ᠠᠯᠳᠠᠠᠴᠤᠭ ᠰᠣᠮᠣ
ᠨᠡᠶᠢᠲᠡᠯᠡᠭᠰᠡᠨ ᠴᠠᠭ᠄
2021/12/14
     ᠠᠯᠲᠠᠨᠴᠤᠭ ᠰᠤᠮᠤ ᠪᠣᠯ 2006 ᠣᠨ ᠤ 4 ᠰᠠᠷ᠎ᠠ ᠳᠤ ᠰᠤᠮᠤ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠬᠦ ᠦᠶ᠎ᠡ ᠳᠤ ᠤᠤᠯ ᠤᠨ ᠠᠯᠳᠠᠠᠴᠤᠭ ᠪᠠ ᠨᠦᠦᠷᠭᠡᠢ ᠬᠤᠶᠠᠷ ᠰᠤᠮᠤ ᠨᠡᠶᠢᠯᠡᠵᠦ ᠪᠠᠶᠢᠭᠤᠯᠤᠭᠳᠠᠭᠰᠠᠨ ᠶᠤᠮ᠃ ᠠᠯᠠᠱᠠ ᠪᠠᠷᠠᠭᠤᠨ ᠬᠤᠰᠢᠭᠤᠨ ᠤ ᠪᠠᠷᠠᠭᠤᠨ ᠡᠮᠦᠨ᠎ᠡ ᠪᠡᠶ᠎ᠡ ᠳᠤ ᠪᠠᠶᠢᠷᠢᠰᠢᠵᠤ᠂ ᠵᠡᠭᠦᠨ ᠲᠠᠯ᠎ᠠ ᠪᠠᠷ ᠢᠶᠠᠨ ᠪᠠᠳᠠᠢ ᠶᠢᠨ ᠵᠢᠷᠠᠨ ᠪᠠᠯᠭᠠᠰᠤ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠭᠠᠨᠰᠦ ᠮᠤᠵᠢ ᠶᠢᠨ ᠵᠠᠩ ᠶᠧ ᠬᠤᠲᠠ ᠶᠢᠨ ᠭᠠᠨᠵᠸᠤ ᠲᠣᠭᠤᠷᠢᠭ᠂  ᠱᠠᠨ ᠳ᠋ᠠᠨ ᠰᠢᠶᠠᠨ ᠲᠠᠢ ᠬᠥᠷᠰᠢᠯᠡᠵᠦ᠂ ᠪᠠᠷᠠᠭᠤᠨ ᠲᠠᠯ᠎ᠠ ᠪᠠᠷ ᠢᠶᠠᠨ ᠭᠠᠨᠰᠦ ᠮᠤᠵᠢ ᠶᠢᠨ ᠭᠤᠤ ᠲᠠᠢ᠂ ᠯᠢᠨᠽᠤ ᠵᠡᠷᠭᠡ ᠰᠢᠶᠠᠨ ᠲᠠᠢ ᠵᠠᠯᠭᠠᠯᠳᠤᠵᠤ᠂ ᠬᠤᠶᠢᠲᠤ ᠲᠠᠯ᠎ᠠ ᠪᠠᠷ ᠢᠶᠠᠨ ᠡᠵᠡᠨ᠎ᠡ ᠬᠤᠰᠢᠭᠤᠨ ᠤ ᠳ᠋ᠦᠩ ᠹᠧᠩ ᠪᠠᠯᠭᠠᠰᠤ ᠲᠠᠢ ᠬᠥᠷᠰᠢᠯᠡᠵᠦ᠂ ᠭᠠᠨᠰᠦ ᠮᠤᠵᠢ ᠶᠢᠨ ᠬᠢᠯᠢ ᠶᠢᠨ ᠱᠤᠭᠤᠮ ᠤᠨ ᠪᠦᠬᠦ ᠣᠷᠳᠣ ᠨᠢ 332 ᠺᠢᠯᠣᠮᠧᠲᠷ ᠪᠠᠶᠢᠵᠤ᠂ ᠶᠡᠷᠦᠩᠬᠡᠶ ᠲᠠᠯᠠᠪᠠᠶ ᠨᠢ 2.1757 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠵᠠᠷ ᠤᠨ ᠪᠠᠶᠢᠴᠠ ᠪᠠ ᠭᠠᠵᠠᠷ ᠤᠨ ᠭᠠᠳᠠᠷᠭᠤ ᠨᠢ ᠠᠭᠤᠯᠠᠷᠬᠠᠭ ᠭᠠᠵᠠᠷ᠂ ᠡᠯᠡᠰᠦᠨ ᠴᠥᠯ ᠭᠤᠪᠢ ᠪᠠᠷ ᠭᠤᠣᠯᠯᠠᠵᠤ ᠪᠠᠶᠢᠨ᠎ᠠ᠃ ᠣᠳᠣᠬᠠᠨ ᠳᠤ 6 ᠵᠠᠰᠠᠭ ᠵᠠᠬᠢᠷᠭᠠᠨ ᠤ ᠭᠠᠴᠠᠭ᠎ᠠ ᠶᠢ ᠬᠠᠷᠢᠶᠠᠯᠠᠵᠤ ᠪᠣᠶ᠂ ᠲᠣᠰ ᠲᠣᠰ ᠴᠠᠭᠠᠨ ᠲᠥᠩᠭᠡ᠂ ᠬᠦᠭᠡᠨ᠋ᠠᠭᠤᠯᠠ᠂ ᠨᠤᠭᠤᠭᠠᠠᠪᠤᠯᠠᠭ᠂ ᠨᠠᠷᠠᠨᠪᠤᠯᠠᠭ᠂ ᠴᠠᠭᠠᠠᠳᠡᠷᠡᠰᠦ᠂ ᠠᠯᠲᠠᠨᠲᠠᠯ᠎ᠠ ᠪᠣᠯᠤᠨ᠎ᠠ᠂ ᠪᠥᠬᠦ ᠬᠥᠮᠦᠨ ᠠᠮᠠ ᠨᠢ 923 ᠡᠷᠦᠬᠡ ᠶᠢᠨ 2330 ︵ᠬᠤᠲᠠ ᠪᠠᠯᠭᠠᠰᠤᠨ ᠤ 459 ᠡᠷᠦᠬᠡ ᠶᠢ ᠪᠠᠭᠲᠠᠭᠠᠨ᠎ᠠ︶ ᠪᠣᠯᠤᠨ᠎ᠠ᠃ ᠡᠭᠦᠨ ᠳᠤ ᠴᠥᠭᠡᠨ ᠲᠣᠭᠠᠲᠤ ᠦᠨᠳᠦᠰᠦᠲᠡᠨ 1066 ᠬᠥᠮᠦᠨ᠂ ᠲᠠᠷᠢᠶᠠᠯᠠᠩ ᠤᠨ ᠡᠷᠦᠬᠡ 55 ᠡᠷᠦᠬᠡ 125 ᠬᠥᠮᠦᠨ᠂ ᠮᠠᠯᠵᠢᠯ ᠤᠨ ᠡᠷᠦᠬᠡ 342 ᠡᠷᠦᠬᠡ 623 ᠬᠥᠮᠦᠨ᠂ ᠭᠤᠷᠪᠠᠳᠤᠭᠠᠷ ᠠᠵᠤ ᠦᠢᠯᠡᠰ ᠢ ᠡᠷᠬᠢᠯᠡᠵᠦ ᠪᠠᠶᠢᠭ᠎ᠠ ᠡᠷᠦᠬᠡ 94 ᠡᠷᠦᠬᠡ 143 ᠬᠥᠮᠦᠨ᠂ ᠪᠤᠰᠤᠳ ᠡᠷᠦᠬᠡ 432 ᠡᠷᠦᠬᠡ 1439 ᠬᠥᠮᠦᠨ ᠪᠣᠢ᠂ ᠡᠭᠦᠨ ᠳᠤ ᠴᠥᠭᠡᠨ ᠲᠣᠭᠠᠲᠤ ᠦᠨᠳᠦᠰᠦᠲᠡᠨ 1066 ᠬᠥᠮᠦᠨ᠂ ᠲᠠᠷᠢᠶᠠᠯᠠᠩ ᠤᠨ ᠡᠷᠦᠬᠡ 55 ᠡᠷᠦᠬᠡ 125 ᠬᠥᠮᠦᠨ᠂ ᠮᠠᠯᠵᠢᠯ ᠤᠨ ᠡᠷᠦᠬᠡ 342 ᠡᠷᠦᠬᠡ 623 ᠬᠥᠮᠦᠨ᠂ ᠭᠤᠷᠪᠠᠳᠤᠭᠠᠷ ᠠᠵᠤ ᠦᠢᠯᠡᠰ ᠢ ᠡᠷᠬᠢᠯᠡᠵᠦ ᠪᠠᠶᠢᠭ᠎ᠠ ᠡᠷᠦᠬᠡ 143 ᠬᠥᠮᠦᠨ᠂ ᠪᠤᠰᠤᠳ ᠡᠷᠦᠬᠡ 432 ᠡᠷᠦᠬᠡ 1439 ᠬᠥᠮᠦᠨ ᠪᠠᠶᠢᠨ᠎ᠠ᠃ ᠣᠳᠣᠬᠠᠨ ᠳᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠡᠶᠢᠳᠡ 8 ᠪᠠᠶᠢᠨ᠎ᠠ᠂ ᠡᠭᠦᠨ ᠤ ᠳᠣᠲᠣᠷ᠎ᠠ ᠨᠠᠮ ᠤᠨ ᠬᠤᠷᠢᠶ᠎ᠠ 1᠂ ᠨᠠᠮ ᠤᠨ ᠡᠭᠦᠷ 7᠂ ᠨᠠᠮ ᠤᠨ ᠭᠡᠰᠢᠭᠦᠨ ᠨᠡᠶᠢᠳᠡ 161 ᠬᠥᠮᠦᠨ ᠪᠠᠶᠢᠨ᠎ᠠ᠂ ᠡᠭᠦᠨ ᠤ ᠳᠣᠲᠣᠷ᠎ᠠ ᠪᠡᠯᠡᠳᠬᠡᠯ ᠨᠠᠮ ᠤᠨ ᠭᠡᠰᠢᠭᠦᠨ 6 ᠬᠥᠮᠦᠨ ᠪᠠᠶᠢᠨ᠎ᠠ᠂ ᠡᠨᠡ ᠨᠢ ᠨᠠᠮ ᠤᠨ ᠭᠡᠰᠢᠭᠦᠨ ᠤ ᠶᠡᠷᠦᠩᠬᠡᠶ ᠲᠣᠭᠠᠨ ᠤ 3.73% ᠶᠢ ᠡᠵᠡᠯᠡᠵᠦ ᠪᠠᠶᠢᠨ᠎ᠠ︔ ᠡᠮᠡᠭᠲᠡᠶ ᠨᠠᠮ ᠤᠨ ᠭᠡᠰᠢᠭᠦᠨ 44 ᠬᠥᠮᠦᠨ ᠪᠠᠶᠢᠵᠤ᠂ ᠨᠠᠮ ᠤᠨ ᠭᠡᠰᠢᠭᠦᠨ ᠤ ᠪᠥᠬᠦ ᠲᠣᠭᠠᠨ ᠤ 27.3% ᠶᠢ ᠡᠵᠡᠯᠡᠨ᠎ᠡ︔ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ 94 ᠬᠥᠮᠦᠨ ᠪᠠᠶᠢᠵᠤ᠂ ᠨᠠᠮ ᠤᠨ ᠭᠡᠰᠢᠭᠦᠨ ᠤ ᠶᠡᠷᠦᠩᠬᠡᠶ ᠲᠣᠭᠠᠨ ᠤ 58.4% ᠶᠢ ᠡᠵᠡᠯᠡᠪᠡ︔ 35 ᠨᠠᠰᠤᠨ ᠠᠴᠠ ᠳᠣᠷᠣᠭᠰᠢᠬᠢ ᠨᠠᠮ ᠤᠨ ᠭᠡᠰᠢᠭᠦᠨ 35 ᠬᠥᠮᠦᠨ ᠪᠠᠶᠢᠵᠤ᠂ ᠨᠠᠮ ᠤᠨ ᠭᠡᠰᠢᠭᠦᠨ ᠤ ᠪᠦᠬᠦ ᠲᠣᠭᠠᠨ ᠤ 20% ᠶᠢ ᠡᠵᠡᠯᠡᠨ᠎ᠡ︔ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠨᠠᠮ ᠤᠨ ᠭᠡᠰᠢᠭᠦᠨ 48 ᠬᠥᠮᠦᠨ ᠪᠠᠶᠢᠵᠤ᠂ ᠨᠠᠮ ᠤᠨ ᠭᠡᠰᠢᠭᠦᠨ ᠤ ᠪᠥᠬᠦ ᠲᠣᠭᠠᠨ ᠤ 28% ᠶᠢ ᠪᠠᠶᠢᠭᠤᠯᠤᠯᠭ᠎ᠠ ᠶᠢᠨ ᠨᠠᠮ ᠤᠨ ᠡᠭᠦᠷ ᠲᠤ ᠨᠡᠶᠢᠲᠡ 37 ᠨᠠᠮ ᠤᠨ ᠭᠡᠰᠢᠭᠦᠨ᠂ 11 ᠡᠮᠡᠭᠲᠡᠶ ᠨᠠᠮ ᠤᠨ ᠭᠡᠰᠢᠭᠦᠨ ᠪᠠᠶᠢᠵᠤ᠂ ᠨᠠᠮ ᠤᠨ ᠭᠡᠰᠢᠭᠦᠨ ᠤ ᠪᠥᠬᠦ ᠲᠣᠭᠠᠨ ᠤ 29.7% ᠶᠢ ᠡᠵᠡᠯᠡᠪᠡ︔ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ 19 ᠬᠥᠮᠦᠨ ᠪᠠᠶᠢᠵᠤ᠂ ᠨᠠᠮ ᠤᠨ ᠭᠡᠰᠢᠭᠦᠨ ᠤ ᠪᠥᠬᠦ ᠲᠣᠭᠠᠨ ᠤ 51.3% ᠶᠢ ᠡᠵᠡᠯᠡᠪᠡ︔ 35 ᠨᠠᠰᠤᠨ ᠠᠴᠠ ᠳᠣᠷᠣᠭᠰᠢᠬᠢ ᠨᠠᠮ ᠤᠨ ᠭᠡᠰᠢᠭᠦᠨ 15 ᠬᠥᠮᠦᠨ ᠪᠠᠶᠢᠵᠤ᠂ ᠨᠠᠮ ᠤᠨ ᠭᠡᠰᠢᠭᠦᠨ ᠤ ᠶᠡᠷᠦᠩᠬᠡᠢ ᠲᠣᠭᠠᠨ ᠤ 35% ᠢ ᠡᠵᠡᠯᠡᠨ᠎ᠡ︔ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠨᠠᠮ ᠤᠨ ᠭᠡᠰᠢᠭᠦᠨ 34 ᠬᠥᠮᠦᠨ ᠪᠠᠶᠢᠵᠤ᠂ ᠨᠠᠮ ᠤᠨ ᠭᠡᠰᠢᠭᠦᠨ ᠤ ᠪᠥᠬᠦ ᠲᠣᠭᠠᠨ ᠤ 80% ᠶᠢ ᠡᠵᠡᠯᠡᠵᠦ ᠬᠠᠷᠢᠶᠠᠲᠤ ᠣᠷᠣᠨ ᠤ ᠳᠣᠲᠣᠷᠠᠬᠢ ᠭᠤᠤᠯ ᠪᠣᠯᠬᠤ ᠲᠠᠷᠢᠶᠠᠯᠠᠬᠤ ᠣᠷᠣᠨ 3 ᠪᠠᠶᠢᠵᠤ᠂ ᠴᠠᠭᠠᠨ ᠲᠦᠩᠬᠡ᠂ ᠯᠦ ᠵᠢᠶᠠ ᠵᠢᠩ᠂ ᠱᠠ ᠺᠸᠦ ᠪᠣᠯᠤᠨ᠎ᠠ᠂ ᠶᠡᠷᠦᠩᠬᠡᠶ ᠲᠠᠷᠢᠶᠠᠨ ᠭᠠᠵᠠᠷ ᠤᠨ ᠲᠠᠯᠠᠪᠠᠶ ᠨᠢ 8050 ᠮᠥ ᠪᠠᠶᠢᠵᠤ᠂ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ ᠨᠢ 