ᠲᠠᠮᠰᠤᠭᠪᠤᠯᠠᠭ ᠰᠤᠮᠤ
ᠨᠡᠶᠢᠲᠡᠯᠡᠭᠰᠡᠨ ᠴᠠᠭ᠄
2021/12/14
     ᠲᠠᠮᠰᠤᠭᠪᠤᠯᠠᠭ ᠰᠤᠮᠤ ᠨᠢ ᠠᠯᠠᠱᠠ ᠪᠠᠷᠠᠭᠤᠨ ᠬᠤᠰᠢᠭᠤᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ 2012 ᠣᠨ ᠤ 1 ᠳ᠋ᠤᠭᠡᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠪᠠᠷ ᠰᠡᠷᠭᠦᠭᠡᠨ ᠪᠠᠶᠢᠭᠤᠯᠵᠤ᠂ 2006 ᠣᠨ ᠳᠤ ᠬᠠᠰᠤᠵᠤ ᠨᠡᠶᠢᠯᠡᠭᠦᠯᠪᠡ᠃ ᠰᠤᠮᠤ ᠶᠢᠨ ᠶᠡᠷᠦᠩᠬᠡᠶ ᠲᠠᠯᠠᠪᠠᠶ ᠨᠢ 24327 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠵᠡᠭᠦᠨᠰᠢ ᠪᠠᠨ ᠠᠯᠠᠱᠠ ᠵᠡᠭᠦᠨ ᠬᠤᠰᠢᠭᠤᠨ ᠤ ᠦᠯᠵᠡᠢ ᠰᠤᠮᠤ ᠲᠠᠢ ᠵᠠᠯᠭᠠᠯᠳᠤᠵᠤ᠂ ᠪᠠᠷᠠᠭᠤᠨᠰᠢ ᠪᠠᠨ ᠡᠵᠡᠨ᠎ᠡ ᠬᠤᠰᠢᠭᠤᠨ ᠤ ᠥᠨᠳᠥᠷ ᠭᠤᠣᠯ ᠰᠤᠮᠤ ᠪᠠ ᠭᠤᠷᠢᠨᠠᠢ ᠰᠤᠮᠤ ᠲᠠᠢ ᠬᠠᠪᠢᠳᠠᠵᠤ᠂ ᠡᠮᠦᠨ᠎ᠡ ᠪᠠᠨ ᠬᠤᠰᠢᠭᠤᠨ ᠤ ᠳᠣᠲᠣᠷᠠᠬᠢ S317 ᠱᠤᠭᠤᠮ ᠳᠠᠭᠠᠤ ᠶᠢᠨ ᠲᠠᠪᠤᠨ ᠰᠤᠮᠤ ᠪᠠᠯᠭᠠᠰᠤ ᠲᠠᠢ ᠵᠠᠬ᠎ᠠ ᠨᠡᠶᠢᠯᠡᠵᠦ᠂ ᠤᠮᠠᠷᠠᠰᠢ ᠪᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠤᠯᠤᠰ ᠤᠨ ᠬᠢᠯᠢ ᠶᠢᠨ ᠱᠤᠭᠤᠮ ᠤᠨ ᠣᠷᠳᠣ ᠨᠢ 45.25 ᠺᠢᠯᠣᠮᠧᠲᠷ ᠪᠠᠶᠢᠵᠤ᠂ ᠪᠥᠬᠦ ᠬᠤᠰᠢᠭᠤᠨ ᠤ ᠲᠠᠯᠠᠪᠠᠶ ᠪᠠᠷ ᠬᠠᠮᠤᠭ ᠤᠨ ᠶᠡᠭᠡ ᠪᠥᠭᠡᠳ ᠴᠣᠷ ᠤᠨ ᠭᠠᠭᠴᠠ ᠬᠢᠯᠢ ᠶᠢᠨ ᠰᠤᠮᠤ ᠪᠣᠯᠤᠨ᠎ᠠ᠃ ᠣᠳᠣᠬᠠᠨ ᠳᠤ ᠬᠤᠰᠢᠭᠤᠴᠢ᠂ ᠪᠦᠯᠬᠦᠮᠳᠡᠯ᠂ ᠠᠯᠲᠠᠨᠲᠤᠶᠠᠭ᠎ᠠ᠂ ᠦᠷᠡᠨᠲᠤᠶᠠᠭ᠎ᠠ᠂ ᠬᠡᠷᠡᠯᠳᠤ᠂ ᠪᠦᠷᠢᠳᠦ᠂ ᠡᠩᠬᠡᠷᠤᠰᠤ ᠵᠡᠷᠭᠡ 7 ᠭᠠᠴᠠᠭ᠎ᠠ ᠶᠢ ᠬᠠᠷᠢᠶᠠᠯᠠᠵᠤ᠂ ᠪᠥᠬᠦ ᠬᠥᠮᠦᠨ ᠠᠮᠠ ᠨᠢ 778 ᠡᠷᠦᠬᠡ 1832 ᠪᠠᠶᠢᠵᠤ᠂ ᠡᠭᠦᠨ ᠳᠤ ᠮᠠᠯᠴᠢᠨ ᠲᠠᠷᠢᠶᠠᠴᠢᠨ 667 ᠡᠷᠦᠬᠡ 1657 ᠪᠠᠶᠢᠨ᠎ᠠ᠃ ᠰᠣᠮᠣᠨ ᠤ ᠰᠠᠭᠤᠭ᠎ᠠ ᠭᠠᠵᠠᠷ ᠨᠢ ᠬᠤᠰᠢᠭᠤᠴᠢ ᠭᠠᠴᠠᠭᠠᠨ ᠳᠤ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 81 ᠡᠷᠦᠬᠡ ᠶᠢᠨ 206 ᠬᠥᠮᠦᠨ ᠪᠣᠯᠤᠨ᠎ᠠ᠃ ᠲᠠᠮᠰᠤᠭᠪᠤᠯᠠᠭ ᠰᠤᠮᠤᠨ ᠤ ᠭᠠᠵᠠᠷ ᠵᠦᠶ ᠶᠢᠨ ᠪᠠᠶᠢᠷᠢᠯᠠᠯ ᠣᠨᠴᠠᠭᠠᠶ ᠪᠠᠶᠢᠵᠤ᠂ ᠤᠮᠠᠷᠠᠲᠤ ᠣᠷᠣᠨ ᠠᠴᠠ ᠰᠢᠨᠵᠢᠶᠠᠩ ᠬᠥᠷᠬᠦ ᠶᠡᠭᠡ ᠵᠠᠮ ᠤᠨ ᠴᠢᠬᠤᠯᠠ ᠪᠦᠷᠢᠯᠳᠦᠬᠦᠨ ᠬᠡᠰᠡᠭ ᠲᠤ ᠬᠠᠷᠢᠶᠠᠯᠠᠭᠳᠠᠵᠤ᠂ ᠯᠢᠨ ᠡᠾᠧ ᠠᠴᠠ ᠴᠡᠭᠡ ᠪᠤᠭᠤᠮᠳᠠ ᠬᠦᠷᠬᠦ ᠲᠡᠮᠦᠷ ᠵᠠᠮ᠂ S312 ᠵᠠᠰᠠᠮᠠᠯ ᠵᠠᠮ ᠵᠢᠴᠢ ᠪᠡᠭᠡᠵᠢᠩ ᠠᠴᠠ ᠰᠢᠨᠵᠢᠶᠠᠩ ᠬᠥᠷᠬᠦ ᠲᠦᠷᠭᠡᠨ ᠳᠠᠪᠬᠢᠬᠤ ᠵᠠᠰᠠᠮᠠᠯ ᠵᠠᠮ ᠬᠢᠯᠢ ᠪᠠᠷ ᠥᠩᠭᠡᠷᠡᠵᠦ ᠪᠣᠶ᠃ ᠰᠤᠮᠤ ᠶᠢᠨ ᠰᠠᠭᠤᠭ᠎ᠠ ᠭᠠᠵᠠᠷ ᠨᠢ ᠬᠤᠰᠢᠭᠤᠨ ᠤ ᠣᠷᠳᠣᠨ ᠤ ᠪᠠᠶᠢᠭ᠎ᠠ ᠪᠠᠳᠠᠢ ᠶᠢᠨ ᠬᠢᠷᠢᠨ ᠪᠠᠯᠭᠠᠰᠤ ᠠᠴᠠ 360 ᠺᠢᠯᠤᠮᠧᠳ᠋ᠷ ᠵᠠᠶᠢᠲᠠᠢ᠂ ᠠᠯᠠᠱᠠ ᠠᠶᠢᠮᠠᠭ ᠤᠨ ᠣᠷᠳᠣᠨ ᠤ ᠪᠠᠶᠢᠭ᠎ᠠ ᠪᠠᠶᠠᠨᠬᠤᠲᠠ ᠠᠴᠠ 330 ᠺᠢᠯᠤᠮᠧᠳ᠋ᠷ ᠵᠠᠶᠢᠲᠠᠢ᠃
