶᠢᠬᠠᠮᠰᠢᠭ ᠢ ᠲᠠᠰᠤᠷᠠᠯᠲᠠ ᠦᠭᠡᠢ ᠡᠭᠦᠳᠴᠦ᠂ ᠠᠯᠠᠱᠠ ᠪᠠᠷᠠᠭᠤᠨ | ᠬᠤᠰᠢᠭᠤᠨ ᠤ ᠵᠡᠭᠦᠨ ᠬᠤᠶᠢᠲᠤ ᠶᠢᠨ ᠬᠢᠯᠢ ᠬᠢᠵᠠᠭᠠᠷ ᠤᠨ ᠥᠷᠭᠡᠨ ᠠᠭᠤᠳᠠᠮ ᠭᠤᠪᠢ ᠳᠤ | ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠥᠷᠯᠥᠭ | ᠬᠥᠰᠢᠶ᠎ᠡ ᠶᠢ ᠪᠤᠰᠬᠠᠪᠠ᠃ | | | | | ᠠᠯᠳ᠋ᠬᠤᠪᠤᠭᠠ ᠪᠠᠯᠭᠠᠰᠤ ᠳᠠᠰᠤᠷᠠᠯᠳᠠ ᠦᠬᠡᠢ ᠰᠢᠨ᠎ᠡ ᠠᠮᠵᠢᠯᠲᠠ ᠪᠦᠲᠦᠮᠵᠢ ᠣᠯᠵᠤ ᠴᠢᠳᠠᠭᠰᠠᠨ ᠤ ᠤᠴᠢᠷ | ᠭᠡᠪᠡᠯ᠂ ᠥᠩᠭᠡᠷᠡᠭᠰᠡᠨ ᠬᠤᠭᠤᠴᠠᠭᠠᠨ ᠤ ᠤᠳᠤᠷᠢᠳᠬᠤ ᠪᠠᠭ ᠢᠮᠠᠭᠲᠠ ᠲᠡᠷᠢᠭᠦᠨ ᠴᠢᠬᠤᠯᠠ ᠡᠭᠦᠷᠭᠡ ᠪᠠᠨ ᠪᠤᠳᠤᠵᠤ᠂ | ᠪᠦᠬᠦ ᠪᠠᠯᠭᠠᠰᠤ ᠶᠢᠨ ᠬᠦᠴᠦᠨ ᠢ ᠳᠠᠶᠢᠴᠢᠯᠠᠵᠤ᠂ ᠪᠦᠬᠦ ᠪᠠᠯᠭᠠᠰᠤ ᠶᠢᠨ ᠤᠶᠤᠨ ᠤᠬᠠᠭᠠᠨ ᠢ ᠲᠥᠪᠯᠡᠷᠡᠭᠦᠯᠵᠦ᠂ | ᠳᠠᠪᠠᠭᠤᠯᠢᠭ ᠡᠬᠢ ᠪᠠᠶᠠᠯᠢᠭ ᠪᠣᠯᠤᠨ ᠵᠠᠬ᠎ᠠ ᠳᠡᠯᠭᠡᠭᠦᠷ ᠤᠨ ᠳᠠᠯᠳᠠ ᠬᠦᠴᠦᠨ ᠤ ᠵᠣᠯᠭᠠᠯᠴᠠᠭ᠎ᠠ ᠶᠢ ᠣᠨᠣᠪᠴᠢᠲᠠᠢ | ᠣᠯᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠰᠡᠳᠬᠢᠴᠡ ᠶᠢ | ᠪᠦᠷᠢᠯᠳᠦᠭᠦᠯᠵᠦ᠂ ᠠᠵᠤ ᠠᠬᠤᠢ ᠬᠥᠭᠵᠢᠭᠡᠳᠦᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠦᠳᠲᠡᠷ ᠲᠦᠷᠭᠡᠨ | ᠤᠷᠤᠭᠰᠢᠯᠠᠯᠲᠠ ᠶᠢ ᠦᠨᠡᠨᠬᠦ ᠠᠮᠵᠢᠯᠲᠠ ᠲᠠᠢ ᠪᠣᠯᠭᠠᠭᠰᠠᠨ ᠳᠤ ᠪᠤᠢ᠃ ᠵᠢᠷᠠᠭᠠᠳ ᠣᠨ ᠤ ᠠᠯᠳ᠋ᠬᠤᠪᠤᠭᠠ | ᠪᠠᠯᠭᠠᠰᠤ ᠨᠢ ᠤᠯᠠᠮᠵᠢᠯᠠᠯᠲᠤ ᠮᠠᠯ ᠠᠵᠤ ᠠᠬᠤᠶ ᠪᠠᠷ ᠤᠳᠤᠷᠢᠳᠤᠮᠵᠢ ᠪᠣᠯᠭᠠᠭᠰᠠᠨ ᠴᠠᠭ ᠦᠶ᠎ᠡ ᠳᠡᠭᠡᠨ ᠪᠠᠶᠢᠵᠤ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠭᠤᠣᠯᠳᠠᠭᠤ ᠮᠠᠯ ᠤᠨ ᠲᠤᠭ᠎ᠠ ᠬᠡᠮᠵᠢᠶ᠎ᠡ ᠶᠢ | ᠨᠡᠮᠡᠭᠳᠡᠭᠦᠯᠬᠦ ᠳᠤ ᠲᠦᠰᠢᠭᠯᠡᠵᠦ ᠪᠠᠶᠢᠪᠠ᠃ ᠢᠯᠠᠩᠭᠤᠶ᠎ᠠ ᠵᠠᠮ ᠬᠠᠷᠢᠯᠴᠠᠭ᠎ᠠ᠂ ᠮᠡᠳᠡᠭᠡ ᠵᠠᠩᠭᠢ ᠪᠣᠯᠤᠨ ᠵᠠᠬ᠎ᠠ | ᠳᠡᠯᠭᠡᠭᠦᠷ ᠤᠨ ᠨᠥᠬᠦᠴᠡᠯ ᠤᠨ ᠬᠢᠵᠠᠭᠠᠷᠯᠠᠯ ᠠᠴᠠ ᠪᠣᠯᠵᠣ᠂ ᠬᠠᠷᠢᠴᠠᠩᠭᠤᠶ ᠪᠠᠷ ᠡᠯᠪᠡᠭ ᠳᠡᠯᠪᠡᠭ ᠬᠠᠶᠢᠯᠤᠭᠤᠷ ᠵᠣᠩᠰᠢ | ᠂ ᠳᠠᠪᠤᠰᠤ ᠱᠡᠤ ᠪᠣᠯᠤᠨ ᠮᠠᠰᠢ ᠣᠯᠠᠨ ᠦᠨᠡᠲᠦ ᠲᠡᠮᠦᠷᠯᠢᠭ ᠵᠡᠷᠭᠡ ᠡᠬᠢ ᠪᠠᠶᠠᠯᠢᠭ ᠢ ᠠᠵᠤ ᠠᠬᠤᠶ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠶᠢᠨ ᠠᠷᠭ᠎ᠠ ᠥᠬᠡᠶ ᠪᠠᠶᠢᠵᠤ᠂ ︽ᠲᠠᠨᠢᠭᠳᠠᠭ᠎ᠠ ᠥᠬᠡᠶ︾ ᠭᠠᠵᠠᠷ ᠤᠷᠤᠨ ᠪᠠᠶᠢᠭᠰᠠᠭᠠᠷ | ᠪᠠᠶᠢᠪᠠ᠃ | ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ ᠤᠷᠤᠭᠰᠠᠨ ᠤ | ᠲᠠᠷᠠᠭ᠎ᠠ᠂ ᠠᠯᠳ᠋ᠬᠤᠪᠤᠭᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠣᠷᠢᠭᠲᠠᠶ ᠪᠠᠷ ᠤᠷᠤᠭᠰᠢᠯᠠᠨ | ᠲᠠᠪᠰᠢᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠠᠴᠠ ᠭᠠᠷᠲᠠᠨ᠂ ︽ᠨᠡᠭᠡᠭᠡᠨ ᠬᠥᠭᠵᠢᠭᠦᠯᠬᠦ᠂ | ᠠᠰᠢᠭᠯᠠᠬᠤ᠂ ᠡᠮᠬᠢᠯᠡᠨ ᠨᠡᠶᠢᠯᠡᠭᠦᠯᠬᠦ᠂ ᠬᠤᠪᠢᠷᠠᠭᠤᠯᠬᠤ︾ ᠪᠠᠷ ᠭᠤᠣᠯ ᠪᠣᠯᠭᠠᠭᠰᠠᠨ ᠬᠦᠭᠵᠢᠯᠲᠡ ᠶᠢᠨ ᠪᠠᠶᠢᠯᠳᠤᠬᠤ | ᠪᠤᠲᠣᠯᠭ᠎ᠠ ᠶᠢ ᠳᠤᠷᠠᠳᠤᠨ ᠭᠠᠷᠭᠠᠵᠤ ᠬᠡᠷᠡᠭᠵᠢᠭᠦᠯᠦᠨ᠂ ᠳᠠᠪᠠᠭᠤᠯᠢᠭ ᠡᠬᠢ ᠪᠠᠶᠠᠯᠢᠭ ᠪᠠ ᠡᠯ᠎ᠡ ᠲᠠᠯ᠎ᠠ ᠶᠢᠨ | ᠬᠦᠢᠴᠣᠠ ᠢ ᠲᠥᠪᠯᠡᠷᠡᠭᠦᠯᠦᠨ ᠨᠡᠭᠡᠭᠡᠨ ᠬᠥᠭᠵᠢᠭᠦᠯᠵᠦ᠂ ᠳᠠᠪᠤᠰᠤ ᠱᠡᠤ᠂ ᠬᠦᠨᠳᠦ ᠲᠡᠮᠦᠷᠯᠢᠭ ᠢ ᠠᠰᠢᠭᠯᠠᠭᠰᠠᠨ ᠠᠴᠠ | ᠡᠬᠢ ᠪᠠᠶᠠᠯᠢᠭ ᠤᠨ ᠴᠤᠭᠯᠠᠷᠠᠯ ᠤᠨ ᠦᠢᠯᠡᠳᠦᠯ ᠢᠯᠡᠳᠲᠡ ᠪᠣᠯᠤᠭᠰᠠᠨ ᠪᠠᠶᠢᠨ᠎ᠠ᠃ ᠡᠭᠦᠨ ᠠᠴᠠ ᠡᠬᠢᠯᠡᠨ | ᠠᠯᠳ᠋ᠬᠤᠪᠤᠭᠠ ᠭᠡᠬᠦ ᠡᠨᠡᠬᠦ ᠭᠤᠪᠢ ᠶᠢᠨ ᠰᠠᠯᠬᠢ ᠪᠣᠷᠣᠭᠠᠨ ᠢ ᠲᠤᠭᠤᠯᠤᠭᠰᠠᠨ ᠭᠠᠶᠢᠬᠠᠮᠰᠢᠭᠲᠤ ᠨᠤᠲᠤᠭ ᠳᠡᠪᠢᠰᠬᠡᠷ | ᠬᠥᠭᠵᠢᠯᠲᠡ ᠶᠢᠨ ᠲᠦᠷᠭᠡᠨ ᠵᠠᠮ ᠢᠶᠠᠷ ᠵᠠᠮᠨᠠᠭᠰᠠᠨ ᠪᠠᠶᠢᠨ᠎ᠠ᠃ ᠡᠭᠦᠨ ᠤ ᠳᠠᠷᠠᠭ᠎ᠠ᠂ ᠡᠨᠡᠬᠦ ᠪᠠᠶᠢᠯᠳᠤᠬᠤ ᠪᠣᠳᠣᠯᠭ᠎ᠠ | ᠲᠠᠰᠤᠷᠠᠯᠲᠠ ᠦᠭᠡᠶ ᠪᠠᠶᠠᠯᠢᠭᠵᠢᠨ ᠬᠥᠭᠵᠢᠵᠦ᠂ ᠢᠯᠠᠩᠭᠤᠶ᠎ᠠ ︽ᠰᠢᠯᠵᠢᠭᠦᠯᠦᠨ ᠬᠥᠭᠵᠢᠭᠦᠯᠬᠦ︾᠂ ᠭᠤᠷᠪᠠᠨ | ᠵᠤᠶᠢᠯ ᠤᠨ ᠠᠵᠤ ᠦᠢᠯᠡᠰ ︵ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠠᠭᠤᠷᠬᠠᠶ ᠶᠢᠨ ᠦᠢᠯᠡᠰ᠂ ᠤᠨᠴᠠᠯᠢᠬᠳᠤ | ᠠᠵᠤ ᠦᠢᠯᠡᠰ᠂ ᠭᠤᠷᠪᠠᠳᠤᠭᠠᠷ ᠠᠵᠤ ᠦᠢᠯᠡᠰ︶ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ ᠪᠣᠯᠭᠠᠬᠤ ᠶᠢ ᠲᠣᠳᠣᠷᠬᠠᠶᠢᠯᠠᠵᠤ᠂ ᠠᠯᠳ᠋ᠬᠤᠪᠤᠭᠠ | ᠪᠠᠯᠭᠠᠰᠤᠨ ᠤ ᠰᠢᠢᠳᠪᠦᠷᠢᠲᠦ ᠪᠣᠳᠣᠯᠭ᠎ᠠ ᠶᠢᠨ ᠳᠠᠪᠬᠤᠷᠭ᠎ᠠ ᠶᠢᠨ ᠬᠥᠭᠵᠢᠯᠲᠡ ᠶᠢᠨ ᠰᠡᠳᠬᠢᠮᠵᠢ ᠶᠢ ᠰᠢᠨ᠎ᠡ ᠪᠠᠷ | ᠥᠷᠭᠡᠳᠬᠡᠬᠦ᠂ ᠬᠥᠭᠵᠢᠯᠲᠡ ᠶᠢᠨ ᠠᠵᠠ ᠲᠣᠬᠢᠶᠠᠯ ᠢ ᠰᠢᠨ᠎ᠡ ᠪᠠᠷ ᠬᠢᠨᠠᠨ ᠰᠢᠨᠵᠢᠬᠦ᠂ ᠬᠥᠭᠵᠢᠯᠲᠡ ᠶᠢᠨ | ᠭᠤᠤᠯᠳᠠᠯᠭ᠎ᠠ ᠶᠢ ᠰᠢᠨ᠎ᠡ ᠪᠠᠷ ᠵᠠᠭᠠᠭᠯᠠᠨ ᠲᠣᠭᠲᠠᠭᠠᠬᠤ ᠪᠠ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ | ᠰᠣᠩᠭᠤᠬᠤ ᠶᠢ ᠬᠠᠷᠠᠭᠤᠯᠪᠠ᠃ ᠰᠢᠯᠵᠢᠭᠦᠯᠦᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠨᠥᠬᠦᠪᠥᠷᠢ ᠪᠠ | ᠲᠡᠭᠦᠯᠳᠡᠷᠵᠢᠭᠦᠯᠦᠯᠲᠡ ᠪᠣᠯᠤᠭᠰᠠᠨ ᠤ ᠬᠤᠪᠢ ᠳᠤ᠂ ᠵᠢᠵᠢᠭ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ᠂ | ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠶᠡᠭᠡ ᠪᠠᠷ ᠳᠥᠯᠭᠢᠨ ᠠᠬᠢᠭᠤᠯᠵᠤ ᠪᠣᠶ᠃ ᠦᠢᠯᠡᠳᠦᠯᠭᠡ ᠠᠴᠠ ᠢᠷᠡᠯᠲᠡ ᠲᠠᠢ ᠰᠢᠨᠵᠢᠯᠡᠬᠦ ᠤᠬᠠᠭᠠᠨᠴᠢ ᠰᠡᠳᠬᠢᠴᠡ ᠨᠢ | ᠪᠦᠬᠦ ᠪᠠᠯᠭᠠᠰᠤᠨ ᠤ ᠳᠡᠭᠡᠳᠦ ᠳᠤᠤᠷᠠᠳᠤ ᠱᠠᠲᠤᠨ ᠤ ᠤᠶᠤᠨ ᠤᠬᠠᠭᠠᠨ ᠢ ᠲᠥᠪᠯᠡᠷᠡᠭᠦᠯᠦᠨ ᠨᠢᠭᠲᠠᠷᠠᠭᠤᠯᠤᠭᠰᠠᠨ ᠪᠠ | ᠪᠤᠳᠠᠳᠠᠢ ᠲᠤᠰᠬᠠᠵᠤ᠂ ᠠᠯᠳ᠋ᠬᠤᠪᠤᠭᠠ ᠪᠠᠯᠭᠠᠰᠤᠨ ᠤ ᠠᠯᠢᠪᠠ ᠦᠢᠯᠡᠰ ᠤᠨ ᠬᠥᠭᠵᠢᠯ ᠪᠠᠳᠠᠷᠠᠯ ᠢ ᠬᠦᠴᠦᠲᠡᠢ | ᠠᠬᠢᠭᠤᠯᠤᠭᠰᠠᠨ ᠪᠠᠶᠢᠨ᠎ᠠ᠃ | | | | | ᠬᠤᠶᠠᠷ᠂ ᠬᠥᠭᠵᠢᠯᠲᠡ ᠶᠢᠨ ᠰᠠᠭᠤᠷᠢ | ᠠᠳᠡᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ︽ᠠᠯᠲᠠᠨ ᠣᠪᠣᠭ᠎ᠠ︾ | ᠭᠡᠰᠡᠨ ᠰᠠᠶᠢᠬᠠᠨ ᠠᠯᠳᠠᠷ ᠢ ᠭᠥᠷᠳᠡᠵᠦ ᠪᠠᠶᠢᠪᠠ ᠁ ᠭᠡᠪᠡᠴᠦ ᠲᠠᠷᠢᠶᠠᠯᠠᠩ ᠮᠠᠯ ᠠᠵᠤ ᠠᠬᠤᠶ ᠠᠴᠠ ᠠᠵᠤ | ᠦᠢᠯᠡᠳᠪᠦᠷᠢᠵᠢᠯᠲᠡ ᠳᠠᠰᠢ ᠰᠢᠯᠵᠢᠬᠦ ᠶᠠᠪᠤᠴᠠ ᠳᠤ᠂ ᠠᠯᠳ᠋ᠬᠤᠪᠤᠭᠠ ᠶᠢᠨ ᠬᠥᠮᠦᠰ ᠡᠷᠡᠭᠡᠯᠵᠡᠨ ᠲᠠᠲᠠᠭᠠᠯᠵᠠᠵᠤ | ᠪᠠᠶᠢᠪᠠ᠃ | ᠬᠦᠴᠢᠷᠳᠡᠯ ᠠᠴᠠ ᠬᠡᠷᠬᠢᠨ ᠮᠤᠯᠲᠤᠷᠠᠬᠤ ᠪᠤᠢ︖ ᠠᠯᠳ᠋ᠬᠤᠪᠤᠭᠠ ᠪᠠᠯᠭᠠᠰᠤ ᠨᠢ ︽ᠠᠮᠢ ᠠᠬᠤᠢ ᠪᠠᠷ | ᠪᠠᠯᠭᠠᠰᠤ ᠪᠠᠨ ᠪᠠᠶᠢᠭᠤᠯᠵᠤ᠂ ᠠᠵᠤ ᠦᠢᠯᠡᠳᠪᠦᠷᠢ ᠪᠠᠷ ᠪᠠᠯᠭᠠᠰᠤ ᠪᠠᠨ ᠬᠦᠴᠦᠷᠬᠡᠭᠵᠢᠭᠦᠯᠵᠦ᠂ ᠲᠥᠰᠥᠪ ᠢᠶᠠᠷ | ᠪᠠᠯᠭᠠᠰᠤ ᠪᠠᠨ ᠬᠥᠭᠵᠢᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠪᠠᠯᠭᠠᠰᠤ ᠪᠤᠯᠭᠠᠵᠤ︾ ᠠᠷᠠᠳ ᠢ ᠪᠠᠶᠠᠵᠢᠭᠤᠯᠬᠤ | ᠪᠠᠷ ᠬᠦᠴᠦᠯᠡᠨ ᠴᠢᠷᠮᠠᠶᠢᠪᠠ᠃ 50 ᠵᠢᠯ ᠤᠨ ᠬᠤᠭᠤᠴᠠᠭᠠᠨ ᠳᠤ᠂ ᠠᠯᠳ᠋ᠬᠤᠪᠤᠭᠠ ᠪᠠᠯᠭᠠᠰᠤ ᠬᠦᠴᠢᠷᠳᠡᠯ ᠤᠨ | ᠳᠤᠮᠳᠠ ᠲᠤᠩᠭᠠᠨ ᠪᠣᠳᠣᠯᠬᠢᠯᠠᠵᠤ᠂ ᠲᠤᠩᠭᠠᠨ ᠪᠣᠳᠣᠯᠬᠢᠯᠠᠬᠤ ᠶᠠᠪᠤᠴᠠ ᠳᠤ ᠬᠠᠶᠢᠨ ᠰᠦᠪᠡᠭᠴᠢᠯᠡᠵᠦ᠂ ᠬᠠᠶᠢᠨ | ᠰᠦᠪᠡᠭᠴᠢᠯᠡᠬᠦ ᠶᠠᠪᠤᠴᠠ ᠳᠤ ᠡᠷᠡᠯᠬᠡᠭᠯᠡᠨ ᠤᠷᠤᠭᠰᠢᠯᠠᠵᠤ᠂ ᠮᠠᠯ ᠠᠵᠤ ᠠᠬᠤᠢ ᠶᠢᠨ ᠲᠤᠮᠤ ᠪᠠᠯᠭᠠᠰᠤ ᠠᠴᠠ ᠠᠮᠢ | ᠠᠬᠤᠢ ᠶᠢᠨ ᠪᠣᠯᠪᠠᠰᠤᠨ᠂ ᠦᠢᠯᠡᠳᠪᠦᠷᠢ ᠠᠭᠤᠷᠬᠠᠢ ᠶᠢᠨ ᠦᠢᠯᠡᠰ ᠤᠨ ᠬᠦᠴᠦᠲᠦ ᠴᠡᠷᠢᠭ ᠬᠦᠴᠦᠷᠬᠡᠭ ᠪᠠᠯᠭᠠᠰᠤ | ᠲᠡᠰᠢ ᠬᠤᠪᠢᠷᠠᠨ ᠬᠤᠪᠢᠷᠠᠵᠠᠢ᠃ ᠠᠵᠤ ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠨᠢ ᠠᠯᠳ᠋ᠬᠤᠪᠤᠭᠠ | ᠪᠠᠯᠭᠠᠰᠤ ᠶᠢᠨ ᠠᠵᠤ ᠠᠬᠤᠶ ᠶᠢᠨ ᠦᠳᠲᠡᠷ ᠲᠦᠷᠭᠡᠨ ᠬᠥᠭᠵᠢᠯᠲᠡ ᠶᠢ ᠡᠮᠦᠨ᠎ᠡ ᠡᠩᠨᠡᠭᠡᠨ ᠳᠤ ᠣᠷᠣᠭᠤᠯᠤᠭᠰᠠᠨ ᠢᠶᠠᠷ | ᠪᠠᠷᠠᠬᠤ ᠦᠭᠡᠶ᠂ ᠠᠳᠡᠬᠢ ᠠᠷᠠᠳ ᠢᠷᠭᠡᠳ ᠲᠤ ᠴᠦ ᠠᠷᠠᠳ ᠢ ᠪᠠᠶᠠᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠡᠶ᠎ᠡ | ᠵᠣᠬᠢᠴᠠᠯ ᠲᠠᠢ ᠵᠢᠷᠤᠭ ᠢ ᠵᠢᠷᠤᠭᠯᠠᠵᠤ ᠥᠭᠭᠦᠭᠰᠡᠨ ᠪᠠᠶᠢᠨ᠎ᠠ᠃ | ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠠᠴᠠ ᠨᠠᠰᠢ᠂ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠲᠦᠮᠵᠢᠲᠡᠶ ᠬᠢᠨᠠᠯᠲᠠ ᠳᠣᠣᠷ᠎ᠠ᠂ | ᠠᠯᠳ᠋ᠬᠤᠪᠤᠭᠠ ᠪᠠᠯᠭᠠᠰᠤ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠴᠡ ᠪᠣᠯᠤᠨ ᠠᠶᠢᠮᠠᠭ᠂ | ᠬᠤᠰᠢᠭᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠠᠷᠠᠳ ᠢ ᠪᠠᠶᠠᠵᠢᠭᠤᠯᠤᠨ ᠪᠠᠯᠭᠠᠰᠤ ᠶᠢ ᠬᠦᠴᠦᠷᠬᠡᠭᠵᠢᠭᠦᠯᠬᠦ᠂ ᠡᠶ᠎ᠡ | ᠵᠣᠬᠢᠴᠠᠯ ᠲᠠᠢ ᠵᠣᠯ ᠵᠢᠷᠭᠠᠯ ᠲᠠᠢ ᠪᠠᠶᠢᠬᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠪᠦᠬᠦ ᠪᠠᠯᠭᠠᠰᠤᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠵᠡᠯ ᠰᠠᠨᠠᠭ᠎ᠠ ᠪᠠᠨ | ᠴᠢᠯᠥᠭᠡᠯᠡᠨ ᠬᠥᠭᠵᠢᠯᠲᠡ ᠶᠢ ᠡᠷᠢᠯᠬᠢᠯᠡᠬᠦ ᠶᠢ ᠪᠠᠷᠢᠮᠲᠠᠯᠠᠵᠤ᠂ ᠠᠷᠠᠳ ᠢ ᠪᠠᠶᠠᠵᠢᠭᠤᠯᠬᠤ ᠪᠠᠷ ᠭᠤᠣᠯᠯᠠᠭᠤᠯᠤᠨ | ᠬᠥᠭᠵᠢᠯᠲᠡ ᠶᠢ ᠠᠳᠬᠤᠵᠤ᠂ ᠲᠦᠷᠦᠯ ᠵᠦᠢᠯ ᠢ ᠴᠢᠩᠭ᠎ᠠ ᠠᠳᠬᠤᠨ ᠬᠥᠭᠵᠢᠯᠲᠡ ᠶᠢ ᠠᠬᠢᠭᠤᠯᠵᠤ᠂ ᠪᠦᠬᠦ | ᠪᠠᠯᠭᠠᠰᠤᠨ ᠤ ᠤᠯᠤᠰ ᠠᠷᠠᠳ ᠤᠨ ᠠᠵᠤ ᠠᠬᠤᠶ ᠶᠢ ᠦᠷᠭᠦᠯᠵᠢᠯᠡᠨ ᠲᠣᠭᠲᠠᠭᠤᠨ ᠪᠥᠭᠡᠳ ᠨᠡᠯᠢᠶᠡᠳ ᠲᠦᠷᠭᠡᠨ ᠢᠶᠠᠷ | ᠬᠥᠭᠵᠢᠬᠦ ᠰᠠᠶᠢᠨ ᠰᠠᠶᠢᠬᠠᠨ ᠪᠠᠶᠢᠳᠠᠯ ᠲᠠᠢ ᠪᠠᠶᠢᠯᠭᠠᠨ᠎ᠠ᠃ ᠠᠷᠪᠠᠨ ᠬᠤᠶᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ ᠪᠥᠬᠦ ᠪᠠᠯᠭᠠᠰᠤ ᠪᠠᠷ ᠢᠶᠠᠨ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ ᠢ 12445 ᠲᠦᠮᠡᠨ ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠠᠷᠪᠠᠨ | ᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ 1.31 ᠳᠠᠬᠢᠨ ᠪᠣᠯᠵᠣ᠂ ᠵᠢᠯ | ᠪᠦᠷᠢ ᠳᠤᠮᠳᠠᠴᠢ ᠪᠠᠷ 31% ᠪᠠᠷ ᠨᠡᠮᠡᠭᠳᠡᠪᠡ᠃ ᠡᠳ᠋ ᠤᠨ ᠵᠠᠰᠠᠭ ᠤᠨ ᠣᠷᠣᠯᠭ᠎ᠠ ᠵᠢᠱᠢᠯᠲᠡ ᠪᠠᠷ 2822 ᠲᠦᠮᠡᠨ | ᠲᠥᠭᠦᠷᠢᠭ ᠲᠤ ᠬᠦᠷᠴᠦ᠂ ᠠᠷᠪᠠᠨ ᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 3 ᠳᠠᠬᠢᠨ | ᠪᠣᠯᠵᠣ᠂ ᠵᠢᠯ ᠪᠦᠷᠢ ᠳᠤᠮᠳᠠᠴᠢ ᠪᠠᠷ 31% ᠪᠠᠷ ᠨᠡᠮᠡᠭᠳᠡᠨ᠎ᠡ︔ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ | ᠳᠤᠮᠳᠠᠴᠢ ᠴᠡᠪᠡᠷ ᠣᠷᠣᠯᠭ᠎ᠠ ᠵᠢᠱᠢᠯᠲᠡ ᠪᠠᠷ 16544 ᠲᠥᠭᠦᠷᠢᠭ ᠲᠤ ᠬᠦᠷᠴᠦ᠂ ᠠᠷᠪᠠᠨ ᠨᠢᠭᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 2 ᠳᠠᠬᠢᠨ ᠪᠠᠶᠢᠵᠤ᠂ ᠵᠢᠯ ᠪᠦᠷᠢ ᠳᠤᠮᠳᠠᠴᠢ ᠪᠠᠷ 8% ᠪᠠᠷ | ᠨᠡᠮᠡᠭᠳᠡᠬᠦ ᠪᠣᠯᠤᠨ᠎ᠠ᠃ | | | | | — ᠠᠵᠤ ᠦᠢᠯᠡᠰ ᠤᠨ ᠪᠦᠲᠦᠴᠡ ᠡᠳᠦᠷ ᠢᠷᠡᠬᠦᠶ᠎ᠡ ᠰᠢᠯᠢᠳᠡᠭᠵᠢᠵᠦ᠂ ᠬᠥᠭᠵᠢᠯᠲᠡ ᠶᠢᠨ ᠶᠠᠰᠤ ᠴᠢᠨᠠᠷ | ᠢᠯᠡᠳᠲᠡ ᠳᠡᠭᠡᠭᠰᠢᠯᠡᠪᠡ᠃ ᠮᠠᠨ ᠤ ᠪᠠᠯᠭᠠᠰᠤᠨ ᠤ ᠬᠠᠶᠢᠯᠤᠭᠤᠷ ᠵᠣᠩᠰᠢ᠂ ᠴᠠᠬᠢᠭᠤᠷ ᠴᠢᠯᠠᠭᠤ᠂ ᠲᠡᠮᠦᠷ᠂ ᠮᠠᠩᠭᠠᠨ᠂ | ᠪᠣᠷᠵᠢᠨ ᠴᠢᠯᠠᠭᠤᠯᠢᠭ ᠵᠡᠷᠭᠡ ᠡᠬᠢ ᠪᠠᠶᠠᠯᠢᠭ ᠡᠯᠪᠡᠭ ᠳᠡᠯᠪᠡᠭ ᠪᠠᠶᠢᠳᠠᠯ ᠨᠢ ᠪᠢᠳᠡᠨ ᠤ ᠡᠬᠢ ᠪᠠᠶᠠᠯᠢᠭ ᠢ ᠨᠡᠭᠡᠭᠡᠨ | ᠬᠦᠭᠵᠢᠭᠦᠯᠬᠦ᠂ ᠠᠰᠢᠭᠯᠠᠬᠤ᠂ ᠡᠮᠬᠢᠯᠡᠨ ᠨᠡᠶᠢᠯᠡᠭᠦᠯᠬᠦ᠂ ᠬᠤᠪᠢᠷᠠᠭᠤᠯᠬᠤ ᠬᠥᠭᠵᠢᠯᠲᠡ ᠶᠢᠨ ᠵᠠᠮ ᠢᠶᠠᠷ ᠵᠠᠮᠨᠠᠬᠤ ᠨᠢ | ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠶᠢᠨ ᠬᠦᠴᠦᠯᠡᠬᠦ ᠴᠡᠭ ᠪᠣᠯᠬᠤ ᠶᠢ ᠲᠣᠭᠲᠠᠭᠠᠭᠰᠠᠨ ᠶᠤᠮ᠃ ︽ | ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠪᠠᠯᠭᠠᠰᠤ ᠶᠢᠨ ᠬᠢᠨ ᠬᠠᠶᠢᠯᠤᠭᠤᠷ ᠵᠣᠩᠰᠢ᠂ | ᠴᠠᠬᠢᠭᠤᠷ ᠴᠢᠯᠠᠭᠤ᠂ ᠪᠣᠷᠵᠢᠨ ᠴᠢᠯᠠᠭᠤᠯᠢᠭ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯᠤᠨ | ᠰᠠᠯᠬᠢᠨ ᠤ ᠡᠨᠧᠷᠭᠢ ᠶᠢᠨ ᠳᠠᠪᠠᠭᠤᠯᠢᠭ ᠡᠬᠢ ᠪᠠᠶᠠᠯᠢᠭ ᠢ ᠵᠠᠯᠭᠠᠪᠡᠷ ᠨᠡᠭᠡᠭᠡᠨ ᠠᠰᠢᠭᠯᠠᠵᠤ᠂ ᠨᠡᠶᠢᠳᠬᠡᠵᠦ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠣᠷᠣᠨ ᠨᠤᠲᠤᠭ ᠲᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ | ᠦᠷᠭᠦᠯᠵᠢᠯᠡᠨ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠠᠵᠤ ᠠᠬᠤᠢ ᠶᠢ ᠢᠳᠡᠭ ᠢᠳᠡᠭ ᠢᠶᠠᠷ ᠣᠷᠣᠯᠠᠵᠤ᠂ | ᠪᠦᠬᠦ ᠪᠠᠯᠭᠠᠰᠤ ᠶᠢᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢ ᠪᠠ ᠠᠮᠢᠨ ᠰᠤᠳᠠᠰᠤ ᠪᠣᠯᠤᠭᠰᠠᠨ ᠪᠠᠶᠢᠨ᠎ᠠ᠃ | ᠥᠪᠥᠷ ᠮᠣᠩᠭᠤᠯ ᠤᠨ ᠵᠢᠶᠧ ᠶᠤᠸᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ ᠶᠢᠨ ᠨᠢᠭᠡᠳᠦᠭᠡᠷ | ᠬᠤᠭᠤᠴᠠᠭᠠᠨ ᠤ ᠢᠨᠵᠧᠨᠧᠷᠢᠩ ᠢ ᠠᠮᠵᠢᠯᠲᠠ ᠲᠠᠢ ᠪᠠᠷ ᠲᠣᠤᠷ ᠲᠤ ᠨᠡᠶᠢᠯᠡᠭᠦᠯᠦᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ᠂ ᠨᠡᠶᠢᠲᠡ 1.5 ᠰᠠᠶ᠎ᠠ ᠸᠠᠲ ᠤᠨ ᠰᠠᠯᠬᠢᠨ ᠬᠦᠴᠦᠨ ᠤ ᠮᠠᠰᠢᠨ ᠢ | ᠰᠢᠨ᠎ᠡ ᠪᠠᠷ 33 ᠪᠠᠶᠢᠭᠤᠯᠵᠤ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 49.5 ᠰᠠᠶ᠎ᠠ ᠸᠠᠲ ᠲᠤ | ᠬᠥᠷᠪᠡ᠃ ᠳᠤᠮᠳᠠᠳᠤ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠯᠳ᠋ᠬᠤᠪᠤᠭᠠ ᠪᠠᠯᠭᠠᠰᠤ ᠶᠢᠨ | ᠬᠠᠶᠢᠯᠤᠭᠤᠷ ᠵᠣᠩᠰᠢ ᠶᠢᠨ ᠬᠦᠳᠡᠷ ᠰᠢᠯᠢᠬᠦ ᠦᠢᠯᠡᠳᠪᠦᠷᠢ ᠪᠣᠯᠤᠨ ᠴᠢᠯᠠᠭᠤᠨ ᠮᠠᠲ᠋ᠧᠷᠢᠶᠠᠯ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠪᠡᠯᠡᠳᠬᠡᠮᠵᠢ ᠶᠢᠨ ᠢᠵᠢ | ᠪᠦᠷᠢᠳᠦᠭᠦᠯᠬᠦ ᠢᠨᠵᠧᠨᠧᠷᠢᠩ ᠢ ᠨᠢᠭᠡᠨᠲᠡ ᠪᠡᠶᠡᠯᠡᠭᠦᠯᠪᠡ᠃ ᠥᠪᠥᠷ ᠮᠣᠩᠭᠤᠯ ᠤᠨ ᠭᠠᠩ ᠯᠦᠩ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠯᠤ᠋ ᠹᠤᠩ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠨᠢᠭᠡᠨᠲᠡ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠪᠥᠭᠡᠳ ᠡᠭᠦᠨ ᠳᠤ ᠭᠠᠩ | ᠯᠦᠩ ᠨᠢᠭᠡᠨᠲᠡ ᠦᠢᠯᠡᠳᠪᠦᠷᠢᠯᠡᠯ ᠬᠢᠵᠦ ᠡᠬᠢᠯᠡᠭᠰᠡᠨ ᠪᠠᠶᠢᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠵᠢᠴᠢ ᠢᠵᠢ | ᠪᠦᠷᠢᠳᠦᠭᠦᠯᠬᠦ ᠪᠡᠯᠡᠳᠬᠡᠮᠵᠢ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠳᠤᠮᠳᠠ ᠠᠵᠤ ᠠᠬᠤᠶᠢᠯᠠᠯ ᠤᠨ | ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ ᠥᠭᠬᠦ | ᠬᠡᠷᠡᠭᠲᠡᠶ᠃ ᠵᠠᠩ ᠵᠢᠶᠠ ᠹᠠᠩ ᠠᠴᠠ ᠱᠠᠨ ᠳ᠋ᠠᠨ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠮᠠᠯᠴᠢᠳ ᠤᠨ | ᠨᠤᠲᠤᠭ ᠪᠡᠯᠴᠢᠭᠡᠷ ᠤᠨ ᠨᠥᠬᠦᠪᠥᠷᠢ ᠵᠡᠷᠭᠡ ᠡᠮᠦᠨᠡᠬᠢ ᠬᠤᠭᠤᠴᠠᠭᠠᠨ ᠤ ᠵᠣᠬᠢᠴᠠᠭᠤᠯᠬᠤ ᠠᠵᠢᠯ ᠤᠷᠤᠭᠰᠢᠲᠠᠶ | ᠶᠠᠪᠤᠭᠳᠠᠵᠤ ᠪᠠᠶᠢᠨ᠎ᠠ᠃ ︽ᠬᠠᠮᠲᠤ ᠶᠢᠨ ᠣᠶ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ︾ ᠶᠢᠨ ᠠᠵᠢᠯ ᠢ | ᠪᠦᠬᠦᠨ ᠢ ᠪᠡᠶᠡᠯᠡᠭᠦᠯᠵᠦ᠂ ᠣᠶᠢᠲᠤ ᠭᠠᠵᠠᠷ ᠤᠨ ᠡᠷᠬᠡ ᠶᠢ ᠨᠤᠲᠠᠯᠠᠭᠰᠠᠨ ᠲᠠᠯᠠᠪᠠᠶ 265 ᠲᠦᠮᠡᠨ ᠮᠥ ᠳᠤ ᠬᠦᠷᠴᠦ᠂ | 6 ᠭᠠᠴᠠᠭ᠎ᠠ ᠨᠡᠶᠢᠲᠡ 274 ᠳᠡᠪᠲᠡᠷ ᠣᠶ ᠶᠢᠨ ᠡᠷᠬᠡ ᠶᠢᠨ ᠦᠨᠡᠮᠯᠡᠯ ᠢ ᠣᠯᠭᠤᠪᠠ᠃ ᠮᠠᠯᠵᠢᠬᠤ ᠶᠢ ᠵᠣᠭᠰᠣᠭᠠᠵᠤ | ᠡᠪᠡᠰᠦ ᠪᠡᠯᠴᠢᠭᠡᠷ ᠢ ᠰᠡᠷᠭᠦᠭᠡᠬᠦ᠂ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠶ ᠶᠢᠨ ᠦᠷ᠎ᠡ ᠠᠰᠢᠭ ᠢ | ᠨᠥᠬᠦᠪᠥᠷᠢᠯᠡᠬᠦ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠴᠠᠭᠠᠨᠨᠢᠷᠤᠭᠤ ᠶᠢᠨ ᠸᠤᠨ ᠭᠤᠸᠠᠨ ᠭᠦᠸᠧ | ᠲᠤᠰᠬᠠᠶ ᠬᠤᠷᠰᠢᠶᠠᠵᠢᠯ ᠤᠨ 500 ᠮᠥ ᠸᠤᠨ ᠭᠤᠸᠠᠨ ᠭᠦᠸᠧ ᠳᠠᠷᠢᠬᠤ ᠵᠢᠴᠢ ᠪᠠᠶᠠᠨᠲᠣᠬᠤᠶ ᠭᠠᠴᠠᠭ᠎ᠠ ᠶᠢᠨ | 2000 ᠮᠥ ᠣᠷᠬᠢᠴᠠ ᠳᠠᠷᠢᠬᠤ ᠶᠢ ᠪᠡᠶᠡᠯᠡᠭᠦᠯᠦᠨ᠎ᠡ︔ ᠮᠠᠯᠴᠢᠨ ᠲᠠᠷᠢᠶᠠᠴᠢᠳ ᠤᠨ 30 ᠮᠥ ᠬᠠᠷ᠎ᠠ ᠨᠤᠬᠠᠢ ᠶᠢᠨ | ᠬᠠᠷᠮᠠᠭ ᠲᠤᠷᠰᠢᠨ ᠳᠠᠷᠢᠬᠤ ᠶᠢ ᠳᠡᠮᠵᠢᠵᠦ᠂ 1000 ᠮᠥ ᠴᠠᠭᠠᠨ ᠭᠤᠶᠤᠤ ᠶᠢᠨ ᠦᠷ᠎ᠡ ᠲᠡᠭᠦᠬᠦ ᠣᠷᠣᠨ ᠢ | ᠬᠦᠷᠢᠶᠡᠯᠡᠨ ᠪᠢᠲᠡᠭᠦᠮᠵᠢᠯᠡᠨ᠎ᠡ᠃ 10 ᠰᠠᠭᠤᠷᠢ ᠲᠣᠭᠤᠰᠬ᠎ᠠ ᠮᠣᠳᠣᠨ ᠤ ᠪᠦᠲᠦᠴᠡ ᠲᠠᠢ ᠲᠡᠮᠡᠭᠡᠨ ᠬᠠᠰᠢᠶ᠎ᠠ | ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠲᠠᠮᠰᠤᠭ ᠲᠡᠮᠡᠭᠡᠨ ᠤ ᠠᠵᠤ ᠦᠢᠯᠡᠰ ᠤᠨ ᠲᠤᠰᠬᠠᠶ ᠬᠤᠷᠰᠢᠶᠠᠵᠢᠯ ᠨᠢ | QS ᠠᠮᠤᠷ ᠲᠦᠪᠰᠢᠨ ᠤ ᠶᠠᠰᠤ ᠴᠢᠨᠠᠷ ᠤᠨ ᠭᠡᠷᠡᠴᠢᠯᠡᠯ ᠤᠯᠪᠠ᠃ ᠠᠯᠳᠠᠨ ᠲᠡᠮᠡᠭᠡᠨ ᠰᠠᠭᠠᠯᠢ ᠶᠢᠨ ᠬᠤᠷᠰᠢᠶᠠᠵᠢᠯ | ᠬᠡᠪ ᠤᠨ ᠶᠣᠰᠣᠭᠠᠷ ᠠᠵᠢᠯᠯᠠᠵᠤ ᠪᠠᠶᠢᠨ᠎ᠠ᠃ ︽12 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠪᠥᠬᠦ ᠪᠠᠯᠭᠠᠰᠤᠨ ᠤ ᠲᠡᠮᠡᠭᠡᠨ ᠤ ᠠᠵᠤ ᠦᠢᠯᠡᠰ᠂ ᠬᠠᠰᠢᠶᠠᠯᠠᠨ ᠲᠡᠵᠢᠭᠡᠵᠦ ᠦᠷᠡᠵᠢᠭᠦᠯᠬᠦ᠂ ᠡᠯᠡᠰᠦ ᠡᠪᠡᠰᠦᠨ ᠤ | ᠠᠵᠤ ᠦᠢᠯᠡᠰ ᠵᠡᠷᠭᠡ ᠬᠤᠷᠰᠢᠶᠠᠵᠢᠯ ᠢ 12 ᠪᠣᠯᠭᠠᠨ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠠᠳᠠᠯ ᠦᠢᠯᠡᠰ | ᠴᠣᠭᠴᠠᠯᠠᠬᠤ ᠪᠣᠳᠠᠲᠤ ᠴᠣᠭᠴᠠ ᠶᠢ ᠠᠯᠬᠤᠮ ᠠᠯᠬᠤᠮ ᠢᠶᠠᠷ ᠣᠨᠴᠠᠯᠢᠬᠵᠢᠭᠤᠯᠬᠤ᠂ ᠬᠡᠪᠴᠢᠶᠡᠵᠢᠭᠦᠯᠬᠦ᠂ ᠠᠵᠤ | ᠦᠶᠢᠯᠡᠰᠵᠢᠭᠦᠯᠬᠦ ᠳᠠᠰᠢ ᠤᠷᠤᠭᠰᠢᠯᠠᠭᠤᠯᠤᠨ᠎ᠠ᠃ | | | | | — ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠥᠭᠵᠢᠯᠲᠡ ᠶᠢᠨ ᠣᠷᠴᠢᠨ ᠨᠥᠬᠦᠴᠡᠯ | ᠲᠠᠰᠤᠷᠠᠯᠳᠠ ᠦᠭᠡᠢ ᠰᠢᠯᠢᠳᠡᠭᠵᠢᠪᠡ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ | ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠢ ᠬᠦᠴᠦᠷᠬᠡᠭᠵᠢᠭᠦᠯᠦᠨ ᠮᠠᠯᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠠᠰᠢᠭᠲᠠᠢ | ᠠᠵᠠ ᠲᠣᠬᠢᠶᠠᠯ ᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠨ | ᠠᠳᠬᠤᠵᠤ᠂ ᠲᠦᠷᠦᠯ ᠵᠦᠢᠯ ᠤᠨ ᠲᠠᠶᠢᠴᠢᠯᠠᠯ ᠳᠤ ᠲᠦᠰᠢᠭᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠢ᠃ 110 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠪᠠᠯᠭᠠᠰᠤᠨ ᠤ ᠰᠠᠭᠤᠭᠠᠯᠢ ᠠᠷᠠᠳ ᠤᠨ ᠤᠰᠤᠨ ᠤ ᠲᠣᠤᠷ ᠤᠨ | ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠪᠡ᠃ 12.6 ᠲᠦᠮᠡᠨ ᠲᠥᠭᠦᠷᠢᠭ ᠤᠨ ᠪᠠᠯᠠ ᠣᠷᠣᠭᠤᠯᠵᠤ᠂ | ᠠᠷᠠᠳ ᠢ ᠨᠡᠭᠦᠯᠭᠡᠬᠦ ᠣᠷᠣᠨ ᠤ ᠪᠣᠬᠢᠷ ᠤᠰᠤ ᠶᠢ ᠭᠠᠳᠠᠭᠰᠢᠯᠠᠭᠤᠯᠬᠤ ᠢᠨᠵᠧᠨᠧᠷᠢᠩ ᠢ ᠬᠡᠷᠡᠭᠵᠢᠭᠦᠯᠪᠡ᠃ | ᠡᠬᠢᠨᠰᠤᠬᠠᠢ ᠲᠤ 5 ᠺᠢᠯᠣᠮᠧᠲᠷ ᠤᠨ ᠦᠶᠡᠷ ᠢ ᠰᠡᠷᠭᠡᠶᠢᠯᠡᠬᠦ ᠬᠠᠰᠢᠯᠭ᠎ᠠ ᠶᠢ ᠪᠠᠶᠢᠭᠤᠯᠵᠤ ᠳᠠᠭᠤᠰᠬᠠᠪᠠ᠃ ᠴᠢᠨᠠᠷ | ᠬᠤᠪᠢᠶᠠᠨ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ ᠪᠠᠯᠭᠠᠰᠤᠨ ᠤ ᠰᠠᠭᠤᠭᠠᠯᠢ ᠠᠷᠠᠳ ᠤᠨ ᠤᠰᠤ | ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠠᠯᠳ᠋ᠬᠤᠪᠤᠭᠠ ᠪᠠᠯᠭᠠᠰᠤ ᠠᠴᠠ ᠡᠬᠢᠨᠰᠤᠬᠠᠢ | ᠬᠦᠷᠬᠦ ᠲᠠᠷᠢᠶᠠᠯᠠᠩ ᠤᠨ ᠴᠡᠭ ᠤᠨ 10 ᠺᠢᠯᠤᠸᠤᠯᠲ ᠤᠨ ᠴᠠᠬᠢᠯᠭᠠᠨ ᠳᠠᠮᠵᠢᠭᠤᠯᠬᠤ ᠱᠤᠭᠤᠮ ᠤᠨ ᠢᠨᠵᠧᠨᠧᠷᠢᠩ ᠢ | ᠪᠠᠶᠢᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠥᠪᠡᠷ ᠤᠨ ᠦᠷᠳᠡᠭ ᠢ ᠪᠠᠭᠤᠷᠠᠭᠤᠯᠪᠠ᠃ | ᠠᠯᠳ᠋ᠬᠤᠪᠤᠭᠠ ᠪᠠᠯᠭᠠᠰᠤ ᠶᠢᠨ ᠴᠠᠬᠢᠯᠭᠠᠨ ᠬᠠᠩᠭᠠᠬᠤ ᠡᠵᠡᠩᠨᠡᠯᠲᠡ ᠶᠢᠨ ᠭᠠᠵᠠᠷ ᠢ ᠳᠥᠷᠪᠡᠨ ᠣᠳᠣᠨ ᠲᠠᠰ ᠤᠨ | ᠪᠠᠷᠢᠮᠵᠢᠶ᠎ᠠ ᠳᠤ ᠬᠦᠷᠦᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠲᠠᠮᠰᠤᠭ ᠵᠠᠰᠠᠮᠠᠯ ᠵᠠᠮ ᠠᠴᠠ ᠵᠢᠶᠧ ᠶᠤᠸᠠᠨ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ ᠶᠢᠨ ᠠᠵᠢᠯᠯᠠᠬᠤ ᠪᠠ ᠠᠮᠢᠳᠤᠷᠠᠯ ᠤᠨ ᠲᠣᠭᠤᠷᠢᠭ ᠲᠤ ᠬᠦᠷᠬᠦ ᠪᠧᠲ᠋ᠣᠨ | ᠵᠠᠰᠠᠮᠠᠯ ᠵᠠᠮ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠪᠡ᠃ ᠰᠢᠨ᠎ᠡ ᠡᠷᠡᠨ ᠵᠠᠭᠤᠨ ᠤ ᠨᠡᠭᠦᠳᠡᠯ ᠠᠷᠠᠳ ᠤᠨ | ᠲᠣᠭᠤᠷᠢᠭ ᠤᠨ 11.5 ᠺᠢᠯᠣᠮᠧᠲᠷ ᠤᠨ ᠪᠧᠲ᠋ᠣᠨ ᠵᠠᠮ ᠤᠨ ᠪᠠᠷᠢᠯᠭ᠎ᠠ ᠶᠢ 80 ᠲᠦᠮᠡᠨ ᠲᠥᠭᠦᠷᠢᠭ ᠤᠨ ᠪᠠᠯᠠ | ᠣᠷᠣᠭᠤᠯᠵᠤ᠂ ᠪᠠᠯᠭᠠᠰᠤ ᠶᠢ ᠨᠣᠭᠤᠭᠠᠷᠠᠭᠤᠯᠬᠤ᠂ ᠭᠡᠷᠡᠯᠲᠦᠭᠦᠯᠬᠦ᠂ ᠬᠠᠲᠠᠭᠤᠷᠠᠭᠤᠯᠬᠤ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ᠃ ︽ᠨᠢᠭᠡ ᠬᠡᠷᠡᠭ ᠢ ᠨᠢᠭᠡ ᠵᠥᠪᠯᠡᠬᠦ︾ ᠡᠳ᠋ ᠤᠨ ᠵᠠᠰᠠᠭ ᠤᠨ | ᠱᠠᠩᠨᠠᠵᠤ ᠲᠤᠰᠠᠯᠠᠬᠤ ᠲᠥᠰᠥᠪ ᠤᠨ ᠪᠠᠯᠠ ᠮᠥᠩᠭᠦ ᠶᠢ 170 ᠲᠦᠮᠡᠨ ᠲᠥᠭᠦᠷᠢᠭ ᠤᠯᠬᠤ ᠪᠠᠷ ᠢᠳᠡᠪᠬᠢᠲᠡᠶ | ᠴᠢᠷᠮᠠᠶᠢᠵᠤ᠂ ᠭᠠᠴᠠᠭᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ ᠤᠷᠢᠳ ᠬᠤᠵᠢᠳ 70 ᠲᠦᠮᠡᠨ ᠲᠥᠭᠦᠷᠢᠭ ᠤᠨ ᠪᠡᠯᠡ | ᠣᠷᠣᠭᠤᠯᠵᠤ ᠪᠠᠯᠭᠠᠰᠤᠨ ᠤ ᠠᠯᠪᠠᠯᠠᠬᠤ ᠠᠰᠠᠷ᠂ ᠬᠦᠯᠢᠶᠡᠨ ᠠᠪᠬᠤ ᠭᠡᠷ ᠵᠢᠴᠢ ᠠᠵᠢᠯᠲᠠᠨ ᠠᠵᠢᠯᠴᠢᠨ ᠤ ᠬᠤᠭᠤᠯᠠᠨ | ᠭᠡᠷ ᠢ ᠰᠡᠯᠪᠢᠨ ᠵᠠᠰᠠᠭᠰᠠᠨ ᠪᠥᠭᠡᠳ ᠠᠯᠪᠠᠯᠠᠬᠤ ᠲᠥᠬᠦᠭᠡᠷᠦᠮᠵᠢ ᠪᠠᠨ ᠰᠢᠨᠡᠳᠬᠡᠪᠡ᠃ 16 ᠲᠦᠮᠡᠨ ᠲᠥᠭᠦᠷᠢᠭ ᠤᠨ | ᠪᠡᠯᠡ ᠣᠷᠣᠭᠤᠯᠵᠤ ᠪᠠᠯᠭᠠᠰᠤᠨ ᠤ ᠵᠢᠵᠢᠭ ᠬᠤᠷᠠᠯ ᠤᠨ ᠭᠡᠷ ᠢ ᠰᠢᠨ᠎ᠡ ᠪᠠᠷ ᠣᠶᠢᠷᠠᠳ ᠤᠨ ᠮᠣᠩᠭᠤᠯ | ᠦᠨᠳᠦᠰᠦᠲᠡᠨ ᠤ ᠤᠨᠴᠠᠯᠢᠭᠳᠤ ᠠᠶᠢᠯ ᠲᠣᠰᠬᠤᠨ ᠢ ᠥᠭᠡᠷᠡᠴᠢᠯᠡᠨ ᠵᠠᠰᠠᠬᠤ ᠲᠥᠰᠥᠪ ᠵᠢᠴᠢ ᠬᠠᠴᠢᠨ ᠴᠢᠯᠠᠭᠤ | ᠠᠭᠤᠳᠠᠮ ᠲᠠᠯᠠᠪᠠᠶ ᠶᠢᠨ ᠢᠨᠵᠧᠨᠧᠷᠢᠩ ᠪᠣᠯᠤᠨ ᠣᠶᠢᠷᠠᠳ ᠤᠨ ᠮᠣᠩᠭᠤᠯ ᠦᠨᠳᠦᠰᠦᠲᠡᠨ ᠤ ᠤᠨᠴᠠᠯᠢᠭᠳᠤ ᠠᠶᠢᠯ | ᠲᠣᠰᠬᠤᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠤᠨ ᠴᠢᠮᠡᠭᠯᠡᠯ ᠤᠨ ᠢᠨᠵᠧᠨᠧᠷᠢᠩ ᠢ ᠪᠡᠶᠡᠯᠡᠭᠦᠯᠦᠨ᠎ᠡ᠃ | 20.5 ᠲᠦᠮᠡᠨ ᠲᠥᠭᠦᠷᠢᠭ ᠤᠨ ᠪᠠᠯᠠ ᠣᠷᠣᠭᠤᠯᠵᠤ᠂ 20 ᠡᠷᠦᠬᠡ ᠶᠠᠳᠠᠭᠤ ᠬᠦᠴᠢᠷᠲᠡᠯᠳᠡᠢ ᠠᠶᠢᠯ ᠤᠨ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠦᠨ᠎ᠡ᠃ ᠭᠤᠷᠪᠠᠨᠲᠤᠯᠭᠠ ᠭᠠᠴᠠᠭᠠᠨ ᠤ | ᠰᠢᠯᠵᠢᠮᠡᠯ ᠮᠡᠳᠡᠭᠡ ᠬᠤᠯᠪᠣᠭᠠᠨ ᠤ ᠰᠠᠭᠤᠷᠢ ᠥᠷᠲᠡᠭᠡ ᠶᠢ ᠪᠠᠶᠢᠭᠤᠯᠤᠨ᠎ᠠ᠃ 15 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠪᠠᠯᠭᠠᠰᠤᠨ ᠤ ᠬᠤᠭ ᠨᠣᠪᠰᠢ ᠪᠤᠯᠠᠬᠤ ᠭᠠᠵᠠᠷ ᠪᠠ ᠬᠤᠭ ᠨᠣᠪᠰᠢ ᠴᠤᠭᠯᠠᠭᠤᠯᠬᠤ ᠭᠠᠵᠠᠷ ᠢ | ᠰᠢᠨ᠎ᠡ ᠪᠠᠷ ᠪᠠᠶᠢᠭᠤᠯᠪᠠ᠃ | | | | | — ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠠᠶᠢᠭᠠᠯᠢ | ᠬᠢᠭᠡᠳ ᠬᠥᠮᠦᠨ ᠨᠡᠶᠢᠭᠡᠮ ᠤᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠪᠠ᠃ ᠣᠨᠴᠠᠭᠠᠶ ᠣᠶ | ᠮᠣᠳᠣᠨ ᠤ ᠡᠬᠢ ᠪᠠᠶᠠᠯᠢᠭ ᠲᠤ ᠲᠦᠰᠢᠭᠯᠡᠨ᠂ ᠮᠠᠯ ᠪᠡᠯᠴᠢᠭᠡᠷ ᠤᠨ ᠵᠥᠷᠢᠴᠡᠯ ᠲᠣᠪᠤᠶᠢᠮ᠎ᠠ᠂ ᠠᠮᠢ ᠠᠬᠤᠶ ᠶᠢᠨ | ᠣᠷᠴᠢᠨ ᠲᠣᠭᠤᠷᠢᠨ ᠮᠠᠭᠤᠳᠠᠵᠤ ᠡᠯᠡᠰᠦᠵᠢᠭᠰᠡᠨ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠤᠳᠠᠭᠠᠨ ᠪᠠᠶᠢᠭ᠎ᠠ | ᠪᠣᠳᠠᠲᠤ ᠪᠠᠶᠢᠳᠠᠯ ᠳᠤ ᠴᠢᠭᠯᠡᠭᠦᠯᠦᠨ᠂ ᠠᠯᠳ᠋ᠬᠤᠪᠤᠭᠠ ᠪᠠᠯᠭᠠᠰᠤ ᠶᠢ ᠪᠦᠬᠦᠯᠢ ᠴᠣᠭᠴᠠ ᠪᠠᠷ ᠨᠢ ᠮᠠᠯᠵᠢᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠲᠥᠰᠥᠪ ᠪᠠ ᠤᠯᠤᠰ ᠤᠨ ᠭᠤᠤᠯᠳᠠᠯᠭ᠎ᠠ ᠲᠠᠢ ᠨᠡᠶᠢᠲᠡ ᠶᠢᠨ | ᠠᠰᠠᠷᠠᠮᠵᠢ ᠶᠢᠨ ᠣᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠮᠥᠩᠭᠦ ᠶᠢᠨ ᠲᠦᠷᠢᠮ ᠢ ᠬᠡᠷᠡᠭᠵᠢᠭᠦᠯᠬᠦ | ᠬᠡᠪᠴᠢᠶᠡᠨ ᠳᠤ ᠣᠷᠣᠭᠤᠯᠵᠤ᠂ ᠪᠥᠬᠦ ᠪᠠᠯᠭᠠᠰᠤᠨ ᠤ ᠠᠮᠢ ᠠᠬᠤᠶ ᠶᠢᠨ ᠵᠠᠰᠠᠯᠲᠠ ᠪᠠ ᠪᠥᠲᠥᠭᠡᠨ ᠪᠠᠶᠢᠭᠤᠯᠤᠯᠲᠠ ᠳᠤ | ᠬᠦᠴᠦᠲᠡᠶ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠬᠤᠶᠠᠷ ᠶᠡᠭᠡ ᠠᠮᠢ ᠠᠬᠤᠶ ᠶᠢᠨ ᠲᠥᠰᠥᠪ ᠢ ᠬᠡᠷᠡᠭᠵᠢᠭᠦᠯᠬᠦ ᠶᠠᠪᠤᠴᠠ ᠳᠤ᠂ ᠠᠯᠳ᠋ᠬᠤᠪᠤᠭᠠ ᠪᠠᠯᠭᠠᠰᠤ ᠶᠡᠭᠡ | ᠬᠡᠪᠴᠢᠶ᠎ᠡ ᠪᠠᠷ ᠬᠠᠮᠠᠭᠠᠯᠠᠬᠤ ᠪᠠ ᠪᠠᠭ᠎ᠠ ᠬᠡᠪᠴᠢᠶ᠎ᠡ ᠪᠠᠷ ᠪᠦᠲᠦᠭᠡᠨ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠬᠠᠮᠠᠭᠠᠯᠠᠬᠤ ᠪᠠᠷ ᠭᠤᠣᠯ ᠪᠣᠯᠭᠠᠵᠤ᠂ ᠪᠦᠲᠦᠭᠡᠨ ᠪᠠᠶᠢᠭᠤᠯᠤᠯᠲᠠ ᠪᠠᠷ ᠬᠠᠪᠰᠤᠷᠤᠮᠵᠢ ᠪᠣᠯᠭᠠᠵᠤ᠂ ︽ | ᠠᠮᠢ ᠠᠬᠤᠶ ᠪᠠᠷ ᠪᠠᠯᠭᠠᠰᠤ ᠪᠠᠶᠢᠭᠤᠯᠬᠤ︾ ᠠᠵᠢᠯ ᠤᠨ ᠰᠡᠳᠬᠢᠴᠡ ᠶᠢᠨ ᠲᠣᠭᠤᠷᠢᠨ ᠳᠤ᠂ ᠲᠥᠰᠥᠪ ᠤᠨ ᠪᠡᠯᠡ | ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠨᠡᠶᠢᠭᠡᠮ ᠵᠢᠷᠤᠮ ᠤᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ | ᠪᠦᠲᠦᠭᠡᠨ ᠪᠠᠶᠢᠭᠤᠯᠬᠤ ᠶᠢ ᠰᠢᠯᠵᠢᠭᠦᠯᠦᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠬᠤᠲᠠ ᠬᠥᠳᠡᠭᠡ ᠶᠢ ᠨᠢᠭᠡ | ᠴᠤᠭᠴᠠᠵᠢᠭᠤᠯᠬᠤ ᠠᠵᠢᠯ ᠲᠠᠢ ᠨᠢᠭᠲᠠ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠲᠣᠭᠲᠠᠭᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠯᠴᠢᠨ ᠲᠠᠷᠢᠶᠠᠴᠢᠨ ᠢ ᠬᠥᠲᠥᠯᠥᠨ | ᠵᠢᠯᠣᠭᠤᠳᠴᠤ ᠦᠵᠡᠯ ᠰᠠᠨᠠᠭ᠎ᠠ ᠣᠶᠢᠯᠠᠭᠠᠭᠳᠠᠬᠤᠨ ᠪᠠ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠨᠢ | ᠬᠤᠪᠢᠷᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠷᠠᠳ ᠤᠯᠠᠨ ᠤ ᠬᠠᠮᠤᠭ ᠤᠨ ᠥᠷᠭᠡᠨ ᠳᠡᠯᠭᠡᠷ | ᠳᠡᠮᠵᠢᠯᠭᠡ ᠶᠢ ᠤᠯᠬᠤ ᠪᠠᠷ ᠴᠢᠷᠮᠠᠶᠢᠵᠤ᠂ ︽ᠠᠮᠢ ᠠᠬᠤᠢ ᠶᠢᠨ ᠪᠣᠯᠪᠠᠰᠤᠨ ᠢ ᠬᠥᠮᠦᠨ ᠪᠦᠬᠦᠨ ᠡᠷᠬᠢᠮᠯᠡᠬᠦ᠂ ᠠᠮᠢ | ᠠᠬᠤᠢ ᠶᠢᠨ ᠶᠣᠰᠣ ᠰᠤᠷᠲᠠᠬᠤᠨ ᠢ ᠬᠥᠮᠦᠨ ᠪᠦᠬᠦᠨ ᠣᠶᠢᠯᠠᠭᠠᠬᠤ᠂ ᠠᠮᠢ ᠠᠬᠤᠢ ᠶᠢᠨ ᠶᠣᠰᠣ ᠰᠤᠷᠲᠠᠬᠤᠨ ᠢ | ᠬᠥᠮᠦᠨ ᠪᠦᠬᠦᠨ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠥᠮᠦᠨ ᠪᠦᠬᠦᠨ ᠪᠠᠶᠢᠭᠤᠯᠬᠤ︾ ᠰᠠᠶᠢᠨ | ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠵᠤ᠂ ᠡᠭᠦᠨ ᠤ ᠤᠯᠠᠮ ᠠᠴᠠ ᠮᠠᠯ ᠤᠨ ᠲᠤᠭ᠎ᠠ ᠲᠣᠯᠣᠭᠠᠢ | ᠴᠥᠭᠡᠷᠡᠵᠦ᠂ ᠮᠠᠯᠴᠢᠳ ᠤᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠪᠣᠯᠤᠨ ᠨᠤᠲᠤᠭ ᠪᠡᠯᠴᠢᠭᠡᠷ ᠤᠨ | ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠳᠡᠭᠡᠭᠰᠢᠯᠡᠬᠦ ︽ᠨᠢᠭᠡ ᠶᠢ ᠪᠠᠭᠤᠷᠠᠭᠤᠯᠵᠤ ᠬᠤᠶᠠᠷ ᠢ ᠳᠡᠭᠡᠭᠰᠢᠯᠡᠭᠦᠯᠬᠦ︾ | ᠪᠠᠶᠢᠳᠠᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠥᠬᠦ ᠪᠠᠯᠭᠠᠰᠤ ᠪᠠᠷ ᠢᠶᠠᠨ ᠪᠡᠯᠴᠢᠭᠡᠷᠯᠡᠭᠦᠯᠬᠦ ᠶᠢ | ᠴᠠᠭᠠᠵᠠᠯᠠᠭᠰᠠᠨ ᠪᠡᠯᠴᠢᠭᠡᠷ ᠢ ᠨᠡᠶᠢᠲᠡ 2032.8 ᠲᠦᠮᠡᠨ ᠮᠥ ᠪᠡᠶᠡᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ | ᠠᠬᠤᠶ ᠶᠢᠨ ᠲᠤᠭ᠎ᠠ ᠲᠣᠯᠣᠭᠠᠶ ︽ᠰᠢᠯᠵᠢᠭᠦᠯᠦᠨ ᠬᠥᠭᠵᠢᠭᠦᠯᠬᠦ ᠪᠠᠶᠢᠯᠳᠤᠬᠤ ᠪᠣᠳᠣᠯᠭ᠎ᠠ︾ ᠶᠢ ᠬᠡᠷᠡᠭᠵᠢᠭᠦᠯᠬᠦ ᠠᠴᠠ | ᠡᠮᠦᠨᠡᠬᠢ 13.3 ᠲᠦᠮᠡᠨ ᠲᠣᠯᠣᠭᠠᠶ ᠪᠠᠶᠢᠭᠰᠠᠨ ᠠᠴᠠ ᠪᠠᠨ ᠣᠲᠣ 2.9 ᠲᠦᠮᠡᠨ ᠲᠣᠯᠣᠭᠠᠶ ᠪᠣᠯᠵᠣ ᠪᠠᠭᠤᠷᠠᠪᠠ᠃ | | | | | — ᠠᠷᠠᠳ ᠤᠨ ᠠᠵᠤ ᠠᠬᠤᠶ ᠠᠷᠠᠳ ᠤᠨ ᠠᠮᠢᠳᠤᠷᠠᠯ ᠢ ᠢᠯᠡᠳᠲᠡ ᠰᠠᠶᠢᠵᠢᠷᠠᠭᠤᠯᠵᠤ᠂ ᠠᠮᠢᠳᠤᠷᠠᠯ ᠤᠨ | ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠷᠠᠳ ᠤᠨ ᠵᠣᠪᠠᠭᠤᠷᠢ ᠶᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠬᠥᠳᠡᠯᠮᠦᠷᠢᠯᠡᠪᠡᠯ ᠣᠷᠣᠯᠭ᠎ᠠ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠭᠥᠷᠳᠡᠬᠦ ᠠᠰᠠᠷᠠᠮᠵᠢ ᠲᠠᠢ | ᠂ ᠰᠠᠭᠤᠬᠤ ᠭᠠᠵᠠᠷ ᠲᠠᠢ ᠵᠡᠷᠭᠡ ᠲᠠᠯ᠎ᠠ ᠪᠠᠷ ᠦᠷᠭᠦᠯᠵᠢᠯᠡᠨ ᠰᠢᠨ᠎ᠡ ᠠᠬᠢᠯᠲᠠ ᠲᠠᠢ ᠪᠣᠯᠭᠠᠨ᠎ᠠ᠃ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠦᠷᠢᠮ ᠢ ᠢᠳᠡᠪᠬᠢᠲᠡᠶ | ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠳᠤ ᠨᠡᠶᠢᠲᠡ 462 ᠡᠷᠦᠬᠡ 1269 ᠬᠥᠮᠦᠨ ᠳᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠬᠦᠷᠲᠡᠭᠡᠪᠡ︔ 1316 ᠬᠥᠮᠦᠨ ᠢ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ | ᠣᠷᠣᠨ ᠤ ᠬᠤᠷᠰᠢᠭᠰᠠᠨ ᠡᠮᠨᠡᠯᠭᠡ ᠶᠢᠨ ᠬᠡᠪᠴᠢᠶᠡᠨ ᠳᠤ ᠣᠷᠣᠭᠤᠯᠵᠤ᠂ ᠬᠤᠷᠰᠢᠭᠰᠠᠨ ᠡᠮᠨᠡᠯᠭᠡ ᠳᠤ ᠣᠷᠣᠯᠴᠠᠭᠰᠠᠨ | ᠨᠣᠷᠮ᠎ᠠ ᠨᠢ 100% ᠳᠤ ᠬᠥᠷᠪᠡ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ | ᠂ ᠮᠠᠯᠵᠢᠬᠤ ᠣᠷᠣᠨ ᠤ 36 ᠡᠷᠦᠬᠡ ᠬᠢᠯᠢ ᠶᠢᠨ ᠬᠠᠮᠠᠭᠠᠯᠠᠯᠲᠠ ᠶᠢᠨ ᠨᠢᠭᠡᠳᠦᠭᠡᠷ ᠹᠷᠣᠨᠲ ᠤᠨ ᠡᠷᠦᠬᠡ᠂ ᠴᠠᠬᠢᠯᠭᠠᠨ | ᠥᠬᠡᠶ ᠡᠷᠦᠬᠡ ᠪᠠ ᠬᠦᠴᠢᠷᠳᠡᠯᠲᠡᠶ ᠡᠷᠦᠬᠡ ᠳᠤ ᠰᠠᠯᠬᠢ ᠪᠣᠯᠣᠨ ᠨᠠᠷᠠᠨ ᠨᠠ ᠬᠦᠴᠦ ᠪᠠᠷ ᠴᠠᠬᠢᠯᠭᠠᠨ ᠭᠠᠷᠭᠠᠬᠤ | ᠲᠥᠬᠦᠭᠡᠷᠦᠮᠵᠢ ᠤᠭᠰᠠᠷᠠᠵᠤ ᠥᠭᠪᠡ᠃ 101 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠡᠭᠦᠷᠭᠡ ᠶᠢ ᠤᠷᠢᠳ ᠬᠤᠵᠢᠳ ᠪᠡᠶᠡᠯᠡᠭᠦᠯᠪᠡ᠃ ᠮᠠᠯᠴᠢᠨ ᠲᠠᠷᠢᠶᠠᠴᠢᠳ ᠲᠤ ᠠᠳᠠᠯ ᠦᠢᠯᠡᠰ | ᠴᠣᠭᠴᠠᠯᠠᠬᠤ ᠶᠢᠨ ᠬᠦᠦ ᠮᠦᠩᠭᠦ ᠶᠢ ᠨᠢ ᠣᠷᠣᠯᠠᠨ ᠥᠭᠬᠦ᠂ ᠶᠠᠳᠠᠭᠤ ᠶᠢ ᠲᠡᠳᠬᠦᠬᠦ᠂ ᠣᠷᠣᠨ ᠰᠠᠭᠤᠴᠠ᠂ ᠭᠤᠷᠪᠠᠨ | ᠡᠷᠦᠬᠡ ᠶᠢᠨ ᠬᠤᠯᠪᠣᠭᠠᠯᠠᠭᠰᠠᠨ ᠳᠠᠭᠠᠳᠬᠠᠯ ᠵᠡᠷᠭᠡ ᠡᠯ᠎ᠡ ᠲᠥᠷᠥᠯ ᠤᠨ ᠵᠢᠭᠡᠯᠡᠯᠭᠡ ᠶᠢ ᠵᠣᠬᠢᠴᠠᠭᠤᠯᠤᠨ | ᠭᠦᠢᠴᠡᠳᠬᠡᠬᠦ ᠳᠤ ᠨᠡᠶᠢᠲᠡ 1879.5 ᠲᠦᠮᠡᠨ ᠲᠥᠭᠦᠷᠢᠭ ᠤᠨ ᠵᠢᠭᠡᠯᠡᠯᠭᠡ ᠥᠭᠪᠡ᠃ ᠲᠠᠷᠢᠶᠠᠴᠢᠨ ᠮᠠᠯᠴᠢᠨ | ᠲᠦᠮᠡᠨ ᠳᠤ ᠨᠡᠶᠢᠲᠡ 274332.63 ᠲᠦᠮᠡᠨ ᠲᠥᠭᠦᠷᠢᠭ ᠤᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠥᠩᠭᠦ᠂ ᠥᠨᠳᠥᠷ ᠨᠠᠰᠤᠨ ᠤ ᠨᠥᠬᠦᠪᠥᠷᠢ᠂ ᠤᠶᠤᠲᠠᠳ ᠤᠨ ᠨᠥᠬᠦᠪᠥᠷᠢ᠂ ᠭᠠᠮᠰᠢᠭ ᠠᠴᠠ | ᠠᠪᠤᠷᠬᠠᠤ᠂ ᠲᠣᠬᠤᠨᠢᠭᠤᠯᠬᠤ ᠵᠡᠷᠭᠡ ᠪᠠᠯᠠ ᠮᠥᠩᠭᠦ ᠶᠢ ᠨᠡᠶᠢᠲᠡ 274332.63 ᠲᠦᠮᠡᠨ ᠲᠥᠭᠦᠷᠢᠭ | ᠬᠤᠷᠠᠮᠳᠤᠭᠤᠯᠤᠨ ᠲᠠᠷᠬᠠᠭᠠᠪᠠ᠃ ᠭᠠᠴᠠᠭ᠎ᠠ᠂ ᠨᠡᠶᠢᠭᠡᠮ ᠲᠣᠭᠤᠷᠢᠭ ᠤᠨ ᠤᠳᠤᠷᠢᠳᠤᠯᠭ᠎ᠠ ᠳᠤ ᠴᠢᠮᠡᠭᠡ | ᠨᠡᠪᠲᠡᠷᠡᠯᠭᠡ ᠶᠢᠨ ᠨᠥᠬᠦᠪᠥᠷᠢ ᠶᠢ ᠬᠥᠮᠦᠨ ᠪᠦᠷᠢ ᠳᠤ ᠵᠢᠯ ᠳᠤ 1000 ᠲᠥᠭᠦᠷᠢᠭ ᠣᠯᠭᠤᠨ᠎ᠠ᠃ ᠨᠤᠲᠤᠭ | ᠪᠡᠯᠴᠢᠭᠡᠷ ᠤᠨ ᠱᠠᠩᠨᠠᠵᠤ ᠲᠤᠰᠠᠯᠠᠬᠤ ᠪᠠᠯᠠ ᠮᠥᠩᠭᠦ ᠵᠢᠴᠢ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠥᠷᠢ ᠶᠢ | ᠪᠦᠬᠦᠨ ᠢ ᠴᠠᠭ ᠲᠤᠬᠠᠶ ᠳᠤᠨᠢ ᠣᠯᠭᠤᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ 2 ᠠᠵᠢᠯ ᠤᠨ | ᠪᠠᠶᠢᠷᠢ ᠶᠢ ᠤᠷᠢᠳ ᠬᠤᠵᠢᠳ ᠲᠡᠮᠡᠴᠡᠨ ᠤᠯᠪᠠ᠃ 96 ᠡᠷᠦᠬᠡ ᠮᠠᠯᠴᠢᠳ ᠲᠤ ᠬᠡᠷ ᠪᠦᠯᠢ ᠶᠢᠨ ᠵᠢᠵᠢᠭ ᠡᠮ ᠤᠨ | ᠬᠠᠶᠢᠷᠴᠠᠭ ᠢ ᠦᠨ᠎ᠡ ᠲᠥᠯᠥᠪᠦᠷᠢ ᠥᠬᠡᠶ ᠪᠠᠷ ᠲᠦᠭᠡᠭᠡᠨ ᠥᠭᠴᠦ᠂ ᠥᠷᠭᠡᠨ ᠣᠯᠠᠨ ᠮᠠᠯᠴᠢᠨ ᠲᠦᠮᠡᠨ ᠳᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠨᠠᠩ ᠲᠥᠬᠦᠮ ᠦᠢᠯᠡᠴᠢᠯᠡᠭᠡ ᠶᠢ ᠬᠦᠷᠲᠡᠭᠡᠨ᠎ᠡ᠃ ᠬᠤᠶᠠᠷ ᠭᠠᠴᠠᠭᠠᠨ ᠤ ︽ | ᠭᠤᠷᠪᠠ ᠶᠢ ᠲᠣᠰᠬᠤᠨ ᠪᠠ ᠡᠷᠦᠬᠡ ᠳᠤ ᠬᠦᠷᠭᠡᠬᠦ︾ ᠲᠥᠰᠥᠪ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠡᠮᠬᠢ | ᠵᠢᠷᠤᠮ ᠲᠠᠢ ᠪᠠᠷ ᠳᠥᠯᠭᠢᠨ ᠠᠬᠢᠭᠤᠯᠪᠠ᠃ 251 ᠨᠠᠰᠤᠲᠠᠶᠢᠴᠤᠳ ᠲᠤ ᠭᠠᠷ ᠤᠲᠠᠰᠤ ᠲᠠᠷᠬᠠᠭᠠᠵᠤ᠂ ᠷᠠᠳᠢᠣ᠋ | ᠲᠧᠯᠸᠢᠰ ︽ᠡᠷᠦᠬᠡ ᠪᠣᠯᠭᠠᠨ ᠳᠤ ᠨᠡᠪᠲᠡᠷᠡᠬᠦ︾ ᠶᠢ ᠦᠨᠳᠦᠰᠦᠨ ᠳᠡᠭᠡᠨ ᠪᠦᠷᠬᠦᠭᠦᠯᠪᠡ᠃ | | | | | — ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠵᠤ᠂ ᠡᠶ᠎ᠡ ᠵᠣᠬᠢᠴᠠᠯ ᠲᠠᠢ ᠨᠡᠶᠢᠭᠡᠮ ᠢ ᠪᠦᠳᠦᠭᠡᠨ | ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠪᠠᠷᠢᠮᠵᠢᠶᠠᠵᠢᠭᠤᠯᠤᠭᠰᠠᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠢ ᠰᠢᠨ᠎ᠡ ᠪᠠᠷ ᠪᠠᠶᠢᠭᠤᠯᠪᠠ᠃ | ᠭᠠᠴᠠᠭ᠎ᠠ ︵ᠨᠡᠶᠢᠭᠡᠮ ᠲᠣᠭᠤᠷᠢᠭ︶ ᠶᠢᠨ ᠡᠷᠡᠭᠦᠯ ᠬᠠᠮᠠᠭᠠᠯᠠᠯ ᠤᠨ ᠲᠠᠰᠤᠭ ᠢ ᠴᠢᠩᠭᠠᠳᠬᠠᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠪᠡᠯᠡᠳᠬᠡᠮᠵᠢ ᠶᠢᠨ ᠨᠥᠬᠦᠴᠡᠯ ᠪᠠ ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ | ᠮᠠᠯᠴᠢᠨ ᠲᠠᠷᠢᠶᠠᠴᠢᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠮᠦᠨ | ᠠᠮᠠ ᠬᠢᠭᠡᠳ ᠲᠥᠯᠥᠪᠯᠡᠭᠡᠲᠦ ᠦᠷᠡᠵᠢᠯ ᠤᠨ ᠡᠯ᠎ᠡ ᠵᠤᠶᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ 2014 ᠣᠨ ᠳᠤ ᠪᠥᠬᠦ ᠪᠠᠯᠭᠠᠰᠤᠨ ᠤ ᠬᠥᠮᠦᠨ ᠠᠮᠠ ᠶᠢᠨ ᠲᠥᠷᠥᠯᠲᠡ ᠶᠢᠨ ᠨᠣᠷᠮ᠎ᠠ 3. | 02‰ ᠪᠣᠯᠵᠣ᠂ ᠠᠶᠠᠨᠳᠠᠭᠠᠨ ᠨᠡᠮᠡᠭᠳᠡᠬᠦ ᠨᠣᠷᠮ᠎ᠠ -3.6‰ ᠪᠣᠯᠪᠠ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠ ᠶᠢ ᠬᠥᠳᠡᠭᠡ | ᠪᠠᠭᠤᠯᠭᠠᠬᠤ︾᠂ ︽ᠳᠥᠷᠪᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠪᠠ ᠣᠯᠠᠨ ᠲᠦᠮᠡᠨᠴᠢ ᠴᠢᠨᠠᠷᠲᠠᠶ | ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ | ᠪᠠᠶᠠᠯᠢᠭᠵᠢᠭᠤᠯᠤᠨ᠎ᠠ᠃ ︽ᠡᠷᠡᠯᠬᠡᠭᠯᠡᠨ ᠤᠷᠤᠭᠰᠢᠯᠠᠵᠤ ᠪᠠᠶᠢᠭᠠᠠᠯᠳ᠋ᠬᠤᠪᠤᠭᠠ︾ ᠬᠡᠷᠡᠯ ᠵᠢᠷᠤᠭ ᠤᠨ ᠤᠷᠤᠯᠳᠤᠭᠠᠨ ᠢ | ᠡᠷᠭᠢᠯᠡᠪᠡ᠃ ︽ᠤᠷᠲᠤ ᠶᠢᠨ ᠳᠠᠭᠤᠤ ᠠᠷᠠᠳ ᠤᠨ ᠳᠠᠭᠤᠤ ᠶᠢ ᠤᠯᠠᠮᠵᠢᠯᠠᠨ ᠵᠠᠯᠭᠠᠮᠵᠢᠯᠠᠬᠤ ᠤᠷᠠᠯᠢᠭ ᠤᠨ ᠦᠨᠡᠲᠦ | ᠡᠷᠳᠡᠨᠢ ᠶᠢ ᠬᠠᠮᠠᠭᠠᠯᠠᠬᠤ︾ ᠮᠠᠯᠴᠢᠳ ᠤᠨ ᠳᠠᠭᠤᠨ ᠤ ᠤᠷᠤᠯᠳᠤᠭᠠᠨ ᠢ ᠥᠷᠨᠢᠭᠦᠯᠵᠦ᠂ ᠤᠷᠲᠤ ᠶᠢᠨ ᠳᠠᠭᠤᠤ | ᠠᠷᠠᠳ ᠤᠨ ᠳᠠᠭᠤᠤ ᠶᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠪᠠᠶᠢᠭᠤᠯᠪᠠ᠃ ᠠᠶᠢᠮᠠᠭ ᠤᠨ | ᠵᠠᠬᠢᠷᠭ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ | ᠠᠩᠬᠠᠳᠤᠭᠠᠷ ᠬᠤᠭᠤᠴᠠᠭᠠᠨ ᠤ ᠠᠯᠠᠱᠠ ᠶᠢᠨ ᠲᠥᠮᠡᠨ ᠲᠡᠮᠡᠭᠡᠨ ᠤ ᠰᠣᠶᠣᠯ ᠤᠨ ᠨᠠᠶᠢᠷ ᠲᠤ ᠢᠳᠡᠪᠬᠢᠲᠡᠶ ᠬᠠᠮᠵᠢᠯᠴᠠᠨ | ᠣᠷᠣᠯᠴᠠᠵᠤ᠂ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠬᠤ ᠶᠢᠨ | ᠬᠠᠮᠲᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ | ᠪᠦᠬᠦ ᠠᠶᠢᠮᠠᠭ ᠤᠨ ᠠᠩᠬᠠᠳᠠᠭᠴᠢ ᠲᠡᠮᠡᠭᠡᠨ ᠪᠥᠮᠪᠦᠭᠡ ᠶᠢᠨ ᠠᠩᠭᠢ ᠶᠢ ᠪᠠᠶᠢᠭᠤᠯᠤᠭᠰᠠᠨ ᠪᠥᠭᠡᠳ ᠲᠥᠪᠯᠡᠷᠡᠭᠦᠯᠦᠨ | ᠪᠣᠯᠪᠠᠰᠤᠷᠠᠭᠤᠯᠬᠤ ᠲᠠᠯᠠᠪᠠᠶ ᠶᠢ ᠰᠢᠨ᠎ᠡ ᠪᠠᠷ ᠪᠠᠶᠢᠭᠤᠯᠵᠠᠶ᠃ ᠵᠢᠯ ᠪᠦᠷᠢ ᠨᠢᠭᠡ ᠤᠳᠠᠭ᠎ᠠ ᠶᠠᠪᠤᠭᠳᠠᠳᠠᠭ ᠲᠡᠮᠡᠭᠡᠨ | ᠪᠥᠮᠪᠦᠭᠡ᠂ ᠲᠡᠮᠡᠭᠡᠨ ᠳᠡᠭᠡᠷ᠎ᠡ ᠠᠴᠠ ᠰᠤᠷ ᠬᠠᠷᠪᠤᠬᠤ᠂ ᠲᠡᠮᠡᠭᠡ ᠤᠷᠤᠯᠳᠤᠬᠤ ᠵᠡᠷᠭᠡ ᠲᠡᠮᠡᠭᠡᠨ ᠤ ᠰᠣᠶᠣᠯ ᠤᠨ | ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠡᠮᠡᠭᠡᠨ ᠤ ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ | ᠥᠷᠭᠡᠳᠬᠡᠵᠡᠶ᠃ ᠵᠢᠷᠭᠤᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ | ᠭᠦᠨᠵᠡᠭᠡᠶ ᠲᠦᠯᠬᠢᠨ ᠠᠬᠢᠭᠤᠯᠵᠤ᠂ ᠠᠷᠠᠳ ᠤᠨ ᠡᠶᠡᠳᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ | ᠵᠥᠷᠢᠴᠡᠯ ᠢ ᠢᠳᠡᠪᠬᠢᠲᠡᠶ ᠪᠠᠷ ᠠᠷᠢᠯᠭᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ︽ᠠᠮᠤᠷ ᠠᠮᠤᠭᠤᠯᠠᠩ ᠪᠠᠯᠭᠠᠰᠤ︾ ᠶᠢᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠢᠯᠭᠠᠷᠠᠭᠤᠯᠤᠨ ᠪᠠᠶᠢᠴᠠᠭᠠᠵᠤ ᠠᠷᠢᠯᠭᠠᠬᠤ | ᠠᠵᠢᠯ ᠢ ᠭᠦᠨᠵᠡᠭᠡᠶ ᠥᠷᠨᠢᠭᠦᠯᠵᠦ᠂ ᠨᠡᠶᠢᠭᠡᠮ ᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠶᠡᠬᠡᠪᠡᠷ | ᠴᠢᠩᠭᠠᠳᠬᠠᠵᠤ᠂ ᠪᠦᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ | ᠠᠮᠤᠷ ᠲᠠᠶᠢᠪᠤᠩ ᠪᠠᠶᠢᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ︽ᠠᠷᠠᠳ ᠢᠶᠠᠨ | ᠬᠠᠶᠢᠷᠠᠯᠠᠨ ᠬᠢᠯᠢ ᠬᠢᠵᠠᠭᠠᠷ ᠢᠶᠠᠨ ᠪᠠᠬᠢᠵᠢᠭᠦᠯᠬᠦ︾ ᠵᠢᠱᠢᠶᠡᠴᠢ ᠪᠠᠯᠭᠠᠰᠤ ᠶᠢ ᠡᠭᠦᠳᠦᠨ ᠪᠠᠶᠢᠭᠤᠯᠵᠤ᠂ ᠭᠠᠴᠠᠭ᠎ᠠ ᠶᠢᠨ | ᠠᠵᠢᠯᠯᠠᠭ᠎ᠠ ᠶᠢ ᠠᠮᠢᠳᠤᠯᠢᠭ ᠴᠣᠪᠣᠭᠤᠯᠢᠭ ᠬᠢᠵᠦ᠂ ︽ᠬᠤᠶᠠᠷ ᠢ ᠬᠦᠷᠢᠶᠡᠯᠡᠬᠦ︾ ᠠᠵᠢᠯ ᠪᠠ ᠴᠡᠷᠢᠭ ᠠᠩᠭᠢ ᠪᠠ | ᠣᠷᠣᠨ ᠨᠤᠲᠤᠭ ᠢ ᠬᠠᠮᠲᠤᠪᠠᠷ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠶᠤᠯᠭᠦᠶ | ᠦᠢᠯᠡᠳᠪᠦᠷᠢᠯᠡᠯ᠂ ᠨᠢᠭᠡᠳᠦᠮᠡᠯ ᠹᠷᠣᠨᠲ᠂ ᠠᠷᠠᠳ ᠤᠨ ᠵᠡᠪᠰᠡᠭᠲᠦ ᠬᠦᠴᠦᠨ ᠤ ᠬᠢᠯᠢ ᠶᠢᠨ ᠬᠠᠮᠠᠭᠠᠯᠠᠯᠲᠠ᠂ ᠭᠠᠳᠠᠭᠠᠳᠤ | ᠤᠬᠠᠭᠤᠯᠭ᠎ᠠ ᠪᠠ ᠡᠮᠡᠭᠲᠡᠶᠢᠴᠦᠳ ᠬᠡᠦᠬᠡᠳ᠂ ᠠᠷᠠᠳ ᠤᠨ ᠶᠠᠪᠤᠳᠠᠯ᠂ ᠦᠨᠳᠦᠰᠦᠲᠡᠨ ᠱᠠᠰᠢᠨ ᠰᠤᠷᠲᠠᠬᠤᠨ᠂ | ᠮᠣᠩᠭᠤᠯ ᠦᠭᠡ ᠬᠡᠯᠡ ᠦᠰᠦᠭ ᠪᠢᠴᠢᠭ᠂ ᠳᠠᠩᠰᠠ ᠡᠪᠬᠡᠮᠡᠯ ᠤᠨ ᠬᠠᠮᠢᠶᠠᠷᠤᠯᠲᠠ᠂ ᠰᠣᠶᠣᠯ ᠷᠠᠳᠢᠣ᠋ ᠲᠧᠯᠸᠢᠰ ᠵᠡᠷᠭᠡ | ᠡᠯ᠎ᠡ ᠵᠦᠢᠯ ᠤᠨ ᠠᠵᠢᠯ ᠦᠢᠯᠡᠰ ᠴᠥᠮ ᠦᠳᠲᠡᠷ ᠲᠦᠷᠭᠡᠨ ᠬᠥᠭᠵᠢᠪᠡ᠃ ᠠᠷᠠᠳᠴᠢᠯᠠᠯ ᠪᠠ ᠬᠠᠤᠯᠢ ᠪᠠᠷ ᠵᠠᠰᠠᠬᠤ | ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠬᠢᠭᠡᠳ ᠡᠶ᠎ᠡ ᠵᠣᠬᠢᠴᠠᠯ ᠲᠠᠢ ᠨᠡᠶᠢᠭᠡᠮ ᠤᠨ | ᠪᠠᠶᠢᠭᠤᠯᠤᠯᠲᠠ ᠰᠢᠨ᠎ᠡ ᠦᠷ᠎ᠡ ᠪᠦᠲᠦᠭᠡᠯ ᠤᠯᠪᠠ᠃ | | | | | ᠭᠤᠷᠪᠠ᠂ ᠨᠠᠮ ᠤᠨ ᠪᠠᠶᠢᠭᠤᠯᠤᠯᠲᠠ ᠶᠢᠨ ᠠᠵᠢᠯ | ᠤᠢᠢᠷ᠎ᠠ ᠶᠢᠨ ᠬᠡᠳᠦᠨ ᠵᠢᠯ ᠳᠤ᠂ ᠪᠠᠯᠭᠠᠰᠤᠨ ᠤ ᠨᠠᠮ ᠤᠨ ᠬᠤᠷᠢᠶ᠎ᠠ ︽ᠨᠠᠮ ᠤᠨ ᠪᠠᠶᠢᠭᠤᠯᠤᠯᠲᠠ ᠶᠢ | ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠬᠤ︾ ᠰᠡᠳᠬᠢᠴᠡ ᠶᠢ ᠢᠮᠠᠭᠲᠠ ᠪᠠᠷᠢᠮᠲᠠᠯᠠᠵᠤ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠪᠠᠯᠭᠠᠰᠤᠨ ᠤ ᠠᠵᠢᠯ ᠤᠨ ᠴᠢᠬᠤᠯᠠ ᠪᠠᠶᠢᠷᠢᠨ ᠳᠤ | ᠲᠠᠯᠪᠢᠵᠤ᠂ ᠳ᠋ᠧᠩ ᠰᠢᠶᠤᠤ ᠫᠢᠩ ᠤᠨ ᠤᠨᠤᠯ ᠪᠠ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠦᠬᠦ | ᠲᠠᠯ᠎ᠠ ᠪᠠᠷ ᠦᠢᠯᠡᠳᠦᠯᠭᠡᠵᠢᠭᠦᠯᠵᠦ᠂ ᠨᠠᠮ ᠤᠨ ᠤᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠪᠠᠷ ᠭᠤᠣᠯ ᠰᠢᠵᠢᠮ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ ᠪᠠᠶᠢᠭᠤᠯᠤᠯᠲᠠ ᠶᠢᠨ ᠭᠠᠷᠳᠠᠴᠠ ᠶᠢ | ᠳᠡᠭᠡᠭᠰᠢᠯᠡᠭᠦᠯᠬᠦ ᠪᠠᠷ ᠪᠦᠬᠦ ᠪᠠᠯᠭᠠᠰᠤᠨ ᠤ ᠭᠤᠣᠯ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ | ᠰᠢᠯᠭᠠᠨ ᠠᠪᠴᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠰᠢᠯᠭᠠᠨ ᠬᠢᠨᠠᠨ᠎ᠠ᠃ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠢ ᠰᠢᠪᠠᠳᠠᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ | ᠰᠢᠪᠠᠳᠠᠨ ᠪᠠᠶᠢᠴᠠᠭᠠᠬᠤ ᠪᠠ ᠰᠠᠨᠠᠯ ᠬᠤᠷᠢᠶᠠᠬᠤ ᠶᠢ ᠥᠷᠨᠢᠭᠦᠯᠵᠦ᠂ ᠤᠯᠠᠨ ᠲᠦᠮᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠣᠳᠣᠷᠬᠠᠶᠢᠯᠠᠵᠤ᠂ ᠤᠳᠤᠷᠢᠳᠬᠤ ᠪᠠᠭ ᠤᠨ ᠬᠡᠮᠵᠢᠶᠡᠵᠢᠭᠦᠯᠦᠭᠰᠡᠨ | ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠨᠠᠷᠢᠯᠢᠬᠵᠢᠭᠤᠯᠤᠨ᠎ᠠ᠃ ᠤᠳᠤᠷᠢᠳᠬᠤ ᠪᠠᠭ ᠤᠨ ᠬᠠᠷᠢᠯᠴᠠᠬᠤ ᠴᠡᠭ ᠤᠨ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠨᠢ ᠠᠵᠢᠯ ᠤᠨ | ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠢ | ᠪᠠᠶᠢᠭᠤᠯᠵᠤ᠂ ᠬᠠᠷᠢᠶ᠎ᠠ ᠭᠠᠴᠠᠭ᠎ᠠ ᠶᠢ ᠬᠠᠪᠰᠤᠷᠤᠨ ᠲᠡᠳᠬᠦᠵᠦ ᠲᠣᠬᠤᠨᠢᠭᠤᠯᠬᠤ ᠬᠡᠷᠡᠭᠲᠡᠶ᠃ ︽ᠲᠠᠪᠤᠨ ᠨᠢᠭᠡ︾ ᠪᠠᠷ | ᠬᠠᠪᠰᠤᠷᠤᠨ ᠲᠡᠳᠬᠦᠬᠦ᠂ ᠠᠷᠠᠳ ᠤᠨ ᠴᠠᠭᠳᠠᠭ᠎ᠠ ᠪᠠᠷ ᠭᠠᠴᠠᠭᠠᠨ ᠳᠠᠷᠤᠭ᠎ᠠ ᠪᠣᠯᠭᠠᠬᠤ ᠵᠡᠷᠭᠡ ᠠᠵᠢᠯ ᠤᠨ ᠠᠷᠭ᠎ᠠ ᠶᠢ | ᠭᠦᠨᠵᠡᠭᠡᠶ ᠰᠠᠶᠢᠲᠤᠷ ᠬᠡᠷᠡᠭᠵᠢᠭᠦᠯᠵᠦ᠂ ︽ᠨᠠᠮ ᠤᠨ ᠭᠡᠰᠢᠭᠦᠨ ᠤ ᠭᠤᠣᠯᠯᠠᠬᠤ ᠡᠷᠤᠬᠡ + ᠨᠡᠶᠢᠭᠡᠮᠯᠢᠭ︾ ᠤᠨ | ᠠᠵᠢᠯ ᠤᠨ ᠵᠠᠭᠪᠤᠷ ᠢ ᠳᠡᠯᠭᠡᠷᠡᠭᠦᠯᠦᠨ᠎ᠡ᠃ ︽ᠤᠮᠠᠷᠠᠲᠤ ᠬᠢᠯᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠨᠳᠦᠰᠦ ᠶᠢ ᠪᠠᠬᠢᠵᠢᠭᠦᠯᠬᠦ︾ ᠢᠨᠵᠧᠨᠧᠷᠢᠩ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ | ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠠᠯᠠᠪᠤᠷ ᠭᠠᠵᠠᠷ ᠤᠨ | ᠬᠠᠮᠢᠶᠠᠷᠤᠯᠲᠠ ᠪᠠ ᠬᠡᠷᠡᠭᠯᠡᠯᠲᠡ ᠶᠢ ᠰᠠᠶᠢᠲᠤᠷ ᠠᠳᠬᠤᠵᠤ᠂ ︽ᠬᠤᠶᠠᠷ ᠢ ᠥᠷᠭᠡᠳᠬᠡᠨ ᠬᠤᠶᠠᠷ ᠢ ᠡᠭᠦᠳᠬᠦ︾ ᠪᠠ ︽ | ᠦᠢᠯᠡᠴᠢᠯᠡᠭᠡᠨ ᠤ ᠬᠡᠯᠪᠡᠷᠢ︾ ᠶᠢᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠶᠢᠨ | ᠠᠵᠢᠯ ᠢ ᠠᠬᠢᠭᠤᠯᠤᠨ᠎ᠠ᠃ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ︽5 · 32︾ ᠤᠨ | ᠠᠵᠢᠯ ᠤᠨ ᠠᠷᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠴᠢᠬᠤᠯᠠ ᠶᠡᠭᠡ ᠤᠴᠢᠷ ᠶᠠᠪᠤᠳᠠᠯ ᠤᠨ ᠠᠬᠢᠴᠠ ᠶᠢ ᠢᠯᠡ | ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ | ᠦᠢᠯᠡᠴᠢᠯᠡᠬᠦ ︽456︾ ᠶᠢᠨ ᠠᠵᠢᠯ ᠤᠨ ᠠᠷᠭ᠎ᠠ ᠶᠢ ᠢᠳᠡᠪᠬᠢᠲᠡᠶ ᠪᠠᠷ ᠳᠡᠯᠭᠡᠷᠡᠭᠦᠯᠦᠨ ᠨᠠᠶᠢᠳᠠᠪᠤᠷᠢᠵᠢᠭᠤᠯᠵᠤ᠂ | ᠦᠢᠯᠡᠴᠢᠯᠡᠭᠡᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠦᠨᠡᠨ ᠬᠦ ᠠᠷᠠᠳ ᠤᠨ ᠲᠥᠯᠥᠭᠡ ᠪᠣᠳᠠᠲᠤ | ᠶᠠᠪᠤᠳᠠᠯ᠂ ᠰᠠᠶᠢᠨ ᠶᠠᠪᠤᠳᠠᠯ ᠬᠢᠨ᠎ᠠ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠭᠦᠨᠵᠡᠭᠡᠶ ᠵᠠᠳᠠᠯᠤᠨ ᠥᠷᠨᠢᠭᠦᠯᠵᠦ᠂ ᠬᠦᠷᠦᠯᠴᠡᠬᠦ | ᠦᠭᠡᠢ ᠲᠠᠯ᠎ᠠ ᠪᠠᠨ ᠬᠢᠨᠠᠮᠠᠭᠠᠶ ᠡᠷᠢᠵᠦ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠦᠨᠡᠨ ᠬᠦ ᠲᠦᠯᠬᠢᠨ | ᠠᠬᠢᠭᠤᠯᠤᠨ᠎ᠠ᠃ ᠭᠠᠴᠠᠭ᠎ᠠ ᠲᠣᠰᠬᠤᠨ ᠤ ᠱᠠᠲᠤᠨ ᠤ ︽ᠬᠤᠶᠠᠷ ᠵᠥᠪᠯᠡᠯ︾ ᠤᠨ ᠪᠠᠭ ᠤᠨ ᠬᠤᠭᠤᠴᠠᠭ᠎ᠠ ᠰᠣᠯᠢᠬᠤ | ᠰᠣᠩᠭᠤᠭᠤᠯᠢ ᠪᠠᠷ ᠠᠵᠠ ᠲᠣᠬᠢᠶᠠᠯ ᠪᠣᠯᠭᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠣᠶᠤᠲᠠᠨ ᠲᠣᠰᠬᠤᠨ ᠤ ᠳᠠᠷᠤᠭ᠎ᠠ᠂ ᠬᠠᠮᠢᠶᠠᠷᠤᠨ ᠬᠠᠮᠠᠭᠠᠯᠠᠭᠴᠢ ᠵᠡᠷᠭᠡ ᠦᠨᠳᠦᠰᠦᠨ ᠱᠠᠲᠤᠨ ᠤ ᠠᠵᠢᠯᠲᠠᠨ ᠤ | ᠢᠳᠡᠪᠬᠢᠵᠢᠯ ᠢ ᠳᠠᠶᠢᠴᠢᠯᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ | ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠪᠦᠬᠦ ᠪᠠᠯᠭᠠᠰᠤᠨ ᠤ ᠳᠡᠭᠡᠳᠦ | ᠳᠤᠤᠷᠠᠳᠤ ᠱᠠᠲᠤᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠪᠠ᠃ | | | | | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠠᠯᠳ᠋ᠬᠤᠪᠤᠭᠠ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠪᠥᠬᠦ ᠪᠠᠯᠭᠠᠰᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠳᠠᠭᠠᠭᠤᠯᠤᠨ᠂ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠦᠵᠡᠯᠲᠡ ᠪᠠᠨ ᠰᠢᠨᠡᠳᠬᠡᠨ᠂ ᠴᠠᠭ | ᠦᠶ᠎ᠡ ᠲᠠᠢ ᠵᠡᠷᠭᠡ ᠪᠠᠷ ᠤᠷᠤᠭᠰᠢᠯᠠᠵᠤ᠂ ᠠᠵᠤ ᠠᠬᠤᠶ ᠴᠡᠴᠡᠭᠯᠡᠨ ᠬᠥᠭᠵᠢᠭᠰᠡᠨ᠂ ᠨᠡᠶᠢᠭᠡᠮ ᠡᠶ᠎ᠡ ᠵᠣᠬᠢᠴᠠᠯ ᠲᠠᠢ᠂ | ᠠᠷᠠᠳ ᠲᠦᠮᠡᠨ ᠪᠠᠶᠠᠨ ᠴᠢᠨᠡᠭᠡᠯᠢᠭ ᠰᠢᠨ᠎ᠡ ᠠᠯᠳ᠋ᠬᠤᠪᠤᠭᠠ ᠪᠠᠯᠭᠠᠰᠤ ᠶᠢ ᠪᠠᠶᠢᠭᠤᠯᠬᠤ ᠶᠢᠨ ᠲᠥᠯᠥᠭᠡ ᠨᠠᠩ ᠴᠢᠷᠮᠠᠶᠢᠨ | ᠲᠡᠮᠡᠴᠡᠨ᠎ᠡ᠃ | | | | | |