ᠪᠠᠶᠠᠨᠭᠤᠣᠯ ᠰᠤᠮᠤ
ᠨᠡᠶᠢᠲᠡᠯᠡᠭᠰᠡᠨ ᠴᠠᠭ᠄
2021/12/14
     ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤ ᠶᠢᠨ ᠵᠡᠭᠦᠨ ᠡᠮᠦᠨ᠎ᠡ ᠴᠢᠭᠯᠡᠯ ᠤᠨ 35 ᠺᠢᠯᠤᠮᠧᠲᠷ ᠤᠨ ᠭᠠᠵᠠᠷ ᠲᠤ᠂ ᠨᠣᠮᠢᠨ ᠨᠣᠭᠤᠭᠠᠨ  ᠲᠠᠪᠠᠯᠭᠠᠨ ᠳᠠᠪᠠᠯᠭᠠᠯᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠣᠭᠤᠭᠠᠨ ᠪᠦᠷᠢᠳᠦ — ᠪᠠᠶᠠᠨᠭᠤᠣᠯ ᠰᠤᠮᠤ ᠪᠤᠢ᠃ 2012 ᠣᠨ ᠤ 1 ᠳ᠋ᠤᠭᠡᠷ ᠰᠠᠷ᠎ᠠ ᠶᠢᠨ 20 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠪᠠᠷ᠂ ᠪᠠᠳᠠᠶ ᠶᠢᠨ ᠵᠢᠷᠠᠨ ᠪᠠᠯᠭᠠᠰᠤ ᠠᠴᠠ 4 ᠭᠠᠴᠠᠭ᠎ᠠ ᠶᠢ ᠰᠠᠯᠭᠠᠨ ᠭᠠᠷᠭᠠᠵᠤ ᠪᠠᠶᠠᠠᠭᠤᠤᠯ ᠤᠨ ᠬᠠᠮᠢᠶᠠᠷᠤᠯᠲᠠ ᠶᠢᠨ ᠵᠥᠪᠯᠡᠯ ᠳᠤ ᠬᠠᠷᠢᠶᠠᠯᠠᠭᠤᠯᠬᠤ ᠶᠢᠨ ᠬᠠᠮᠲᠤ ᠪᠠᠶᠠᠨᠭᠤᠣᠯ ᠰᠤᠮᠤ ᠶᠢ ᠪᠠᠶᠢᠭᠤᠯᠪᠠ᠃ ᠰᠤᠮᠤ ᠵᠡᠭᠦᠨ ᠲᠠᠯ᠎ᠠ ᠪᠠᠷ ᠢᠶᠠᠨ ᠭᠠᠨᠰᠦ ᠶᠢᠨ ᠮᠢᠩ ᠴᠢᠩ ᠰᠢᠶᠠᠨ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠶᠢᠨ ᠴᠠᠩ ᠬᠤᠲᠠ᠂ ᠵᠠᠩ ᠶᠧ ᠬᠤᠲᠠ ᠲᠠᠢ ᠬᠥᠷᠰᠢᠯᠡᠵᠦ᠂ ᠵᠠᠮ ᠬᠠᠷᠢᠯᠴᠠᠭ᠎ᠠ ᠮᠠᠰᠢ ᠲᠥᠬᠦᠮ ᠪᠠᠶᠢᠳᠠᠭ᠃ ᠰᠤᠮᠤᠨ ᠤ ᠶᠡᠷᠦᠩᠬᠡᠶ ᠲᠠᠯᠠᠪᠠᠶ ᠨᠢ 3500 ᠲᠡᠭᠰᠢ ᠳᠥᠷᠪᠡᠯᠵᠢᠨ ᠺᠢᠯᠣᠮᠧᠲᠷ᠂ ᠨᠡᠶᠢᠲᠡ 602 ᠡᠷᠦᠬᠡ ᠪᠠᠶᠢᠵᠤ᠂ ᠶᠡᠷᠦᠩᠬᠡᠶ ᠬᠥᠮᠦᠨ ᠠᠮᠠ ᠨᠢ 1935 ᠬᠥᠮᠦᠨ ᠪᠣᠯᠤᠨ᠎ᠠ᠃ ᠣᠳᠣᠬᠠᠨ ᠳᠤ ᠪᠠᠶᠠᠨᠭᠤᠣᠯ᠂ ᠪᠠᠶᠠᠨᠪᠣᠭᠳᠠ᠂ ᠤᠯᠠᠭᠠᠨᠲᠠᠲᠠᠯ᠎ᠠ᠂ ᠤᠯᠠᠭᠠᠨᠪᠤᠯᠠᠭ᠂ ᠰᠢᠪᠠᠷᠲᠠᠢ᠂ ᠰᠣᠪᠣᠷᠭ᠎ᠠ ᠵᠡᠷᠭᠡ 6 ᠭᠠᠴᠠᠭ᠎ᠠ ᠶᠢ ᠬᠠᠷᠢᠶᠠᠯᠠᠵᠤ᠂ ᠭᠠᠨᠰᠦ ᠥᠪᠥᠷ ᠮᠣᠩᠭᠤᠯ ᠤᠨ ᠬᠢᠯᠢ ᠶᠢᠨ ᠱᠤᠭᠤᠮ ᠤᠨ ᠣᠷᠳᠣ ᠨᠢ 218 ᠺᠢᠯᠣᠮᠧᠲᠷ ᠪᠠᠶᠢᠨ᠎ᠠ᠃ ᠲᠠᠷᠢᠶᠠᠨ ᠭᠠᠵᠠᠷ 2.5 ᠲᠦᠮᠡᠨ ᠮᠥ᠂ ᠪᠣᠳᠠ ᠮᠠᠯ 9.4 ᠲᠦᠮᠡᠨ ᠲᠣᠯᠣᠭᠠᠶ ᠪᠠᠶᠢᠨ᠎ᠠ᠃ ᠰᠣᠮᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠠᠶᠠᠨᠭᠤᠣᠯ᠂ ᠰᠠᠭᠤᠷᠢ ᠲᠥᠬᠦᠭᠡᠷᠦᠮᠵᠢ ᠲᠡᠭᠦᠯᠳᠡᠷᠵᠢᠵᠦ᠂ ᠤᠨᠴᠠᠯᠢᠬᠳᠤ ᠲᠠᠷᠢᠵᠦ ᠲᠡᠵᠢᠭᠡᠬᠦ ᠦᠢᠯᠡᠰ ᠠᠩᠬ᠎ᠠ ᠠᠯᠬᠤᠮ ᠬᠡᠪᠴᠢᠶᠡᠵᠢᠵᠦ᠂ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠲᠦᠷᠦᠯ ᠤᠨ ᠦᠢᠯᠡᠰ ᠢ ᠥᠷᠨᠢᠩᠭᠦᠢ ᠬᠥᠭᠵᠢᠭᠦᠯᠪᠡ᠃ ᠰᠣᠮᠣᠨ ᠤ ᠬᠢᠯᠢ ᠳᠣᠲᠣᠷᠠᠬᠢ ᠲᠡᠮᠦᠷ᠂ ᠮᠠᠩᠭᠠᠨ᠂ ᠴᠣᠬᠤᠶ ᠶᠢᠨ ᠴᠢᠯᠠᠭᠤ ᠵᠡᠷᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠬᠤᠩ ᠳ᠋ᠦᠨ ᠽᠢ ᠶᠡᠭᠡ ᠬᠠᠪᠴᠢᠯ ᠪᠣᠯ ᠪᠥᠬᠦ ᠬᠤᠰᠢᠭᠤᠨ ᠤ ᠭᠤᠤᠯ ᠪᠣᠯᠬᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠢᠭᠡ ᠪᠣᠯᠤᠨ᠎ᠠ᠃
     ᠣᠶᠢᠷ᠎ᠠ ᠶᠢᠨ ᠵᠢᠯ ᠳᠤ᠂ ᠰᠣᠮᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠪᠦᠬᠦ ᠺᠠᠳ᠋ᠷ ᠣᠯᠠᠨ ᠲᠦᠮᠡᠨ ᠢ ᠳᠠᠭᠠᠭᠤᠯᠤᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠬᠥᠭᠵᠢᠯᠲᠡ ᠪᠠᠨ ᠲᠦᠷᠭᠡᠳᠬᠡᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠨᠢᠭᠡᠳᠦᠭᠡᠷ ᠬᠠᠷᠠᠯᠲᠠ ᠪᠠᠨ ᠪᠣᠯᠭᠠᠵᠤ᠂ ᠯᠠᠪᠳᠠᠭᠤᠨ ᠲᠣᠭᠲᠠᠭᠤᠨ ᠢᠶᠠᠷ᠂ ᠲᠤᠬᠠᠶ ᠶᠢᠨ ᠭᠠᠵᠠᠷ ᠤᠨ ᠡᠯᠪᠡᠭ ᠪᠠᠶᠠᠯᠢᠭ ᠲᠡᠵᠢᠭᠡᠯ ᠡᠪᠡᠰᠦ ᠪᠣᠷᠳᠣᠭᠠᠨ ᠤ ᠡᠬᠢ ᠪᠠᠶᠠᠯᠢᠭ ᠤᠨ ᠳᠠᠪᠠᠭᠤᠯᠢᠭ ᠵᠢᠴᠢ ᠬᠠᠲᠤᠨ ᠭᠤᠤᠯ ᠤᠨ ᠪᠠᠷᠠᠭᠤᠨ ᠬᠤᠩᠭᠢᠯ ᠤᠨ ᠥᠷᠭᠡᠨ ᠠᠭᠤᠳᠠᠮ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠲᠤ ᠲᠦᠰᠢᠭᠯᠡᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠠᠵᠠ ᠲᠣᠬᠢᠶᠠᠯ ᠢ ᠠᠮᠵᠢᠨ᠂ ᠪᠦᠯᠬᠦᠮᠳᠡᠨ ᠨᠢᠭᠡᠳᠴᠦ᠂ ᠲᠡᠰᠪᠦᠷᠢ ᠬᠠᠲᠠᠭᠤᠵᠢᠯᠲᠠᠶ ᠪᠠᠷ ᠠᠳᠠᠯ ᠦᠢᠯᠡᠰ ᠴᠣᠭᠴᠠᠯᠠᠵᠤ᠂ ︽ᠨᠠᠷᠢᠯᠢᠭ ᠳᠠᠷᠢᠵᠤ ᠥᠨᠳᠥᠷ ᠤᠨᠠᠯᠲᠠ ᠲᠠᠢ᠂ ᠤᠰᠤ ᠠᠷᠪᠢᠯᠠᠵᠤ ᠥᠨᠳᠥᠷ ᠦᠷ᠎ᠡ ᠠᠰᠢᠭ ᠲᠠᠢ᠂ ᠬᠠᠰᠢᠶᠠᠯᠠᠨ ᠲᠡᠵᠢᠭᠡᠵᠦ ᠦᠷᠡᠵᠢᠭᠦᠯᠬᠦ᠂ ᠳᠠᠷᠢᠵᠤ ᠲᠡᠵᠢᠭᠡᠬᠦ ᠶᠢ ᠤᠶᠠᠯᠳᠤᠭᠤᠯᠬᠤ︾ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠪᠠ᠃
     ᠰᠣᠮᠣᠨ ᠤ ᠰᠠᠭᠤᠭ᠎ᠠ ᠭᠠᠵᠠᠷ ᠪᠠᠶᠠᠨᠭᠤᠣᠯ ᠨᠢ ᠪᠦᠭᠦ ᠬᠤᠰᠢᠭᠤᠨ ᠤ ᠲᠠᠷᠢᠶᠠᠯᠠᠬᠤ ᠣᠷᠣᠨ ᠤ ᠮᠠᠯ ᠠᠵᠤ ᠠᠬᠤᠶ ᠶᠢ ᠬᠥᠭᠵᠢᠭᠦᠯᠬᠦ ᠵᠢᠴᠢ ᠪᠣᠬᠢᠷᠲᠤᠯ ᠦᠭᠡᠢ ᠠᠮᠢ ᠠᠬᠤᠶ ᠶᠢᠨ ᠲᠠᠷᠢᠮᠠᠯ ᠤᠨ ᠰᠠᠭᠤᠷᠢᠨ ᠭᠠᠵᠠᠷ ᠤᠨ ᠭᠤᠣᠯ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠨᠢᠭᠡ ᠪᠣᠯᠤᠨ᠎ᠠ᠃ ᠤᠢᠢᠷ᠎ᠠ ᠶᠢᠨ ᠵᠢᠯ ᠤᠨ ᠲᠤᠷᠰᠢ᠂ ᠠᠵᠤ ᠦᠢᠯᠡᠰ  ᠤᠨ ᠪᠦᠲᠦᠴᠡ ᠶᠢ ᠰᠢᠯᠢᠳᠡᠭᠵᠢᠭᠦᠯᠬᠦ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠰᠡᠳᠬᠢᠴᠡ ᠶᠢᠨ ᠲᠣᠭᠤᠷᠢᠨ ᠳᠤ᠂ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠡᠷᠡᠨ ᠤ ᠭᠡᠷᠡᠯ ᠢᠶᠠᠷ ᠲᠤᠯᠠᠭᠠᠯᠠᠬᠤ ᠰᠠᠷᠠᠪᠴᠢᠨ ᠳᠤᠳᠤᠷ᠎ᠠ ᠲᠡᠷᠢᠬᠤ ᠮᠡᠷᠭᠡᠵᠢᠯ ᠢ ᠶᠡᠬᠡᠪᠡᠷ ᠳᠡᠯᠭᠡᠷᠡᠭᠦᠯᠪᠡ᠃ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠣᠲᠣ ᠲᠤᠯᠠᠭᠠᠯᠠᠬᠤ ᠰᠠᠷᠠᠪᠴᠢᠨ ᠳᠤᠳᠤᠷ᠎ᠠ ᠳᠠᠷᠢᠵᠤ ᠪᠠᠶᠢᠭ᠎ᠠ ᠦᠵᠦᠮ ᠤᠨ ᠬᠦᠯᠡᠮᠵᠢ ᠶᠢᠨ ᠶᠡᠷᠦᠩᠬᠡᠶ ᠲᠤᠭ᠎ᠠ 