ᠮᠠᠨᠳᠤᠯ ᠰᠤᠮᠤ
ᠨᠡᠶᠢᠲᠡᠯᠡᠭᠰᠡᠨ ᠴᠠᠭ᠄
2021/12/14
     ᠮᠠᠨᠳᠣᠯ ᠪᠣᠯ ᠪᠠᠳᠠᠢ ᠶᠢᠨ ᠵᠢᠷᠠᠨ ᠪᠣᠯᠤᠨ ᠲᠩᠷᠢ ᠡᠯᠡᠰᠦᠨ ᠴᠥᠯ ᠤᠨ ᠬᠤᠭᠤᠷᠣᠨᠳᠣ ᠪᠠᠶᠢᠷᠢᠯᠠᠵᠤ᠂ ᠵᠡᠭᠦᠨᠰᠢ ᠠᠯᠠᠱᠠ ᠵᠡᠭᠦᠨ ᠬᠤᠰᠢᠭᠤ ᠲᠠᠢ ᠵᠠᠯᠭᠠᠯᠳᠤᠵᠤ᠂ ᠡᠮᠦᠨᠡᠰᠢ ᠭᠠᠨᠰᠦ ᠶᠢᠨ ᠮᠢᠩ ᠴᠢᠩ ᠰᠢᠶᠠᠨ ᠲᠠᠢ ᠬᠥᠷᠰᠢᠯᠡᠵᠦ᠂ ᠮᠣᠩᠭᠤᠯ ᠭᠠᠨᠰᠦ ᠶᠢᠨ ᠬᠢᠯᠢ ᠶᠢᠨ ᠱᠤᠭᠤᠮ ᠤᠨ ᠣᠷᠳᠣ ᠨᠢ 80 ᠺᠢᠯᠣᠮᠧᠲᠷ ᠪᠠᠶᠢᠳᠠᠭ᠃ ᠮᠠᠯ ᠠᠵᠤ ᠠᠬᠤᠶ ᠶᠢᠨ 4 ᠭᠠᠴᠠᠭ᠎ᠠ ᠪᠠ ᠲᠠᠷᠢᠶᠠᠯᠠᠩ ᠤᠨ 3 ᠭᠠᠴᠠᠭ᠎ᠠ ᠶᠢ ᠬᠠᠷᠢᠶᠠᠯᠠᠵᠤ᠂ ᠶᠡᠷᠦᠩᠬᠡᠶ ᠬᠥᠮᠦᠨ ᠠᠮᠠ ᠨᠢ 621 ᠡᠷᠦᠬᠡ 1950 ᠬᠥᠮᠦᠨ ᠪᠠᠶᠢᠵᠤ᠂ ᠶᠡᠷᠦᠩᠬᠡᠶ ᠲᠠᠯᠠᠪᠠᠶ ᠨᠢ 5757 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ ᠭᠠᠵᠠᠷ ᠤᠨ ᠲᠥᠷᠬᠦ ᠨᠢ ᠠᠭᠤᠯᠠᠷᠬᠠᠭ ᠳᠣᠪᠣᠷᠬᠠᠭ᠂ ᠡᠯᠡᠰᠦᠨ ᠴᠥᠯ ᠭᠤᠪᠢ ᠪᠠᠷ ᠭᠤᠣᠯᠯᠠᠵᠤ᠂ ᠭᠤᠣᠯᠳᠠᠭᠤ ᠬᠥᠪᠥᠩ ᠥᠷᠭᠡᠰᠦ᠂ ᠪᠠ ᠸᠠᠩ᠂ ᠴᠠᠭᠠᠨ ᠥᠷᠭᠡᠰᠦ᠂ ᠮᠣᠩᠭᠤᠯ ᠪᠤᠶᠢᠯᠠᠰᠤᠨ ᠲᠤᠭᠤᠷ ᠵᠡᠷᠭᠡ ᠭᠠᠩᠰᠠᠭ ᠪᠣᠳᠠ ᠮᠣᠳᠣ ᠲᠠᠢ᠃ ᠲᠠᠷᠢᠶᠠᠨ ᠭᠠᠵᠠᠷ 1.2 ᠲᠦᠮᠡᠨ ᠮᠥ ᠨᠢ ᠭᠤᠤᠯᠳᠠᠭᠤ ᠰᠢᠯᠢᠨᠬᠤᠳᠳᠤᠭ ᠣᠷᠣᠨ ᠳᠤ ᠲᠥᠪᠯᠡᠷᠡᠵᠦ᠂ 1.3 ᠲᠦᠮᠡᠨ ᠬᠤᠨᠢ ᠶᠢ ᠬᠠᠰᠢᠶᠠᠯᠠᠨ ᠲᠡᠵᠢᠭᠡᠵᠦ᠂ 8856 ᠲᠡᠮᠡᠭᠡ ᠶᠢ ᠬᠠᠰᠢᠶᠠᠯᠠᠨ ᠲᠡᠵᠢᠭᠡᠵᠦ ᠪᠣᠶ᠃ S317 ᠵᠠᠰᠠᠮᠠᠯ ᠵᠠᠮ᠂ ᠨᠤᠸ᠋ ᠶᠠ ᠶᠢᠨ 220KV ᠴᠠᠬᠢᠯᠭᠠᠨ ᠬᠢᠯᠢ ᠶᠢᠨ ᠳᠣᠲᠣᠷ᠎ᠠ ᠬᠥᠨᠳᠡᠯᠡᠨ ᠢᠶᠠᠷ ᠨᠡᠪᠲᠡᠷᠡᠪᠡ᠃ ᠬᠤᠣᠰ ᠦᠬᠡᠢ ᠭᠠᠵᠠᠷ ᠵᠦᠢ ᠶᠢᠨ ᠥᠷᠭᠡᠷᠢᠭ᠂ ᠨᠡᠷᠡᠨ ᠤ ᠳᠤᠰᠤᠯᠳᠠ ᠶᠢᠨ ᠤᠷᠳᠤ᠂ ᠤᠰᠤᠨ ᠤ ᠳᠤᠯᠠᠭᠠᠨ ᠤ ᠬᠡᠮᠵᠢᠶ᠎ᠡ ᠪᠣᠯᠤᠨ ᠡᠳᠦᠷ ᠰᠥᠨᠢ ᠶᠢᠨ ᠳᠤᠯᠠᠭᠠᠨ ᠤ ᠵᠦᠷᠢᠶ᠎ᠡ ᠶᠢ ᠠᠰᠢᠭᠯᠠᠵᠤ᠂ ᠡᠯᠡᠰᠦ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠢ ᠬᠦᠴᠦᠯᠡᠨ ᠪᠠᠶᠢᠭᠤᠯᠵᠤ᠂ ᠴᠠᠭᠠᠨ ᠭᠤᠶᠣᠣ᠂ ᠰᠢᠬᠢᠷ ᠡᠪᠡᠰᠦ᠂ ᠤᠯᠠᠭᠠᠨ ᠭᠤᠶᠤᠤ ᠵᠡᠷᠭᠡ ᠠᠮᠢᠳᠤ ᠪᠣᠳᠠᠰ ᠤᠨ ᠡᠬᠢ ᠪᠠᠶᠠᠯᠢᠭ ᠤᠨ ᠶᠠᠰᠤ ᠴᠢᠨᠠᠷ ᠰᠢᠯᠢᠳᠡᠭ ᠰᠠᠶᠢᠨ᠂ ︽ᠳᠤᠮᠳᠠᠳᠤ ᠤᠯᠤᠰ ᠤᠨ ᠴᠠᠭᠠᠨ ᠭᠤᠶᠣᠣ ᠶᠢᠨ ᠨᠢᠭᠡᠳᠦᠭᠡᠷ ᠰᠢᠶᠠᠩ︾ ᠭᠡᠬᠦ ᠰᠠᠶᠢᠬᠠᠨ ᠠᠯᠳᠠᠷ ᠲᠠᠢ᠃ ᠴᠠᠭᠠᠨ ᠭᠤᠶᠣᠣ᠂ ᠲᠠᠷᠢᠶᠠᠯᠠᠩ ᠤᠨ ᠮᠠᠰᠢᠨ ᠪᠠᠭᠠᠵᠢ᠂ ᠪᠣᠬᠢᠷᠲᠤᠯ ᠥᠬᠡᠶ ᠢᠳᠡᠭᠡᠨ᠂ ᠪᠣᠷᠳᠣᠵᠤ ᠲᠠᠷᠭᠤᠯᠠᠭᠤᠯᠬᠤ ᠢᠮᠠᠭ᠎ᠠ᠂ ᠡᠯᠡᠰᠦᠨ ᠤ ᠤᠷᠭᠤᠮᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ 6 ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶᠠᠵᠢᠯ ᠪᠠ ᠲᠣᠰ ᠭᠠᠵᠠᠷ ᠣᠷᠣᠨ ᠤ ᠨᠣᠭᠤᠭᠠᠨ ᠪᠦᠷᠢᠳᠦ ᠶᠢᠨ ᠡᠯᠡᠰᠦ ᠡᠪᠡᠰᠦᠨ ᠤ ᠠᠵᠤ ᠦᠢᠯᠡᠰ ᠤᠨ ᠶᠡᠷᠦᠩᠬᠡᠶᠢᠯᠡᠭᠰᠡᠨ ᠲᠡᠵᠢᠭᠡᠨ ᠦᠷᠡᠵᠢᠭᠦᠯᠬᠦ ᠺᠣᠮᠫᠠᠨᠢ ᠶᠢ ᠪᠠᠶᠢᠭᠤᠯᠵᠤ᠂ ᠡᠯᠡᠰᠦ ᠡᠪᠡᠰᠦᠨ ᠤ ᠠᠵᠤ ᠦᠢᠯᠡᠰ᠂ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠡᠷᠦᠬᠡ 110 ᠡᠷᠦᠬᠡ ᠪᠠ 50 ᠡᠷᠦᠬᠡ ᠪᠣᠯᠪᠠ᠃ ᠮᠠᠨᠳᠤᠯ ᠠᠭᠤᠯᠠ ᠶᠢᠨ ᠬᠠᠲᠠᠨ ᠵᠢᠷᠤᠭ ᠢ ︽ᠳᠡᠯᠡᠬᠡᠶ ᠳᠤ ᠬᠤᠪᠣᠷ︾ ᠭᠡᠳᠡᠭ᠃ ᠭᠡᠷᠡᠯ ᠤᠨ ᠡᠨᠧᠷᠭᠢ ᠪᠠ ᠰᠠᠯᠬᠢᠨ ᠤ ᠡᠨᠧᠷᠭᠢ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠪᠣᠷᠵᠢᠨ ᠴᠢᠯᠠᠭᠤᠯᠢᠭ᠂ ᠲᠡᠮᠦᠷ᠂ ᠴᠢᠯᠠᠭᠤᠨ ᠲᠣᠰᠣ ᠶᠢ ᠨᠡᠭᠡᠭᠡᠨ ᠠᠰᠢᠭᠯᠠᠬᠤ ᠳᠠᠯᠳᠠ ᠬᠦᠴᠦᠨ ᠢᠶᠠᠷ ᠬᠠᠮᠤᠭ ᠶᠡᠭᠡ ᠪᠠᠶᠢᠳᠠᠭ᠃ 2014 ᠣᠨ ᠳᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢ 14710 ᠲᠥᠭᠦᠷᠢᠭ ᠲᠤ ᠬᠦᠷᠪᠡ᠃
     ᠣᠨᠴᠠᠯᠢᠬᠵᠢᠭᠰᠠᠨ ᠠᠵᠤ ᠠᠬᠤᠶ ᠶᠢᠨ ᠬᠥᠭᠵᠢᠯᠲᠡ ᠪᠠ ᠠᠵᠤ ᠦᠢᠯᠡᠰ ᠤᠨ ᠬᠢᠯᠢ ᠬᠢᠵᠠᠭᠠᠷ ᠢ ᠰᠠᠬᠢᠵᠤ ᠣᠶ ᠰᠢᠭᠤᠶ ᠠᠭᠤᠷᠬᠠᠶ ᠶᠢ ᠬᠠᠮᠠᠭᠠᠯᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠡᠯᠡᠰᠦ ᠡᠪᠡᠰᠦᠨ ᠤ ᠠᠵᠤ ᠦᠢᠯᠡᠰ ᠪᠣᠯᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠤᠶᠠᠷ ᠳᠠᠪᠠᠭᠤᠯᠢᠭ ᠨᠥᠬᠦᠴᠡᠯ ᠢ ᠳᠣᠪᠤᠶᠢᠯᠭᠠᠵᠤ᠂ ᠲᠠᠷᠠᠭᠠᠴᠢ ᠶᠢᠨ ᠠᠯᠬᠤᠮ ᠳᠤ᠂ ᠮᠠᠨᠳᠤᠯ ᠰᠣᠮᠣ ︽ᠬᠤᠶᠠᠷ ᠬᠥᠪᠡᠭᠡ ᠭᠤᠷᠪᠠᠨ ᠣᠷᠣᠨ︾ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ︵ᠥᠪᠥᠷ ᠮᠣᠩᠭᠤᠯ ᠭᠠᠨᠰᠦ ᠶᠢᠨ ᠬᠢᠯᠢ ᠶᠢᠨ ᠱᠤᠭᠤᠮ ᠤᠨ ᠬᠢᠮᠡᠯ ᠣᠷᠬᠢᠴᠠ ᠣᠶ ᠶᠢᠨ ᠪᠦᠰᠡ᠂ S317 ᠵᠠᠰᠠᠮᠠᠯ ᠵᠠᠮ ᠳᠠᠭᠠᠤ ᠶᠢᠨ ᠨᠢᠭᠡᠳᠦᠭᠡᠷ ᠱᠤᠭᠤᠮ ᠤᠨ ᠠᠵᠤ ᠠᠬᠤᠶ ᠬᠢᠭᠡᠳ ᠮᠠᠨᠳᠤᠯ ᠠᠭᠤᠯᠠ ᠶᠢᠨ ᠬᠠᠲᠠᠨ ᠵᠢᠷᠤᠭ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠬᠡᠷ ᠤᠨ ᠭᠠᠳᠠᠨᠠᠬᠢ ᠵᠢᠭᠤᠯᠴᠢᠯᠠᠯ᠂  ᠰᠢᠯᠢᠨᠬᠤᠳᠳᠤᠭ ᠤᠨ ᠤᠨᠴᠠᠯᠢᠭᠳᠤ ᠳᠠᠷᠢᠵᠤ ᠲᠡᠵᠢᠭᠡᠬᠦ ᠪᠠ ᠴᠠᠭᠠᠨ ᠭᠤᠶᠣᠣ ᠤᠯᠠᠭᠠᠨ ᠭᠤᠶᠤᠤ ᠪᠦᠲᠦᠭᠡᠭᠳᠡᠬᠦᠨ ᠤ ᠨᠡᠭᠡᠭᠡᠯᠲᠡ ᠶᠢᠨ ᠣᠷᠣᠨ᠂ ᠰᠢᠷᠠᠮᠤ ᠶᠢᠨ ᠪᠣᠷᠵᠢᠨ ᠴᠢᠯᠠᠭᠤᠯᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠲᠦᠭᠦᠬᠡᠶ ᠮᠠᠲ᠋ᠧᠷᠢᠶᠠᠯ ᠤᠨ ᠭᠠᠷᠤᠯᠲᠠ ᠶᠢᠨ ᠣᠷᠣᠨ᠂ ᠬᠦᠬᠡ ᠬᠠᠳᠠ ᠶᠢᠨ ᠲᠡᠮᠦᠷ ᠤᠨ ᠠᠭᠤᠷᠬᠠᠶ ᠮᠠᠯᠲᠠᠬᠤ ᠰᠣᠩᠭᠤᠭᠤᠯᠢ ᠶᠢᠨ ᠲᠣᠭᠤᠷᠢᠭ︶ ᠶᠣᠰᠣᠭᠠᠷ᠂ ᠪᠣᠳᠠᠲᠤ ᠠᠵᠢᠯᠯᠠᠭ᠎ᠠ ᠶᠢ ᠡᠷᠬᠢᠮᠯᠡᠨ ᠠᠷᠠᠳ ᠤᠨ ᠲᠥᠯᠥᠭᠡ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠣᠨᠴᠠᠯᠢᠠᠠᠳᠣ ᠡᠯᠡᠰᠦ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠬᠤ᠂ ᠴᠠᠭᠠᠨ ᠭᠤᠶᠣᠣ ᠦᠷᠡᠵᠢᠭᠦᠯᠦᠨ ᠪᠤᠶᠢᠵᠢᠭᠤᠯᠬᠤ ᠲᠠᠯᠠᠪᠠᠶ ᠶᠢ ᠥᠷᠭᠡᠳᠬᠡᠬᠦ᠂ ᠣᠨᠴᠠᠯᠢᠠᠠᠳᠣ ᠲᠡᠵᠢᠭᠡᠨ ᠦᠷᠡᠵᠢᠭᠦᠯᠬᠦ ᠣᠷᠣᠨ ᠤ ᠬᠠᠲᠠᠭᠤ ᠬᠡᠷᠡᠭᠰᠡᠯ ᠤᠨ ᠪᠡᠯᠡᠳᠬᠡᠮᠵᠢ ᠶᠢ ᠲᠥᠬᠦᠷᠵᠢᠭᠦᠯᠬᠦ᠂ ᠴᠠᠭᠠᠨ ᠭᠤᠶᠣᠣ ᠥᠨᠳᠥᠷ ᠲᠣᠭᠲᠠᠭᠤᠨ ᠤᠨᠠᠯᠲᠠ ᠲᠠᠢ ᠳᠠᠷᠢᠬᠤ ᠪᠠ ᠢᠳᠡᠭᠡᠨ ᠤᠮᠳᠠᠭᠠᠨ ᠤ ᠵᠤᠶᠢᠯ ᠢ ᠤᠷᠲᠤᠳᠬᠠᠨ ᠨᠡᠭᠡᠭᠡᠨ ᠬᠥᠭᠵᠢᠭᠦᠯᠬᠦ᠂ ᠭᠠᠵᠠᠷ ᠰᠢᠷᠣᠶ ᠶᠢ ᠡᠷᠭᠢᠯᠳᠦᠭᠦᠯᠦᠨ ᠬᠥᠭᠵᠢᠭᠦᠯᠬᠦ ᠤᠰᠤ ᠠᠷᠪᠢᠯᠠᠬᠤ ᠥᠨᠳᠥᠷ ᠦᠷ᠎ᠡ ᠠᠰᠢᠭ ᠲᠠᠢ ᠲᠠᠷᠢᠶᠠᠯᠠᠩ᠂ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠥᠭᠵᠢᠯᠲᠡ ᠶᠢᠨ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠦᠢᠯᠡᠰ ᠬᠢᠭᠡᠳ ᠦᠢᠯᠡᠴᠢᠯᠡᠭᠡᠨ ᠤ ᠣᠯᠠᠨ ᠲᠦᠮᠡᠨ ᠤ ᠡᠴᠦᠰ ᠤᠨ ᠨᠢᠭᠡ ᠺᠢᠯᠣᠮᠧᠲᠷ ᠤᠨ ᠡᠴᠦᠰ ᠤᠨ ᠴᠡᠭ ᠱᠤᠭᠤᠮ ᠵᠡᠷᠭᠡ ᠡᠯ᠎ᠡ ᠵᠤᠶᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ ᠤᠢ ᠰᠢᠭᠤᠶ ᠡᠪᠡᠰᠦ ᠪᠡᠯᠴᠢᠭᠡᠷ ᠤᠨ ᠦᠢᠯᠡᠰ᠂ ᠲᠠᠷᠢᠮᠠᠯ ᠲᠡᠵᠢᠭᠡᠪᠦᠷᠢ ᠶᠢᠨ ᠦᠢᠯᠡᠰ᠂ ᠦᠢᠯᠡᠳᠪᠦᠷᠢ ᠠᠭᠤᠷᠬᠠᠶ ᠶᠢᠨ ᠦᠢᠯᠡᠰ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃
     ᠨᠢᠭᠡ᠂ ᠤᠨᠴᠠᠯᠢᠬᠳᠤ ᠡᠯᠡᠰᠦ ᠡᠪᠡᠰᠦᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠲᠠ ᠳᠤ ᠪᠣᠬᠢᠷᠲᠤᠯ ᠦᠬᠡᠢ ᠬᠠᠯᠬᠠᠪᠴᠢ ᠶᠢ ᠴᠣᠭᠴᠠᠯᠠᠨ᠎ᠠ      ᠮᠠᠨᠳᠤᠯ ᠪᠣᠯ ᠰᠢᠵᠢᠷ ᠠᠯᠲᠠᠨ 39 ᠥᠷᠭᠡᠷᠢᠭ ᠲᠤ ᠣᠷᠣᠰᠢᠵᠤ᠂ ᠮᠠᠰᠢ ᠰᠠᠶᠢᠨ ᠤᠰᠤ ᠬᠥᠷᠥᠰᠥᠨ ᠤ ᠭᠡᠷᠡᠯ ᠢᠯᠴᠢ ᠪᠠ ᠡᠯᠡᠰᠦᠷᠬᠡᠭ ᠡᠬᠢ ᠪᠠᠶᠠᠯᠢᠭ ᠤᠨ ᠨᠥᠬᠦᠴᠡᠯ ᠲᠠᠢ ᠪᠠᠶᠢᠳᠠᠭ᠃ ᠣᠯᠠᠨ ᠵᠢᠯ ᠤᠨ ᠲᠤᠷᠰᠢ᠂ ᠮᠠᠨᠳᠤᠯ ᠣᠷᠣᠨ ᠪᠦᠰᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠵᠤ ᠦᠢᠯᠡᠰ ᠤᠨ ᠬᠢᠯᠢ ᠬᠢᠵᠠᠭᠠᠷ ᠢ ᠰᠠᠬᠢᠬᠤ ᠪᠠ ᠣᠶ ᠰᠢᠭᠤᠶ ᠶᠢ ᠪᠥᠲᠥᠭᠡᠨ ᠪᠠᠶᠢᠭᠤᠯᠵᠤ ᠣᠶ ᠰᠢᠭᠤᠶ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠳᠣᠪᠤᠶᠢᠯᠭᠠᠵᠤ᠂ ᠬᠢᠯᠢ ᠳᠠᠭᠠᠤ ᠭᠠᠵᠠᠷ ᠤᠨ ᠠᠮᠢ ᠠᠬᠤᠶ ᠶᠢᠨ ᠬᠠᠯᠬᠠᠪᠴᠢ ᠶᠢ ᠪᠠᠶᠢᠭᠤᠯᠬᠤ᠂ ᠪᠣᠬᠢᠷᠲᠤᠯ ᠥᠬᠡᠶ ᠤᠨᠴᠠᠯᠢᠬᠳᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠭᠰᠡᠨ ᠪᠠᠶᠢᠨ᠎ᠠ᠃ ᠣᠳᠣ ᠪᠣᠯᠲᠠᠯ᠎ᠠ ᠮᠠᠨᠳᠤᠯ ᠤᠨ ᠬᠢᠯᠢ ᠳᠤ ᠨᠢᠭᠡᠨᠲᠡ 38 ᠲᠦᠮᠡᠨ ᠮᠥ ᠬᠦᠮᠦᠨ ᠤ ᠬᠦᠴᠦ ᠪᠠᠷ ᠲᠠᠷᠢᠭᠰᠠᠨ ᠣᠷᠬᠢᠴᠠ ᠣᠶ ︵ᠭᠤᠣᠯ ᠣᠷᠣᠨ ᠤ ᠲᠠᠯᠠᠪᠠᠶ ᠨᠢ 13 ᠲᠦᠮᠡᠨ ᠮᠥ︶ ᠪᠤᠶ ᠪᠣᠯᠵᠠᠶ᠃ ᠬᠦᠮᠦᠨ ᠤ ᠬᠦᠴᠦ ᠪᠠᠷ ᠴᠠᠭᠠᠨ ᠭᠤᠶᠣᠣ ᠳᠠᠷᠢᠵᠤ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ 6 ᠲᠦᠮᠡᠨ ᠮᠥ ᠳᠤ ᠬᠦᠷᠴᠦ᠂ 30 ᠲᠦᠮᠡᠨ ᠮᠥ ᠶᠢᠨ ᠪᠠᠶᠢᠭᠠᠯᠢ ᠶᠢᠨ ᠴᠠᠭᠠᠨ ᠦᠷᠭᠡᠰᠦᠳᠦ ᠤᠯᠠᠭᠠᠨ ᠭᠤᠶᠤᠤ ᠮᠠᠯᠲᠠᠬᠤ ᠰᠠᠭᠤᠷᠢᠨ ᠭᠠᠵᠠᠷ ᠢ ᠪᠢᠲᠡᠭᠦᠮᠵᠢᠯᠡᠨ ᠪᠤᠶᠢᠵᠢᠭᠤᠯᠵᠤ ᠪᠠᠶᠢᠭᠤᠯᠤᠨ᠂ ᠥᠪᠡᠷᠮᠢᠴᠡ ᠣᠨᠴᠠᠯᠢᠭ ᠲᠠᠢ 8 ᠲᠦᠮᠡᠨ ᠮᠥ ᠶᠢᠨ ᠨᠤᠭᠤ ᠭᠠᠵᠠᠷ ᠤᠨ ᠡᠬᠢ ᠪᠠᠶᠠᠯᠢᠭ ᠢ ᠠᠰᠢᠭᠯᠠᠨ 7500 ᠮᠥ ᠶᠢᠨ ᠲᠠᠷᠢᠮᠠᠯ ᠰᠢᠬᠢᠷ ᠡᠪᠡᠰᠦᠨ ᠤ ᠰᠠᠭᠤᠷᠢᠨ ᠭᠠᠵᠠᠷ ᠢ ᠪᠠᠶᠢᠭᠤᠯᠵᠤ᠂ ᠣᠷᠣᠨ ᠪᠦᠰᠡ ᠶᠢᠨ ᠠᠮᠢ ᠠᠬᠤᠶ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠥᠭᠵᠢᠯᠲᠡ ᠶᠢᠨ ᠣᠷᠣᠨ ᠵᠠᠶ ᠪᠠ ᠵᠠᠮ ᠢ ᠨᠡᠭᠡᠭᠡᠪᠡ᠃ ︽ᠲᠣᠯᠣᠭᠠᠶᠢᠯᠠᠭᠴᠢ ᠠᠵᠤ ᠠᠬᠤᠶᠢᠯᠠᠯ + ᠠᠵᠤ ᠦᠢᠯᠡᠰ ᠤᠨ ᠰᠠᠭᠤᠷᠢᠨ ᠭᠠᠵᠠᠷ + ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ︾ ᠠᠵᠤ ᠦᠢᠯᠡᠰᠵᠢᠭᠦᠯᠦᠨ ᠬᠥᠭᠵᠢᠭᠦᠯᠬᠦ ᠵᠠᠭᠪᠤᠷ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠠᠵᠤ ᠠᠬᠤᠶ ᠶᠢᠨ ᠬᠥᠳᠡᠯᠭᠡᠬᠦ ᠬᠦᠴᠦᠨ ᠢ ᠢᠳᠡᠪᠬᠢᠲᠡᠶ ᠪᠠᠷ ᠪᠠᠳᠠᠷᠠᠭᠤᠯᠵᠤ᠂ ᠲᠠᠷᠢᠶᠠᠯᠠᠬᠤ ᠣᠷᠣᠨ ᠤ ᠮᠠᠯ ᠠᠵᠤ ᠠᠬᠤᠶ ᠶᠢᠨ ᠲᠥᠬᠦᠭᠡᠷᠦᠮᠵᠢ ᠶᠢᠨ ᠢᠵᠢ ᠪᠦᠷᠢᠳᠦᠭᠦᠯᠬᠦ᠂ ᠤᠨᠴᠠᠯᠢᠭᠳᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠠᠲᠠᠷ ᠭᠠᠵᠠᠷ ᠲᠤ ᠡᠪᠡᠰᠦ ᠲᠠᠷᠢᠬᠤ᠂ ᠡᠯᠡᠰᠦᠨ ᠤ ᠠᠮᠢᠳᠤ ᠪᠣᠳᠠᠰ ᠤᠨ ᠲᠥᠷᠥᠯ ᠢ ᠡᠳ᠋ᠰᠢᠭᠦᠯᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠪᠣᠯᠤᠨ ᠣᠷᠣᠨ ᠨᠤᠲᠤᠭ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ ᠤᠨᠴᠠᠯᠢᠬᠳᠤ ᠢᠳᠡᠭᠡᠨ ᠤᠮᠳᠠᠭᠠᠨ ᠢ ᠨᠡᠭᠡᠭᠡᠨ ᠬᠥᠭᠵᠢᠭᠦᠯᠬᠦ᠂ ᠴᠠᠭᠠᠨ ᠭᠤᠶᠣᠣ ᠪᠠᠷ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠥᠨᠳᠥᠷ ᠲᠣᠭᠲᠠᠭᠤᠨ ᠬᠤᠷᠢᠶᠠᠯᠲᠠ ᠲᠠᠢ ᠴᠠᠭᠠᠨ ᠭᠤᠶᠣᠣ ᠰᠢᠯᠭᠠᠨ ᠲᠠᠷᠢᠬᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ᠂ ᠣᠷᠬᠢᠴᠠ ᠤᠢ ᠶᠢ ᠬᠠᠮᠢᠶᠠᠷᠬᠤ ᠵᠡᠷᠭᠡ ᠠᠵᠢᠯ ᠢ ᠢᠵᠢ ᠪᠦᠷᠢᠳᠦᠭᠦᠯᠦᠨ ᠳᠠᠭᠠᠨ᠎ᠠ᠃ ᠡᠯᠡᠰᠦ ᠡᠪᠡᠰᠦᠨ ᠤ ᠠᠵᠤ ᠦᠢᠯᠡᠰ ᠤᠨ ᠣᠨᠴᠠᠯᠢᠬᠵᠢᠭᠰᠠᠨ ᠠᠵᠤ ᠠᠬᠤᠶ ᠶᠢᠨ ᠵᠢᠷᠤᠮᠵᠢᠭᠰᠠᠨ᠂ ᠬᠡᠪᠴᠢᠶᠡᠵᠢᠭᠰᠡᠨ᠂ ᠦᠷ᠎ᠡ ᠠᠰᠢᠭᠵᠢᠭᠰᠠᠨ ᠵᠠᠮ ᠢᠶᠠᠷ ᠬᠥᠭᠵᠢᠬᠦ ᠶᠢ ᠠᠬᠢᠭᠤᠯᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠷᠠᠳ ᠢ ᠪᠠᠶᠠᠵᠢᠭᠤᠯᠬᠤ ᠦᠷ᠎ᠡ ᠠᠰᠢᠭ ᠤᠨ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨᠳᠤᠯ ᠰᠤᠮᠤᠨ ᠤ 3 ᠵᠢᠯ ᠤᠨ ᠬᠤᠭᠤᠴᠠᠭᠠᠨ ᠳᠤ ᠥᠪᠥᠷ ᠮᠣᠩᠭᠤᠯ ᠭᠠᠨᠰᠦ ᠶᠢᠨ ᠬᠢᠯᠢ ᠶᠢᠨ ᠱᠤᠭᠤᠮ ᠣᠷᠴᠢᠮ ᠳᠤ 50 ᠲᠦᠮᠡᠨ ᠮᠥ ᠬᠥᠮᠦᠨ ᠤ ᠬᠦᠴᠦ ᠪᠠᠷ ᠣᠷᠬᠢᠴᠠ ᠳᠠᠷᠢᠵᠤ᠂ 20 ᠲᠦᠮᠡᠨ ᠮᠥ ᠬᠥᠮᠦᠨ ᠤ ᠬᠦᠴᠦ ᠪᠠᠷ ᠴᠠᠭᠠᠨ ᠭᠤᠶᠣᠣ ᠳᠠᠷᠢᠵᠤ᠂ 5 ᠲᠦᠮᠡᠨ ᠮᠥ ᠬᠥᠮᠦᠨ ᠤ ᠬᠦᠴᠦ ᠪᠠᠷ ᠰᠢᠬᠢᠷ ᠡᠪᠡᠰᠦ ᠳᠠᠷᠢᠬᠤ ᠶᠢ ᠪᠥᠬᠦ ᠲᠠᠯ᠎ᠠ ᠪᠠᠷ ᠪᠣᠶ ᠪᠣᠯᠭᠠᠬᠤ ᠪᠠᠷ ᠴᠢᠷᠮᠠᠶᠢᠨ᠎ᠠ᠃ ᠠᠷᠠᠳ ᠢ ᠪᠠᠶᠠᠵᠢᠭᠤᠯᠬᠤ ᠠᠵᠤ ᠦᠢᠯᠡᠰ ᠤᠨ  ᠲᠥᠰᠥᠪ ᠪᠠ ᠬᠦᠷᠢᠶᠡᠯᠡᠩ ᠭᠠᠵᠠᠷ ᠣᠷᠣᠨ ᠤ ᠬᠠᠮᠲᠤᠷᠠᠯᠴᠠᠭᠠᠨ ᠤ ᠲᠥᠰᠥᠪ  ᠤᠨ ᠬᠡᠷᠡᠭᠵᠢᠭᠦᠯᠦᠯᠲᠡ ᠶᠢ ᠬᠦᠴᠦᠯᠡᠨ ᠴᠢᠩᠭᠠᠳᠬᠠᠵᠤ᠂ ᠣᠨᠴᠠᠯᠢᠭᠲᠤ ᠳᠠᠷᠢᠵᠤ ᠲᠡᠵᠢᠭᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠡᠯᠡᠰᠦ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠡᠯᠡᠰᠦ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠂ ᠡᠯᠡᠰᠦ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃
     ᠬᠤᠶᠠᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠵᠦ ᠠᠵᠤ ᠦᠢᠯᠡᠳᠪᠦᠷᠢ ᠶᠢᠨ ᠳᠠᠯᠳᠠ ᠬᠦᠴᠦᠨ ᠢ ᠠᠭᠤᠳᠠᠯᠯᠠᠨ᠎ᠠ      ᠳ᠋ᠧ ᠱᠧᠩ ᠲᠡᠮᠤᠷ ᠤᠨ ᠠᠭᠤᠷᠬᠠᠶ ᠶᠢᠨ ᠮᠠᠯᠲᠠᠵᠤ ᠰᠣᠩᠭᠤᠬᠤ ᠲᠥᠰᠥᠪ᠃ ᠥᠪᠥᠷ ᠮᠣᠩᠭᠤᠯ ᠤᠨ ᠳ᠋ᠧ ᠱᠧᠩ ᠪᠦᠯᠦᠭᠯᠡᠯ 2006 ᠣᠨ ᠤ 9 ᠰᠠᠷ᠎ᠠ ᠳᠤ ᠪᠠᠶᠢᠭᠤᠯᠤᠭᠳᠠᠵᠤ᠂ ᠣᠲᠣ 126 ᠳ᠋ᠦᠩᠰᠢᠭᠤᠷ ᠲᠥᠭᠦᠷᠢᠭ ᠤᠨ ᠪᠠᠯᠠ ᠬᠥᠷᠥᠩᠭᠡ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠭᠠᠶᠢᠯᠢ ᠲᠤᠰᠢᠶᠠᠬᠤ ᠠᠵᠤ ᠠᠬᠤᠶᠢᠯᠠᠯ᠂ ᠵᠠᠭᠤᠨ ᠬᠦᠴᠦᠷᠬᠡᠭ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ︽ᠬᠤᠤᠰ ᠵᠠᠭᠤᠨ ᠳ᠋ᠦᠩᠰᠢᠭᠤᠷ︾ ᠤᠨ ᠭᠤᠤᠯᠳᠠᠯᠭ᠎ᠠ ᠲᠠᠢ ᠪᠤᠶᠢᠵᠢᠭᠤᠯᠤᠨ ᠲᠡᠳᠬᠦᠬᠦ ᠠᠵᠤ ᠠᠬᠤᠶᠢᠯᠠᠯ ᠪᠣᠯᠵᠣ᠂ 2010 ᠣᠨ ᠳᠤ ᠳᠤᠮᠳᠠᠳᠤ ᠤᠯᠤᠰ ᠤᠨ ᠠᠷᠠᠳ ᠤᠨ ᠡᠵᠡᠩᠨᠡᠭᠰᠡᠨ 500 ᠬᠦᠴᠦᠷᠬᠡᠭ ᠲᠤ ᠣᠷᠣᠪᠠ᠃ 2013 ᠣᠨ ᠤ 4 ᠰᠠᠷ᠎ᠠ ᠳᠤ ᠳ᠋ᠧ ᠱᠧᠩ ᠪᠦᠯᠦᠭᠯᠡᠯ ᠠᠯᠠᠱᠠ ᠪᠠᠷᠠᠭᠤᠨ ᠬᠤᠰᠢᠭᠤᠨ ᠳᠤ ᠣᠷᠣᠵᠤ ᠰᠠᠭᠤᠵᠤ᠂ ᠠᠯᠠᠱᠠ ᠠᠶᠢᠮᠠᠭ ᠤᠨ ᠳ᠋ᠧ ᠱᠧᠩ ᠲᠡᠮᠦᠷᠯᠢᠭ ᠬᠠᠶᠢᠯᠤᠭᠤᠯᠬᠤ ᠵᠤᠤᠬ᠎ᠠ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠵᠤ᠂ 40.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠵᠢᠭᠦᠯᠵᠦ᠂ ᠡᠬᠢ ᠪᠠᠶᠠᠯᠢᠭ ᠢ ᠨᠡᠶᠢᠳᠬᠡᠬᠦ ᠪᠠ ᠲᠡᠮᠦᠷ ᠤᠨ ᠠᠭᠤᠷᠬᠠᠢ ᠶᠢ ᠮᠠᠯᠲᠠᠵᠤ ᠰᠣᠩᠭᠤᠬᠤ ᠲᠥᠰᠥᠪ ᠤᠨ ᠪᠦᠳᠦᠭᠡᠨ ᠪᠠᠶᠢᠭᠤᠯᠤᠯᠲᠠ ᠶᠢ ᠡᠷᠡᠰ ᠰᠢᠭᠤᠷᠬᠠᠢ ᠪᠠᠷ ᠬᠢᠪᠡ᠃ ᠲᠥᠰᠥᠪ ᠤᠨ ᠨᠢᠭᠡᠳᠦᠭᠡᠷ ᠬᠤᠭᠤᠴᠠᠭᠠᠨ ᠳᠤ 16.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2014 ᠣᠨ ᠤ 4 ᠳ᠋ᠤᠭᠡᠷ ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠭᠠᠳ ᠲᠤᠷᠰᠢᠨ ᠦᠢᠯᠡᠳᠪᠦᠷᠢᠯᠡᠵᠦ᠂ ᠵᠢᠯ ᠳᠤ 1200 ᠲᠣᠨ ᠲᠦᠭᠦᠬᠡᠶ ᠠᠭᠤᠷᠬᠠᠶ ᠶᠢ ᠡᠪᠳᠡᠵᠦ᠂ 100 ᠲᠦᠮᠡᠨ ᠲᠣᠨ ᠲᠡᠮᠦᠷ ᠤᠨ ᠨᠠᠷᠢᠯᠢᠭ ᠨᠤᠨᠲᠠᠭ ᠢ ᠦᠢᠯᠳᠪᠦᠷᠢᠯᠡᠬᠦ ᠪᠠᠷ ᠲᠦᠯᠦᠪᠯᠡᠪᠡ᠃ ᠬᠤᠶᠠᠳᠤᠭᠠᠷ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 1000 ᠲᠦᠮᠡᠨ ᠲᠣᠨ ᠡᠪᠳᠡᠷᠬᠡᠶ ᠲᠦᠭᠦᠬᠡᠶ ᠬᠦᠳᠡᠷ᠂ 180 ᠲᠦᠮᠡᠨ ᠲᠣᠨ ᠲᠡᠮᠦᠷ ᠤᠨ ᠨᠠᠷᠢᠯᠢᠭ ᠨᠤᠨᠲᠠᠭ ᠤᠨ  ᠦᠢᠯᠡᠳᠪᠦᠷᠢᠯᠡᠯ ᠤᠨ ᠱᠤᠭᠤᠮ ᠢ 2 ᠪᠠᠶᠢᠭᠤᠯᠵᠤ ᠳᠠᠭᠤᠰᠬᠠᠪᠠ᠃ ᠲᠣᠰ ᠲᠥᠰᠥᠪ ᠨᠢ ᠪᠤᠴᠠᠯᠤᠮ᠎ᠠ ᠬᠠᠭᠤᠷᠠᠶ ᠰᠣᠷᠢᠨᠵᠢᠨ ᠰᠢᠯᠢᠬᠦ ᠮᠠᠰᠢᠨ ᠢᠶᠠᠷ ᠬᠦᠳᠡᠷ ᠰᠢᠯᠢᠬᠦ ᠮᠡᠷᠭᠡᠵᠢᠯ ᠢᠶᠠᠷ ᠲᠦᠭᠦᠬᠡᠶ ᠬᠦᠳᠡᠷ ᠤᠨ ᠰᠣᠷᠢᠨᠵᠢᠨ ᠴᠢᠨᠠᠷᠲᠠᠶ ᠲᠡᠮᠦᠷ ᠤᠨ ᠠᠭᠤᠯᠤᠭᠳᠠᠴᠠ ᠶᠢ 5.5% ᠪᠠᠶᠢᠭᠰᠠᠨ ᠠᠴᠠ 25%-35% ᠶᠢᠨ ᠬᠤᠭᠤᠷᠣᠨᠳᠣ ᠪᠣᠯᠭᠠᠨ ᠳᠡᠭᠡᠭᠰᠢᠯᠡᠭᠦᠯᠵᠦ᠂ ᠳᠠᠬᠢᠨ ᠨᠦᠢᠲᠠᠨ ᠰᠣᠷᠢᠨᠵᠢᠨ ᠰᠣᠩᠭᠤᠯᠲᠠ ᠪᠠᠷ ᠳᠡᠮᠵᠢᠨ ᠲᠡᠮᠦᠷ ᠤᠨ ᠨᠠᠷᠢᠯᠢᠭ ᠨᠤᠨᠲᠠᠭ ᠤᠨ ᠪᠥᠬᠦ ᠲᠡᠮᠦᠷ ᠤᠨ ᠠᠭᠤᠯᠤᠭᠳᠠᠴᠠ ᠶᠢ 65% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠳ᠋ᠧ ᠱᠧᠩ ᠲᠡᠮᠦᠷ ᠤᠨ ᠠᠭᠤᠷᠬᠠᠢ ᠶᠢᠨ ᠮᠠᠯᠲᠠᠯᠲᠠ ᠶᠢᠨ ᠲᠥᠰᠥᠪ ᠤᠨ ᠪᠦᠳᠦᠭᠡᠨ ᠪᠠᠶᠢᠭᠤᠯᠤᠯᠲᠠ ᠨᠢ ᠮᠠᠨᠳᠤᠯ ᠤᠨ ᠠᠵᠤ ᠦᠢᠯᠡᠳᠪᠦᠷᠢ ᠶᠢᠨ ᠬᠤᠭᠤᠰᠣᠨ ᠢ ᠨᠥᠬᠦᠪᠥᠷᠢᠯᠡᠵᠦ᠂ ᠳ᠋ᠧ ᠱᠧᠩ ᠺᠣᠮᠫᠠᠨᠢ ᠬᠠᠮᠢᠶᠠᠷᠤᠯᠲᠠ ᠶᠢᠨ ᠮᠡᠷᠭᠡᠵᠢᠯ ᠪᠣᠯᠤᠨ ᠪᠡᠯᠡ ᠮᠥᠩᠭᠦᠨ ᠤ ᠳᠠᠪᠠᠭᠤᠯᠢᠭ ᠢᠶᠠᠷ ᠢᠶᠠᠨ ᠳ᠋ᠧ ᠱᠧᠩ ᠬᠥᠮᠦᠨ ᠤ ︽ᠶᠣᠰᠣ ᠰᠤᠷᠲᠠᠬᠤᠨ ᠢᠶᠠᠷ ᠡᠳ᠋ ᠪᠣᠳᠠᠰ ᠲᠡᠭᠡᠭᠡᠪᠦᠷᠢᠯᠡᠵᠦ᠂ ᠶᠣᠰᠣ ᠰᠤᠷᠲᠠᠬᠤᠨ ᠢᠶᠠᠷ ᠢᠯᠠᠯᠲᠠ ᠤᠯᠬᠤ︾ ᠵᠣᠷᠢᠭ ᠰᠠᠨᠠᠭ᠎ᠠ ᠪᠠᠷ ᠮᠠᠨᠳᠤᠯ ᠤᠨ ᠰᠢᠯᠢᠩᠪᠤᠯᠠᠭ ᠠᠭᠤᠯᠠᠷᠬᠠᠭ ᠣᠷᠣᠨ ᠤ ᠭᠤᠪᠢ ᠳᠤ ᠠᠵᠤ ᠦᠢᠯᠡᠳᠪᠦᠷᠢ ᠶᠢᠨ ᠢᠯᠠᠯᠲᠠ ᠶᠢᠨ ᠳᠠᠭᠤᠤ ᠶᠢ ᠪᠢᠴᠢᠭᠯᠡᠵᠡᠢ᠃ 9 ᠰᠠᠷ᠎ᠠ ᠶᠢᠨ ᠴᠠᠭ ᠢ ᠬᠡᠷᠡᠭᠯᠡᠵᠦ ᠪᠠᠶᠢᠭᠠᠳ 110KV᠂ 35KV ᠬᠦᠴᠦᠳᠡᠯ ᠥᠭᠡᠷᠡᠴᠢᠯᠡᠬᠦ ᠦᠷᠳᠡᠭᠡ ᠪᠠ ᠴᠠᠬᠢᠯᠭᠠᠨ ᠬᠦᠷᠭᠡᠬᠦ 2 ᠬᠡᠯᠬᠢᠶ᠎ᠡ᠂ ᠠᠷᠪᠠᠨ ᠬᠤᠶᠠᠳᠤᠭᠠᠷ ᠠᠭᠤᠷᠬᠠᠶ ᠶᠢᠨ ᠣᠷᠣᠨ ᠳᠤ ᠤᠰᠤ ᠨᠡᠪᠲᠡᠷᠡᠭᠦᠯᠬᠦ ᠢᠨᠵᠧᠨᠧᠷᠢᠩ ᠪᠠ ᠠᠭᠤᠷᠬᠠᠶ ᠨᠡᠭᠡᠭᠡᠵᠦ ᠬᠦᠳᠡᠷ ᠰᠢᠯᠢᠬᠦ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠵᠡᠷᠭᠡ ᠪᠠᠷ ᠪᠡᠶᠡᠯᠡᠭᠦᠯᠵᠦ᠂ ᠳᠤ ᠱᠧᠩ ᠤᠨ ᠬᠤᠷᠳᠤᠴᠠ ᠪᠠᠷ ᠳ᠋ᠧ ᠱᠧᠩ ᠤᠨ ᠲᠦᠷᠢ ᠲᠥᠷᠬᠦ ᠶᠢ ᠪᠦᠲᠦᠭᠡᠵᠡᠶ᠃ ᠳᠤ ᠱᠧᠩ ᠲᠡᠮᠦᠷ ᠤᠨ ᠠᠭᠤᠷᠬᠠᠶ ᠶᠢᠨ ᠮᠠᠯᠲᠠᠵᠤ ᠰᠣᠩᠭᠤᠬᠤ ᠲᠥᠰᠥᠪ ᠪᠦᠬᠦᠨ ᠢᠶᠠᠷ ᠢᠶᠠᠨ  ᠦᠢᠯᠡᠳᠪᠦᠷᠢᠯᠡᠭᠰᠡᠨ ᠤ ᠳᠠᠷᠠᠭ᠎ᠠ᠂ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠶᠢ 20 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1500 ᠭᠠᠷᠤᠶ ᠬᠥᠮᠦᠨ ᠳᠤ ᠠᠵᠢᠯ ᠣᠯᠭᠤᠨ᠎ᠠ᠃      ᠰᠢᠯᠢᠨ ᠪᠣᠷᠵᠢᠨ ᠴᠢᠯᠠᠭᠤᠯᠢᠭ ᠤᠨ ᠪᠠᠷᠢᠯᠭ᠎ᠠ ᠶᠢᠨ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠲᠥᠰᠥᠪ᠃ ᠮᠠᠨᠳᠤᠯ ᠰᠤᠮᠤᠨ ᠤ ᠪᠣᠷᠵᠢᠨ ᠴᠢᠯᠠᠭᠤᠯᠢᠭ ᠤᠨ ᠡᠬᠢ ᠪᠠᠶᠠᠯᠢᠭ ᠤᠨ ᠪᠤᠶᠢᠵᠢᠯᠲᠠ ᠰᠠᠶᠢᠨ᠂ ᠬᠠᠳᠠᠭᠠᠯᠠᠭᠳᠠᠴᠠ ᠡᠯᠪᠡᠭ᠂ ᠴᠢᠨᠠᠷ ᠰᠠᠶᠢᠲᠠᠶ᠂ ᠬᠦᠳᠡᠷ ᠤᠨ ᠥᠩᠭᠡ ᠨᠢ ᠴᠡᠪᠡᠷ᠂ ᠥᠩᠭᠡ ᠶᠢᠨ ᠵᠥᠷᠢᠶ᠎ᠡ ᠨᠢ ᠪᠠᠭ᠎ᠠ᠂ ᠬᠠᠲᠠᠭᠤᠴᠠ ᠨᠢ ᠥᠨᠳᠥᠷ᠂ ᠡᠯᠡᠭᠳᠡᠯ ᠳᠤ ᠳᠠᠭᠠᠭᠠᠮᠠᠭᠠᠶ᠂ ᠪᠠᠷᠢᠯᠭ᠎ᠠ ᠶᠢᠨ ᠴᠢᠮᠡᠭᠯᠡᠯ᠂ ᠠᠭᠤᠳᠠᠮ ᠲᠠᠯᠠᠪᠠᠶ ᠶᠢᠨ ᠵᠠᠮ᠂ ᠵᠠᠳᠠᠭᠠᠶ ᠰᠡᠶᠢᠯᠦᠮᠡᠯ ᠤᠨ ᠣᠬᠢ ᠪᠦᠲᠦᠭᠡᠯ ᠪᠣᠯᠤᠨ᠎ᠠ᠃ 2014 ᠣᠨ ᠤ 3 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠭᠠᠩ ᠯᠦᠩ᠂ ᠯᠤ᠋ ᠹᠤᠩ ᠵᠡᠷᠭᠡ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠤᠳ 4.37 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠵᠢᠭᠦᠯᠵᠦ᠂ ᠵᠢᠯ ᠳᠤ 400 ᠲᠦᠮᠡᠨ ᠲᠡᠭᠰᠢ ᠳᠥᠷᠪᠡᠯᠵᠢᠨ ᠮᠧᠲᠷ ᠤᠨ ᠪᠣᠷᠵᠢᠨ ᠴᠢᠯᠠᠭᠤᠨ ᠮᠠᠲ᠋ᠧᠷᠢᠶᠠᠯ ᠡᠳ᠋ᠰᠢᠭᠦᠯᠬᠦ ᠬᠤᠶᠠᠷ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠤᠨ᠎ᠠ᠃ ᠣᠳᠣᠬᠠᠨ ᠳᠤ ᠰᠢᠯᠢᠨ ᠲᠦᠭᠦᠬᠡᠶ ᠮᠠᠲ᠋ᠧᠷᠢᠶᠠᠯ ᠮᠠᠯᠲᠠᠬᠤ ᠣᠷᠣᠨ ᠤ ᠠᠵᠢᠯ ᠤᠨ ᠬᠡᠪᠴᠢᠶ᠎ᠡ ᠨᠢᠭᠡᠨᠲᠡ ᠨᠡᠭᠡᠭᠡᠭᠳᠡᠵᠦ᠂ ᠤᠰᠤ ᠨᠡᠪᠲᠡᠷᠡᠭᠦᠯᠬᠦ ᠪᠠᠷᠢᠯᠭ᠎ᠠ ᠳᠠᠭᠤᠰᠴᠤ᠂ ᠭᠤᠷᠪᠠᠳᠤᠭᠠᠷ ᠳᠡᠰ ᠤᠨ ᠬᠠᠶᠢᠷ ᠴᠢᠯᠠᠭᠤᠲᠤ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠠᠭᠤᠷᠬᠠᠶ ᠶᠢᠨ ᠠᠮᠠᠰᠠᠷ ᠤᠨ ᠠᠲᠠᠷ ᠭᠠᠵᠠᠷ ᠢ ᠣᠭᠲᠣᠯᠵᠤ ᠲᠤᠷᠰᠢᠨ ᠦᠢᠯᠡᠳᠪᠦᠷᠢᠯᠡᠬᠦ ᠱᠠᠲᠤᠨ ᠳᠤ ᠤᠷᠤᠭᠰᠠᠨ ᠪᠠᠶᠢᠨ᠎ᠠ᠃ ᠴᠢᠯᠠᠭᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ ᠠᠯᠳ᠋ᠬᠤᠪᠤᠭ᠎ᠠ ᠪᠠᠯᠭᠠᠰᠤᠨ ᠳᠤ ᠪᠠᠶᠢᠷᠢᠯᠠᠭᠤᠯᠵᠤ᠂ ᠣᠳᠣᠬᠠᠨ ᠳᠤ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠨᠡᠪᠲᠡᠷᠡᠭᠦᠯᠬᠦ ᠵᠢᠴᠢ ᠦᠢᠯᠡᠳᠪᠦᠷᠢ ᠶᠢᠨ ᠪᠠᠶᠢᠰᠢᠩ ᠤᠨ ᠪᠤᠯᠤᠳ ᠪᠦᠲᠦᠴᠡ ᠵᠡᠷᠭᠡ ᠡᠯ᠎ᠡ ᠲᠦᠷᠦᠯ ᠤᠨ ᠪᠠᠷᠢᠯᠭ᠎ᠠ ᠶᠢ ᠨᠢᠭᠡᠨᠲᠡ ᠪᠦᠳᠦᠭᠡᠨ ᠪᠠᠶᠢᠭᠤᠯᠵᠤ᠂ ᠨᠢᠭᠡᠨᠲᠡ ᠲᠤᠷᠰᠢᠨ ᠡᠵᠡᠩᠨᠡᠯᠲᠡ ᠳᠤ ᠣᠷᠣᠭᠤᠯᠪᠠ᠃