6721 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ 2013 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ ᠮᠠᠯ ᠤᠨ ᠲᠤᠭ᠎ᠠ ᠲᠣᠯᠣᠭᠠᠶ 41210 ᠲᠣᠯᠣᠭᠠᠶ ᠳᠤ ᠬᠦᠷᠴᠦ᠂ ᠡᠭᠦᠨ ᠳᠤ ᠬᠤᠨᠢ 33715᠂ ᠲᠡᠮᠡᠭᠡ 7180᠂ ᠭᠠᠭ᠋ᠠᠶ 245᠂ ᠦᠬᠡᠷ 70 ᠪᠠᠶᠢᠵᠤ᠂ ᠵᠢᠯ ᠤᠨ ᠭᠠᠷᠭᠠᠯᠲᠠ ᠶᠢᠨ ᠨᠣᠷᠮ᠎ᠠ 45% ᠳᠤ ᠬᠦᠷᠴᠦ᠂ ᠡᠭᠡᠯᠢᠯᠡᠭᠡ ᠶᠢᠨ ᠨᠣᠷᠮ᠎ᠠ 100% ᠳᠤ ᠬᠥᠷᠪᠡ᠃ 2013 ᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ 13144 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14% ᠨᠡᠮᠡᠭᠳᠡᠪᠡ᠃
     ᠠᠯᠲᠠᠨᠴᠤᠭ ᠰᠤᠮᠤ ᠶᠢᠨ ᠭᠠᠵᠠᠷ ᠨᠤᠲᠤᠭ ᠠᠭᠤᠳᠠᠮ ᠬᠥᠮᠦᠨ ᠠᠮᠠ ᠴᠥᠭᠡᠨ᠂ ᠡᠬᠢ ᠪᠠᠶᠠᠯᠢᠭ ᠨᠡᠯᠢᠶᠡᠳ ᠡᠯᠪᠡᠭ ᠪᠠᠶᠢᠵᠤ᠂ ᠴᠠᠭᠠᠨ ᠢᠮᠠᠭᠠᠨ ᠨᠣᠯᠤᠤᠷ᠂ ᠲᠡᠮᠡᠭᠡᠨ ᠨᠣᠯᠤᠤᠷ ᠵᠡᠷᠭᠡ ᠮᠠᠯ ᠤᠨ ᠭᠠᠷᠤᠯᠲᠠ ᠶᠢᠨ ᠡᠬᠢ ᠪᠠᠶᠠᠯᠢᠭ ᠠᠴᠠ ᠭᠠᠳᠠᠨ᠎ᠠ ᠪᠠᠰᠠ ᠨᠡᠭᠦᠷᠡᠰᠦ᠂ ᠲᠡᠮᠦᠷ᠂ ᠵᠡᠰ᠂ ᠨᠢᠦᠪᠢ᠂ ᠲᠠᠨᠲ᠋ᠠᠯ᠂ ᠲᠥᠷᠪᠡᠯᠵᠢᠨ ᠲᠠᠯᠠᠰᠲᠤ ᠴᠢᠯᠠᠭᠤ ᠂  ᠲᠢᠲ᠋ᠠᠨ ᠤ ᠬᠦᠳᠡᠷ᠂ ᠴᠤᠬᠤᠢ ᠶᠢᠨ ᠴᠢᠯᠠᠭᠤ᠂ ᠭᠢᠯᠲᠠᠭᠠᠨᠠᠭᠤᠷ᠂ ᠨᠢᠺᠧᠯ᠂ ᠠᠨᠠᠷ ᠴᠢᠯᠠᠭᠤ᠂ ᠬᠠᠳᠠᠨ ᠴᠠᠭᠠᠨ ᠴᠢᠯᠠᠭᠤᠯᠢᠭ᠂ ᠬᠠᠷ᠎ᠠ ᠲᠤᠭᠤᠯᠭ᠎ᠠ ᠴᠠᠶᠢᠷ᠂ ᠪᠠᠯ ᠴᠢᠯᠠᠭᠤ ᠵᠡᠷᠭᠡ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠠ ᠴᠠᠭᠠᠨ ᠭᠤᠶᠣᠣ᠂ ᠰᠢᠬᠢᠷ ᠡᠪᠡᠰᠦ᠂ ᠤᠯᠠᠭᠠᠨ ᠭᠤᠶᠤᠤ᠂ ᠵᠡᠭᠡᠷᠭᠡᠨ᠎ᠡ ᠵᠡᠷᠭᠡ ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠲᠠᠢ ᠪᠠᠶᠢᠵᠤ᠂ ᠨᠡᠭᠡᠭᠡᠨ ᠠᠰᠢᠭᠯᠠᠬᠤ ᠰᠠᠶᠢᠨ ᠰᠠᠶᠢᠬᠠᠨ ᠢᠷᠡᠭᠡᠳᠦᠶ ᠲᠠᠢ ᠶᠤᠮ᠃ ᠪᠠᠰᠠ ᠲᠣᠭᠤᠳᠠᠭ᠂ ᠠᠯᠲᠠᠨ ᠪᠦᠷᠭᠦᠳ᠂ ᠶᠠᠩᠬᠢᠷ ᠢᠮᠠᠭ᠎ᠠ᠂ ᠵᠡᠭᠡᠷ᠎ᠡ᠂ ᠬᠤᠶᠢᠯᠤᠭ᠂ ᠰᠢᠯᠦᠭᠦᠰᠦ ᠵᠡᠷᠭᠡ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠬᠡᠭᠡᠷ᠎ᠡ ᠶᠢᠨ ᠬᠠᠮᠠᠭᠠᠯᠠᠯᠲᠠ ᠶᠢᠨ ᠠᠮᠢᠲᠠᠨ ᠪᠠᠶᠢᠨ᠎ᠠ᠃ ᠬᠠᠶᠢᠰᠤᠨᠴᠢᠯᠠᠭᠤ ᠬᠠᠴᠢᠨ ᠴᠢᠯᠠᠭᠤ ᠶᠢᠨ ᠣᠶ᠂ ᠠᠯᠳᠠᠠ ᠲᠡᠪᠰᠢ ᠶᠢᠨ ᠰᠦᠮ᠎ᠡ ᠵᠡᠷᠭᠡ ᠪᠠᠶᠢᠭᠠᠯᠢ᠂ ᠬᠥᠮᠦᠨ ᠰᠣᠶᠣᠯ ᠤᠨ ᠥᠩᠭᠡ ᠦᠵᠡᠮᠵᠢ ᠨᠢ ᠲᠦᠢᠯ ᠤᠨ ᠣᠨᠴᠠᠯᠢᠭ ᠲᠠᠢ ᠪᠠᠶᠢᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠢᠷᠡᠭᠡᠳᠦᠶ ᠨᠢ ᠰᠠᠷᠠᠭᠤᠯ ᠠᠭᠤᠳᠠᠮ ᠶᠤᠮ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号