44 ᠰᠠᠭᠤᠷᠢ ᠪᠣᠯᠵᠣ᠂ 20 ᠭᠠᠷᠤᠶ ᠡᠷᠦᠬᠡ ᠮᠠᠯᠴᠢᠨ ᠲᠠᠷᠢᠶᠠᠴᠢᠨ ᠦᠢᠯᠡᠳᠪᠦᠷᠢᠯᠡᠯ ᠡᠵᠡᠩᠨᠡᠯᠲᠡ ᠬᠢᠵᠦ ᠪᠣᠶ᠃ ᠲᠠᠷᠢᠶᠠᠯᠠᠩ ᠤᠨ ᠲᠠᠷᠢᠮᠠᠯ ᠤᠨ ᠪᠦᠲᠦᠴᠡ ᠳᠤ ᠳᠠᠩ ᠭᠠᠭᠴᠠ ᠠᠮᠤ ᠪᠣᠷᠳᠤᠭ᠎ᠠ ᠪᠠᠷ ᠭᠤᠣᠯ ᠪᠣᠯᠭᠠᠵᠤ ᠪᠠᠶᠢᠭᠰᠠᠨ ᠠᠴᠠ ᠠᠮᠤ ᠪᠤᠳᠠᠭ᠎ᠠ᠂ ᠠᠵᠤ ᠠᠬᠤᠶ᠂ ᠡᠪᠡᠰᠦ ᠪᠡᠯᠴᠢᠭᠡᠷ ᠢ ᠤᠯᠠᠨ ᠡᠰᠢᠵᠢᠬᠦᠯᠬᠦ ᠲᠡᠰᠢ ᠬᠤᠪᠢᠷᠠᠭᠤᠯᠬᠤ ᠶᠢ ᠪᠡᠶᠡᠯᠡᠭᠦᠯᠪᠡ᠃ 2014 ᠣᠨ ᠳᠤ ᠪᠠᠶᠠᠠᠭᠤᠤᠯ ᠰᠤᠮᠤ ᠨᠢ ᠡᠯᠡᠰᠦᠨ ᠤ ᠠᠵᠤ ᠦᠢᠯᠡᠰ ᠢ ᠬᠥᠭᠵᠢᠭᠦᠯᠬᠦ ᠶᠢ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢᠨ ᠭᠤᠤᠯᠳᠠᠯᠭ᠎ᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠣᠨᠴᠠᠯᠢᠭ ᠢᠶᠠᠨ ᠢᠯᠡᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠬᠤ ᠵᠠᠷᠴᠢᠮ ᠢ ᠪᠠᠷᠢᠮᠲᠠᠯᠠᠨ᠂ ᠹᠦ᠋ ᠰᠢᠩ ᠡᠯᠡᠰᠦ ᠡᠪᠡᠰᠦᠨ ᠤ ᠠᠵᠤ ᠦᠢᠯᠡᠰ ᠪᠠ ᠳᠥᠷᠪᠡᠨ ᠤᠯᠠᠷᠢᠯ ᠤᠨ ᠪᠣᠬᠢᠷᠲᠤᠯ ᠥᠬᠡᠶ ᠢᠳᠡᠰᠢᠨ ᠨᠣᠭᠤᠭᠠᠨ ᠤ ᠲᠤᠰᠬᠠᠶ ᠬᠤᠷᠰᠢᠶᠠᠵᠢᠯ ᠢ ᠪᠠᠶᠢᠭᠤᠯᠪᠠ᠃ ᠰᠢᠨᠵᠢᠶᠠᠩ ᠤᠨ ᠠᠵᠢᠨᠠᠶ ᠴᠢᠪᠠᠭ᠎ᠠ ᠶᠢ 200 ᠮᠥ᠂ ᠬᠠᠷ᠎ᠠ ᠵᠢᠮᠢᠰᠲᠦ ᠴᠢᠨ᠋ᠸ᠎ᠠ ᠶᠢᠨ ᠬᠠᠷᠮᠠᠭ 500 ᠮᠥ᠂ ᠲᠠᠷᠢᠮᠠᠯ ᠰᠢᠬᠢᠷ ᠡᠪᠡᠰᠦ ᠶᠢ 434 ᠮᠥ᠂ ᠨᠡᠶᠢᠲᠡ ᠳᠡᠭᠡᠨ ᠪᠤᠬᠢᠷᠳᠤᠯ ᠥᠬᠡᠶ ᠢᠳᠡᠰᠢᠨ ᠨᠣᠭᠤᠭ᠎ᠠ ᠶᠢ 150 ᠮᠥ ᠳᠠᠷᠢᠨ᠎ᠠ᠃ 6 ᠲᠦᠮᠡᠨ ᠮᠥ ᠤᠯᠠᠭᠠᠨ ᠭᠤᠶᠤᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠪᠠᠶᠠᠠᠭᠤᠤᠯ ᠰᠣᠮᠣᠨ ᠤ ᠡᠯᠡᠰᠦᠨ ᠤ ᠠᠵᠤ ᠦᠢᠯᠡᠰ ᠤᠨ ᠲᠠᠷᠢᠮᠠᠯ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠰᠣᠮᠣᠨ ᠳᠤ ᠯᠠᠪᠳᠠᠭᠤᠨ ᠪᠠᠲᠤᠲᠠᠢ ᠠᠬᠢᠭᠤᠯᠬᠤ ᠪᠠᠷ ᠴᠢᠷᠮᠠᠶᠢᠪᠠ᠃ ᠲᠡᠵᠢᠭᠡᠨ ᠦᠷᠡᠵᠢᠭᠦᠯᠬᠦ ᠦᠢᠯᠡᠰ ᠨᠢ ᠵᠠᠰᠠᠭ ᠤᠨ ᠣᠷᠳᠣᠨ ᠠᠴᠠ ᠲᠡᠳᠬᠦᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠤᠨ᠂ ᠪᠠᠷᠢᠮᠵᠢᠶᠠᠵᠢᠭᠤᠯᠤᠭᠰᠠᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠮᠠᠯ ᠤᠨ ᠡᠭᠦᠯᠳᠡᠷ ᠢ ᠣᠷᠣᠭᠤᠯᠵᠤ ᠢᠷᠡᠬᠦ ᠪᠠ ᠰᠠᠶᠢᠵᠢᠷᠠᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ︽1396︾ ᠬᠡᠲᠦ ᠨᠠᠷᠢᠨ ᠴᠠᠭᠠᠨ ᠨᠣᠯᠤᠤᠷ ᠤᠨ ᠢᠮᠠᠭᠠᠨ ᠤ ᠨᠣᠤᠰᠣ ᠨᠣᠯᠤᠤᠷ ᠢ ᠴᠤᠭᠯᠠᠭᠤᠯᠬᠤ ᠠᠵᠢᠯ ᠢ ᠪᠡᠶᠡᠯᠡᠭᠦᠯᠵᠦ᠂ ᠬᠤᠷᠠᠭ᠎ᠠ᠂ ᠭᠠᠭ᠋ᠠᠶ᠂ ᠰᠤᠯᠠ ᠲᠡᠵᠢᠭᠡᠬᠦ ᠲᠠᠬᠢᠶ᠎ᠠ ᠪᠠᠷ ᠭᠤᠤᠯ ᠪᠣᠯᠭᠠᠭᠰᠠᠨ ᠬᠠᠰᠢᠶᠠᠯᠠᠨ ᠲᠡᠵᠢᠭᠡᠵᠦ ᠦᠷᠡᠵᠢᠭᠦᠯᠬᠦ ᠣᠯᠠᠨ ᠡᠰᠢᠲᠦ ᠰᠢᠰᠲ᠋ᠧᠮᠵᠢ ᠶᠢ ᠪᠦᠷᠢᠯᠳᠦᠭᠦᠯᠪᠡ᠃ ᠤᠳᠤ ᠪᠠᠶᠢᠭ᠎ᠠ ᠬᠤᠶᠠᠷ ᠵᠢᠱᠢᠶ᠎ᠡ ᠦᠵᠡᠭᠦᠯᠬᠦ ᠬᠤᠨᠢᠨ ᠤ ᠲᠠᠯᠠᠪᠠᠢ ᠶᠢᠨ ᠲᠡᠵᠢᠭᠡᠵᠦ ᠪᠠᠶᠢᠭ᠎ᠠ ᠡᠮ᠎ᠡ ᠬᠤᠨᠢ ᠴᠥᠮ ᠮᠢᠩᠭ᠎ᠠ ᠠᠴᠠ ᠳᠡᠭᠡᠭᠰᠢ ᠪᠤᠯᠵᠤ᠂ ᠰᠤᠯᠠ ᠲᠡᠵᠢᠭᠡᠭᠰᠡᠨ ᠲᠠᠬᠢᠶ᠎ᠠ 5000 ᠠᠴᠠ ᠳᠡᠭᠡᠭᠰᠢ ᠪᠣᠯᠪᠠ︔ ᠲᠡᠵᠢᠭᠡᠨ ᠦᠷᠡᠵᠢᠭᠦᠯᠬᠦ ᠲᠠᠯᠠᠪᠠᠶ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠲᠣᠪᠤᠶᠢᠮ᠎ᠠ ᠪᠠᠶᠢᠨ᠎ᠠ᠃ ᠲᠡᠮᠡᠭᠡᠨ ᠤ ᠠᠵᠤ ᠦᠢᠯᠡᠰ ᠶᠠᠭ ᠡᠬᠢᠯᠡᠯᠲᠡ ᠶᠢᠨ ᠱᠠᠲᠤᠨ ᠳᠠᠭᠠᠨ ᠪᠠᠶᠢᠨ᠎ᠠ᠃