     ᠭᠤᠷᠪᠠ᠂ ᠮᠠᠨᠳᠤᠯ ᠠᠭᠤᠯᠠ ᠶᠢᠨ ᠬᠠᠲᠠᠨ ᠵᠢᠷᠤᠭ ᠨᠢ ᠣᠨ ᠵᠢᠯ ᠤᠳ ᠤᠨ ᠵᠢᠷᠤᠭ ᠤᠨ ᠬᠤᠩᠭᠢᠯ ᠢ ᠵᠢᠷᠤᠭᠯᠠᠪᠠ      ᠮᠠᠨᠳᠤᠯ ᠠᠭᠤᠯᠠ ᠶᠢᠨ ᠬᠠᠲᠠᠨ ᠵᠢᠷᠤᠭ ᠤᠨ ᠦᠵᠡᠮᠵᠢ ᠶᠢᠨ ᠣᠷᠣᠨ ᠮᠠᠨᠳᠤᠯ ᠰᠤᠮᠤ ᠶᠢᠨ ᠬᠢᠯᠢ ᠳᠤ ᠪᠠᠶᠢᠷᠢᠯᠠᠵᠤ᠂ ᠠᠯᠠᠱᠠ ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠪᠠᠯᠭᠠᠰᠤᠨ ᠠᠴᠠ 210 ᠺᠢᠯᠣᠮᠧᠲᠷ ᠵᠠᠶᠢᠲᠠᠶ᠂ ᠦᠵᠡᠮᠵᠢ ᠶᠢᠨ ᠣᠷᠣᠨ ᠤ ᠨᠡᠶᠢᠳᠡ ᠲᠠᠯᠠᠪᠠᠶ ᠨᠢ 42.68 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 2003 ᠣᠨ ᠳᠤ 4234 ᠬᠠᠲᠠᠨ ᠵᠢᠷᠤᠭ ᠢ ᠨᠡᠶᠢᠳᠡᠮ ᠪᠠᠶᠢᠴᠠᠭᠠᠵᠤ ᠳᠠᠩᠰᠠᠯᠠᠭᠰᠠᠨ ᠪᠠᠶᠢᠨ᠎ᠠ᠃ ᠮᠠᠨᠳᠤᠯ ᠠᠭᠤᠯᠠ ᠶᠢᠨ ᠬᠠᠲᠠᠨ ᠵᠢᠷᠤᠭ ᠤᠳ ᠨᠢ ᠲᠩᠷᠢ ᠭᠠᠵᠠᠷ ᠤᠨ ᠬᠤᠭᠤᠷᠣᠨᠳᠣᠬᠢ ᠲᠣᠮᠣ ᠬᠡᠯᠪᠡᠷᠢ ᠶᠢᠨ ᠰᠣᠶᠣᠯ ᠤᠨ ᠵᠠᠳᠠᠭᠠᠶ ᠮᠦᠽᠧᠶ ᠮᠡᠲᠦ ᠳᠡᠯᠭᠡᠭᠳᠡᠵᠦ᠂ ᠥᠨᠢ ᠤᠳᠠᠭᠠᠨ ᠲᠡᠤᠬᠡ ᠲᠠᠢ᠂ ᠠᠤᠭ᠎ᠠ ᠶᠡᠭᠡ ᠬᠡᠪᠴᠢᠶ᠎ᠡ ᠲᠠᠢ᠂ ᠰᠦᠷ ᠵᠢᠪᠬᠤᠭ᠎ᠠ ᠲᠠᠢ ᠤᠷᠤᠰᠢᠳᠠᠭ᠃ ᠰᠡᠶᠢᠯᠦᠮᠡᠯ ᠵᠢᠷᠤᠭ ᠳᠦᠷᠰᠦ ᠨᠢ ᠪᠣᠷᠣᠭᠵᠢᠭᠤᠨ ᠪᠥᠭᠡᠳ ᠥᠪᠡᠷᠮᠢᠴᠡ᠂ ᠤᠷᠠᠨ ᠨᠠᠷᠢᠯᠢᠭ᠂ ᠰᠡᠳᠦᠪᠯᠡᠬᠦᠨ ᠪᠠᠶᠠᠯᠢᠭ ᠪᠥᠭᠡᠳ ᠤᠷᠭᠤᠭᠤᠯᠤᠨ ᠪᠣᠳᠣᠯᠲᠠ ᠠᠤᠭ᠎ᠠ᠂ ᠰᠡᠳᠬᠢᠯᠭᠡ ᠭᠦᠨ᠂ ᠰᠠᠨᠠᠭ᠎ᠠ ᠠᠬᠤᠶ ᠭᠦᠨ ᠭᠦᠨᠵᠡᠭᠡᠶ᠃ ᠡᠨᠡ ᠬᠦ ᠥᠨᠢᠷ ᠪᠠᠶᠠᠯᠢᠭ ᠳᠠᠭᠤ ᠦᠭᠡᠶ ᠲᠤᠤᠯᠢᠰ ᠨᠢ ᠬᠥᠮᠦᠰ ᠲᠤ ᠰᠢᠨ᠎ᠡ ᠴᠢᠯᠠᠭᠤᠨ ᠵᠡᠪᠰᠡᠭ᠂ ᠬᠦᠷᠡᠯ ᠵᠡᠪᠰᠡᠭ᠂ ᠤᠮᠠᠷᠠᠲᠤ ᠲᠥᠷᠥ ᠠᠴᠠ ᠲᠠᠩ ᠤᠯᠤᠰ᠂ ᠪᠠᠷᠠᠭᠤᠨ ᠰᠢᠶᠠ ᠤᠯᠤᠰ᠂ ᠶᠤᠸᠠᠨ ᠤᠯᠤᠰ ᠮᠢᠩ ᠤᠯᠤᠰ ᠴᠢᠩ ᠤᠯᠤᠰ ᠬᠦᠷᠲᠡᠯᠡᠬᠢ ᠲᠠᠪᠤᠨ ᠬᠤᠭᠤᠴᠠᠭᠠᠨ ᠤ 6000 ᠭᠠᠷᠤᠶ ᠵᠢᠯ ᠤᠨ ᠲᠤᠷᠰᠢ ᠾᠦᠩᠨᠦ᠂ ᠲᠦᠷᠺ᠂ ᠳ᠋ᠠᠩ ᠰᠢᠶᠠᠩ᠂ ᠮᠣᠩᠭᠤᠯ ᠵᠡᠷᠭᠡ ᠤᠮᠠᠷᠠᠲᠤ ᠶᠢᠨ ᠲᠠᠯ᠎ᠠ ᠨᠤᠲᠤᠭ ᠤᠨ ᠨᠡᠭᠦᠳᠡᠯᠴᠢᠨ ᠦᠨᠳᠦᠰᠦᠲᠡᠨ ᠤ ᠠᠵᠤ ᠠᠬᠤᠶ ᠶᠢᠨ ᠠᠮᠢᠳᠤᠷᠠᠯ᠂ ᠠᠶᠢᠮᠠᠭ ᠤᠭᠰᠠᠭ᠎ᠠ ᠶᠢᠨ ᠵᠠᠩ ᠦᠢᠯᠡ ᠶᠢ ᠤᠯᠠᠮᠵᠢᠯᠠᠵᠠᠶ᠃ ᠬᠥᠮᠦᠨ ᠲᠥᠷᠥᠯᠬᠢᠲᠡᠨ ᠤ ᠲᠡᠦᠬᠡ ᠶᠢᠨ ᠬᠤᠪᠢᠰᠤᠯᠲᠠ ᠪᠠ ᠨᠡᠶᠢᠭᠡᠮ ᠤᠨ ᠪᠣᠯᠪᠠᠰᠤᠨ ᠤ ᠤᠯᠠᠮᠵᠢᠯᠠᠯ ᠢ ᠪᠦᠷᠢᠨ ᠪᠦᠲᠦᠨ ᠲᠡᠮᠳᠡᠭᠯᠡᠵᠦ᠂ ᠴᠠᠭ ᠦᠶ᠎ᠡ ᠶᠢᠨ ᠪᠣᠳᠠᠰ ᠤᠨ ᠠᠮᠢᠳᠤᠷᠠᠯ ᠪᠠ ᠣᠶᠤᠨ ᠰᠠᠨᠠᠭᠠᠨ ᠤ ᠶᠢᠷᠲᠢᠨᠴᠦ ᠶᠢ ᠦᠨᠡᠨᠴᠢ ᠰᠢᠳᠤᠷᠭᠤ ᠪᠠᠷ ᠳᠠᠬᠢᠨ ᠢᠯᠡᠷᠡᠭᠦᠯᠦᠭᠰᠡᠨ ᠢᠶᠠᠷ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠡᠷᠲᠡᠨ ᠤ ᠤᠷᠠᠯᠢᠭ ᠤᠨ ᠵᠢᠷᠤᠭ ᠤᠨ ᠬᠤᠩᠭᠢᠯ ᠬᠡᠮᠡᠭᠳᠡᠵᠦ᠂ ︽ᠤᠷᠠᠨ ᠵᠢᠷᠤᠭ ᠤᠨ ᠶᠢᠷᠲᠢᠨᠴᠦ ᠶᠢᠨ ᠠᠮᠢᠳᠤ ᠴᠢᠯᠠᠭᠤᠵᠢᠮᠠᠯ︾᠂ ︽ᠠᠽᠢᠶ᠎ᠠ ᠲᠢᠪ ᠤᠨ ᠨᠢᠭᠡᠳᠦᠭᠡᠷ᠂ ᠳᠡᠯᠡᠬᠡᠶ ᠶᠢᠨ ᠬᠤᠶᠠᠳᠤᠭᠠᠷ︾ ᠵᠡᠷᠭᠡ ᠰᠠᠶᠢᠬᠠᠨ ᠠᠯᠳᠠᠷᠲᠠᠶ ᠶᠤᠮ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号