     ᠣᠶᠢᠷ᠎ᠠ ᠶᠢᠨ ᠵᠢᠯ ᠤᠨ ᠲᠤᠷᠰᠢ᠂ ᠰᠤᠮᠤ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠠᠰᠢᠭᠲᠠᠶ ᠠᠵᠠ ᠲᠣᠬᠢᠶᠠᠯ ᠢ ᠴᠢᠩᠭ᠎ᠠ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠷᠢᠨ ᠳᠤ ᠲᠠᠯᠪᠢᠵᠤ ᠰᠠᠶᠢᠨ ᠠᠳᠬᠤᠨ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠲᠥᠰᠥᠪ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ ᠰᠣᠮᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠠᠶᠢᠴᠢᠯᠠᠨ ᠰᠢᠨ᠎ᠡ ᠳᠡᠭᠲᠡᠷ ᠲᠤ ᠭᠠᠷᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠬᠦᠴᠦᠲᠡᠶ ᠠᠬᠢᠭᠤᠯᠤᠨ᠎ᠠ᠃ 2014 ᠣᠨ ᠳᠤ ᠨᠡᠶᠢᠲᠡ 3057 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 13 ᠵᠤᠶᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠪᠡ᠃ ︽ᠠᠷᠪᠠ ᠶᠢ ᠪᠦᠷᠢᠨ ᠪᠥᠷᠬᠦᠭᠦᠯᠬᠦ︾ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ︽ᠭᠤᠷᠪᠠ ᠶᠢ ᠲᠣᠰᠬᠤᠨ ᠳᠤ ᠬᠦᠷᠭᠡᠵᠦ ᠭᠤᠷᠪᠠ ᠶᠢ ᠡᠷᠦᠬᠡ ᠳᠤ ᠬᠦᠷᠭᠡᠬᠦ︾ ᠶᠢ ᠬᠠᠪᠰᠤᠷᠤᠨ ᠲᠡᠳᠬᠦᠬᠦ ᠠᠵᠢᠯ ᠢ ᠪᠦᠲᠦᠮᠵᠢᠲᠡᠶ ᠥᠷᠨᠢᠭᠦᠯᠪᠡ᠃ ᠲᠥᠰᠥᠪ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠡᠮᠵᠢᠨ᠂ ᠰᠣᠮᠣᠨ ᠤ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠣᠮᠣᠨ ᠤ ᠤᠨᠴᠠᠯᠢᠭᠳᠤ ᠳᠠᠷᠢᠵᠤ ᠲᠡᠵᠢᠭᠡᠬᠦ ᠦᠢᠯᠡᠰ ᠤᠨ ᠲᠦᠷᠭᠡᠨ ᠬᠥᠭᠵᠢᠯᠲᠡ ᠳᠤ ᠰᠠᠭᠤᠷᠢ ᠲᠠᠯᠪᠢᠵᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃
     ᠰᠢᠨ᠎ᠡ ᠬᠥᠭᠵᠢᠯᠲᠡ ᠶᠢᠨ ᠭᠠᠷᠤᠭ᠎ᠠ ᠳᠡᠭᠡᠷ᠎ᠡ ᠵᠣᠭᠰᠣᠵᠤ᠂ ᠪᠠᠶᠠᠨᠭᠤᠣᠯ ᠰᠤᠮᠤ ᠦᠷᠭᠦᠯᠵᠢᠯᠡᠨ ᠳ᠋ᠧᠩ ᠰᠢᠶᠤᠤ ᠫᠢᠩ ᠤᠨ ᠣᠨᠣᠯ ᠪᠣᠯᠤᠨ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠥᠮᠦᠨ ᠢᠶᠠᠷ ᠦᠨᠳᠦᠰᠦ ᠪᠣᠯᠭᠠᠬᠤ ᠪᠠ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠪᠦᠬᠦ ᠲᠠᠯ᠎ᠠ︾ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠵᠤ᠂ ᠬᠥᠳᠡᠭᠡ ᠲᠣᠰᠬᠤᠨ ᠤ ᠬᠡᠪ ᠨᠠᠮᠪᠠ ᠲᠣᠰᠬᠤᠨ ᠤ ᠳᠦᠷᠰᠦ ᠪᠠᠶᠢᠳᠠᠯ ᠢ ᠬᠤᠪᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠷᠭᠠᠨᠢᠭ ᠮᠢᠬᠠᠨ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠣᠬᠢᠷᠲᠤᠯ ᠦᠭᠡᠶ ᠠᠮᠢ ᠠᠬᠤᠶ ᠶᠢᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠠᠭᠤᠷᠢ ᠪᠡᠯᠡᠳᠬᠡᠮᠵᠢ ᠶᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠤᠨᠴᠠᠯᠢᠭᠳᠤ ᠲᠡᠷᠢᠵᠦ ᠲᠡᠵᠢᠭᠡᠬᠦ ᠦᠢᠯᠡᠰ ᠢ ᠶᠡᠬᠡᠪᠡᠷ ᠬᠥᠭᠵᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠢ ᠲᠠᠰᠤᠷᠠᠯᠳᠠ ᠥᠭᠡᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠂ ᠲᠥᠰᠥᠪ ᠢᠶᠠᠷ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠡᠯ᠎ᠡ ᠵᠦᠢᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠰᠣᠮᠣᠨ ᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠶᠢᠨ ᠴᠢᠨᠠᠷᠯᠢᠭ ᠪᠥᠭᠡᠳ ᠲᠦᠷᠭᠡᠨ ᠬᠥᠭᠵᠢᠬᠦ ᠶᠢ ᠲᠥᠯᠬᠢᠨ ᠠᠬᠢᠭᠤᠯᠬᠤ ᠬᠡᠷᠡᠭᠲᠡᠶ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号