     ᠰᠤᠮᠤᠨ ᠤ ᠭᠠᠵᠠᠷ ᠤᠨ ᠪᠠᠶᠢᠴᠠ ᠨᠢ ᠤᠮᠠᠷ᠎ᠠ ᠠᠴᠠ ᠪᠠᠨ ᠥᠨᠳᠥᠷ ᠡᠮᠦᠨ᠎ᠡ ᠪᠠᠨ ᠳᠣᠤᠷ᠎ᠠ ᠪᠠᠶᠢᠵᠤ᠂ ᠶᠡᠭᠡ ᠲᠥᠯᠥᠪ ᠭᠤᠪᠢ᠂ ᠡᠯᠡᠰᠦᠨ ᠴᠥᠯ᠂ ᠠᠭᠤᠯᠠᠷᠬᠠᠭ ᠭᠠᠵᠠᠷ᠂ ᠳᠣᠪᠣᠷᠬᠠᠭ ᠭᠡᠵᠦ ᠳᠥᠷᠪᠡᠨ ᠲᠥᠷᠥᠯ ᠳᠤ ᠬᠤᠪᠢᠶᠠᠵᠤ᠂ ᠭᠤᠪᠢ 50% ᠶᠢ ᠡᠵᠡᠯᠡᠵᠦ᠂ ᠳᠣᠪᠣᠴᠠᠭ 20% ᠶᠢ ᠡᠵᠡᠯᠡᠵᠦ᠂ ᠡᠯᠡᠰᠦᠨ ᠴᠥᠯ 30% ᠶᠢ ᠡᠵᠡᠯᠡᠨ᠎ᠡ᠃ ᠪᠠᠷᠠᠭᠤᠨ ᠬᠤᠶᠢᠲᠤ ᠬᠡᠰᠡᠭ ᠨᠢ ᠪᠠᠳᠠᠶ ᠶᠢᠨ ᠵᠢᠷᠠᠨ ᠤ ᠡᠯᠡᠰᠦᠨ ᠴᠥᠯ ᠤᠨ ᠨᠢᠭᠡ ᠬᠡᠰᠡᠭ ᠪᠠᠶᠢᠵᠤ᠂ ᠡᠮᠦᠨᠡᠲᠦ ᠬᠡᠰᠡᠭ ᠨᠢ ᠲᠩᠷᠢ ᠡᠯᠡᠰᠦᠨ ᠴᠥᠯ ᠤᠨ ᠪᠠᠷᠠᠭᠤᠨ ᠵᠠᠬ᠎ᠠ ᠪᠠᠶᠢᠵᠤ᠂ ᠳᠤᠮᠳᠠᠴᠢ ᠪᠠᠷ ᠳᠠᠯᠠᠶ ᠶᠢᠨ ᠲᠦᠪᠰᠢᠨ ᠠᠴᠠ 1550 ᠮᠧᠲᠷ ᠡᠷᠭᠦᠭᠳᠡᠵᠦ᠂ ᠪᠠᠷᠠᠭᠤᠨ ᠡᠮᠦᠨᠡᠲᠦ ᠬᠡᠰᠡᠭ ᠲᠤᠨᠢ ᠰᠢᠭᠤᠢ ᠶᠢᠨ ᠨᠠᠭᠤᠷ᠂  ᠡᠯᠳᠡᠮᠵᠢ ᠶᠢᠨ ᠭᠤᠤᠯ᠂ ᠪᠦᠷᠢᠳᠦ ᠨᠠᠭᠤᠷ ᠵᠡᠷᠭᠡ ᠮᠠᠰᠢ ᠣᠯᠠᠨ ᠬᠤᠯᠤᠰᠤᠲᠤ ᠨᠠᠭᠤᠷ ᠪᠠᠶᠢᠨ᠎ᠠ᠃
     ᠰᠤᠮᠤᠨ ᠤ ᠬᠢᠯᠢ ᠳᠣᠲᠣᠷ᠎ᠠ ᠣᠶ ᠮᠣᠳᠣᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠪᠠᠶᠢᠭᠠᠯᠢ ᠶᠢᠨ ᠣᠷᠬᠢᠴᠠ ᠣᠶ᠂ ᠬᠥᠪᠥᠩ ᠤᠨ ᠥᠷᠭᠡᠰᠦ ᠶᠢᠨ ᠲᠠᠷᠬᠠᠯᠲᠠ ᠶᠢᠨ ᠲᠠᠯᠠᠪᠠᠶ ᠨᠢ ᠲᠣᠰ ᠲᠣᠰ 322 ᠲᠦᠮᠡᠨ ᠮᠥ᠂ 579 ᠲᠦᠮᠡᠨ ᠮᠥ ᠪᠠᠶᠢᠵᠤ᠂ ᠪᠥᠬᠦ ᠬᠤᠰᠢᠭᠤᠨ ᠤ 92% ᠪᠠ 30% ᠶᠢ ᠡᠵᠡᠯᠡᠵᠦ᠂ ᠪᠠᠳᠠᠶ ᠶᠢᠨ ᠵᠢᠷᠠᠨ ᠤ ᠡᠯᠡᠰᠦ ᠶᠢ ᠵᠡᠭᠦᠨᠰᠢ ᠰᠢᠯᠵᠢᠭᠦᠯᠬᠦ ᠶᠢ ᠬᠤᠷᠢᠭᠯᠠᠬᠤ ᠨᠣᠭᠤᠭᠠᠨ ᠬᠠᠯᠬᠠᠪᠴᠢ ᠶᠢ ᠪᠠᠶᠢᠭᠤᠯᠤᠭᠰᠠᠨ ᠪᠠᠶᠢᠨ᠎ᠠ᠃ ᠬᠡᠭᠡᠷ᠎ᠡ ᠶᠢᠨ ᠴᠠᠭᠠᠨ ᠭᠤᠶᠣᠣ᠂ ᠤᠯᠠᠭᠠᠨ ᠭᠤᠶᠤᠤ ᠶᠢᠨ ᠵᠢᠯ ᠤᠨ ᠭᠠᠷᠤᠯᠲᠠ ᠨᠢ ᠲᠣᠰ ᠲᠣᠰ 100 ᠲᠣᠨ ︵ᠬᠠᠭᠤᠷᠠᠶ︶ ᠪᠠ 80 ᠲᠣᠨ ︵ᠬᠠᠭᠤᠷᠠᠶ︶ ᠳᠤ ᠬᠦᠷᠴᠦ᠂ ᠡᠯᠡᠰᠦᠨ ᠤ ᠠᠵᠤ ᠦᠢᠯᠡᠰ ᠢ ᠬᠥᠭᠵᠢᠭᠦᠯᠬᠦ ᠬᠡᠲᠦ ᠶᠢᠨ ᠲᠥᠯᠥᠪ ᠰᠠᠷᠠᠭᠤᠯ ᠠᠭᠤᠳᠠᠮ ᠪᠠᠶᠢᠨ᠎ᠠ᠃ ᠡᠭᠦᠨ ᠤ ᠬᠠᠮᠲᠤ᠂ ᠲᠠᠮᠰᠤᠭᠪᠤᠯᠠᠭ ᠠᠯᠠᠱᠠ ᠶᠢᠨ ᠬᠤᠤᠰ ᠪᠥᠬᠦᠲᠦ ᠲᠡᠮᠡᠭᠡ ᠶᠢ ᠦᠷᠡᠵᠢᠭᠦᠯᠦᠨ ᠲᠡᠵᠢᠭᠡᠬᠦ ᠭᠤᠤᠯ ᠭᠠᠵᠠᠷ ᠤᠨ ᠨᠢᠭᠡ ᠪᠠᠶᠢᠵᠤ᠂ ᠲᠡᠮᠡᠭᠡᠨ ᠤ ᠪᠥᠬᠦ ᠲᠤᠭ᠎ᠠ ᠨᠢ ᠪᠠᠷᠤᠭ 2 ᠲᠦᠮᠡ ᠭᠠᠷᠤᠶ ᠪᠠᠶᠢᠵᠤ᠂ ᠪᠥᠬᠦ ᠬᠤᠰᠢᠭᠤᠨ ᠤ ᠪᠥᠬᠦ ᠲᠣᠭᠠᠨ ᠤ ᠬᠠᠭᠠᠰ ᠠᠴᠠ ᠳᠡᠭᠡᠭᠰᠢᠬᠢ ᠶᠢ ᠡᠵᠡᠯᠡᠳᠡᠭ᠃
     ᠰᠤᠮᠤᠨ ᠤ ᠨᠤᠲᠤᠭ ᠳᠡᠪᠢᠰᠬᠡᠷ ᠥᠷᠭᠡᠨ ᠠᠭᠤᠳᠠᠮ᠂  ᠬᠤᠶᠢᠲᠤ ᠲᠠᠯ᠎ᠠ ᠶᠢᠨ ᠠᠭᠤᠯᠠ ᠨᠢ ᠡᠷᠦᠳᠡᠰᠦ ᠶᠢᠨ ᠪᠦᠰᠡ ᠳᠤ ᠪᠠᠶᠢᠷᠢᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠳᠠᠭ᠃ ᠣᠲᠣ ᠨᠢᠭᠡᠨᠲᠡ ᠢᠯᠡᠷᠡᠭᠦᠯᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠠᠯᠲᠠ᠂ ᠵᠡᠰ᠂ ᠦᠷᠡᠨ᠂ ᠨᠢᠺᠤᠯ ᠵᠢᠴᠢ ᠳᠠᠪᠤᠰᠤ᠂ ᠱᠡᠤ᠂ ᠴᠠᠬᠢᠭᠤᠷ ᠴᠢᠯᠠᠭᠤ᠂ ᠬᠠᠶᠢᠯᠤᠭᠤᠷ ᠵᠣᠩᠰᠢ᠂ ᠵᠤᠭᠠᠩ᠂ ᠪᠣᠷᠵᠢᠨ ᠴᠢᠯᠠᠭᠤᠯᠢᠭ ᠵᠡᠷᠭᠡ ᠠᠷᠪᠠ ᠭᠠᠷᠤᠶ ᠲᠦᠷᠦᠯ ᠪᠠᠶᠢᠵᠤ᠂ ᠬᠢᠯᠢ ᠶᠢᠨ ᠳᠣᠲᠣᠷ᠎ᠠ ᠠᠴᠠ ᠭᠠᠷᠤᠭᠰᠠᠨ ᠭᠤᠪᠢ ᠶᠢᠨ ᠮᠠᠨᠤ᠂ ᠬᠠᠰ ᠵᠡᠷᠭᠡ ᠬᠠᠴᠢᠨ ᠴᠢᠯᠠᠭᠤᠨ ᠤ ᠡᠬᠢ ᠪᠠᠶᠠᠯᠢᠭ ᠨᠢ ᠥᠪᠡᠷᠮᠢᠴᠡ ᠪᠥᠭᠡᠳ ᠴᠢᠨᠠᠷ ᠰᠠᠶᠢᠲᠠᠶ ᠪᠠᠶᠢᠵᠤ᠂ ᠡᠩᠭᠡᠷᠤᠰᠤ  ᠭᠠᠴᠠᠭᠠᠨ  ᠳᠤ ︽ᠡᠯᠡᠰᠦᠨ ᠴᠥᠯ ᠤᠨ ᠬᠠᠴᠢᠨ ᠴᠢᠯᠠᠭᠤᠨ ᠤ ᠨᠤᠲᠤᠭ︾ ᠭᠡᠰᠡᠨ ᠰᠠᠶᠢᠬᠠᠨ ᠠᠯᠳᠠᠷᠲᠠᠶ ᠶᠤᠮ᠃
     ᠰᠤᠮᠤᠨ ᠤ ᠥᠷᠭᠡᠨ ᠠᠭᠤᠳᠠᠮ ᠨᠤᠲᠤᠭ ᠪᠡᠯᠴᠢᠭᠡᠷ ᠲᠤ ᠠᠷᠭᠠᠯᠢ  ᠂ ᠵᠡᠭᠡᠷ᠎ᠡ᠂ ᠲᠠᠤᠯᠠᠢ᠂ ᠴᠢᠨ᠋ᠸ᠎ᠠ᠂ ᠦᠨᠡᠭᠡ ᠵᠡᠷᠭᠡ ᠠᠷᠪᠠᠨ ᠬᠡᠳᠦᠨ ᠲᠦᠷᠦᠯ ᠤᠨ ᠬᠡᠭᠡᠷ᠎ᠡ ᠶᠢᠨ ᠠᠮᠢᠲᠠᠨ ᠠᠮᠢᠳᠤᠷᠠᠵᠤ ᠪᠠᠶᠢᠨ᠎ᠠ᠃ ᠡᠭᠦᠨ ᠤ ᠳᠣᠲᠣᠷᠠᠬᠢ ᠵᠠᠷᠢᠮ ᠢ ᠨᠢ ᠤᠯᠤᠰ ᠠᠴᠠ ᠪᠠᠶᠢᠭᠠᠯᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠮᠢᠳᠠᠨ ᠳᠤ ᠣᠷᠣᠭᠤᠯᠤᠭᠰᠠᠨ ᠪᠠᠶᠢᠨ᠎ᠠ᠃
     ᠲᠠᠮᠰᠤᠭᠪᠤᠯᠠᠭ ᠰᠤᠮᠤ ᠶᠢ ᠰᠡᠷᠭᠦᠭᠡᠨ ᠳᠠᠬᠢᠨ ᠪᠠᠶᠢᠭᠤᠯᠤᠭᠰᠠᠨ ᠠᠴᠠ ᠨᠠᠰᠢ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠲᠡ 6060.8 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠰᠠᠭᠤᠭ᠎ᠠ ᠭᠠᠴᠠᠭ᠎ᠠ ᠪᠠᠷ ᠭᠤᠤᠯ ᠪᠣᠯᠭᠠᠭᠰᠠᠨ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ ᠵᠡᠷᠭᠡ ᠡᠯ᠎ᠡ ᠵᠤᠶᠢᠯ ᠤᠨ ᠰᠠᠭᠤᠷᠢ ᠪᠡᠯᠡᠳᠬᠡᠮᠵᠢ ᠶᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠦᠨᠡᠨ ᠪᠣᠳᠠᠲᠠᠶ ᠠᠯᠬᠤᠴᠠ ᠲᠠᠢ ᠪᠣᠯᠭᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠡᠳᠦᠷ ᠢᠷᠡᠬᠦᠶ᠎ᠡ ᠳᠡᠭᠡᠭᠰᠢᠯᠡᠭᠦᠯᠪᠡ᠃ ᠣᠳᠣᠬᠠᠨ ᠤ ᠬᠥᠭᠵᠢᠯᠲᠡ ᠶᠢᠨ ᠣᠷᠴᠢᠨ ᠲᠣᠭᠤᠷᠢᠨ ᠪᠠ ᠥᠪᠡᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠤᠶᠢᠰᠢᠳᠠ ᠶᠢᠨ ᠬᠥᠭᠵᠢᠯᠲᠡ ᠶᠢᠨ ᠳᠤᠮᠳᠠ᠂ ᠰᠤᠮᠤ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠣᠨᠴᠠᠯᠢᠬᠵᠢᠭᠰᠠᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠬᠤ︾ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠲᠣᠭᠲᠠᠭᠤᠨ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ︽ᠬᠥᠷᠥᠰᠥ ᠰᠢᠷᠣᠶ ᠪᠠᠨ ᠬᠠᠮᠠᠭᠠᠯᠠᠨ ᠬᠢᠯᠢ ᠬᠢᠵᠠᠭᠠᠷ ᠢᠶᠠᠨ ᠬᠠᠮᠠᠭᠠᠯᠠᠬᠤ᠂ ᠠᠮᠢ ᠠᠬᠤᠶ ᠪᠠᠷ ᠬᠢᠯᠢ ᠬᠢᠵᠠᠭᠠᠷ ᠢᠶᠠᠨ ᠪᠠᠬᠢᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠢᠶᠠᠨ ᠬᠥᠭᠵᠢᠭᠦᠯᠬᠦ᠂ ᠠᠷᠠᠳ ᠢ ᠪᠠᠶᠠᠵᠢᠭᠤᠯᠤᠨ ᠬᠢᠯᠢ ᠬᠢᠵᠠᠭᠠᠷ ᠢᠶᠠᠨ ᠬᠦᠴᠦᠷᠬᠡᠭᠵᠢᠭᠦᠯᠬᠦ︾ ᠠᠵᠢᠯ ᠤᠨ ᠭᠤᠤᠯ ᠰᠢᠵᠢᠮ ᠢ ᠳᠣᠪᠤᠶᠢᠯᠭᠠᠨ᠂ ᠥᠪᠡᠷᠮᠢᠴᠡ ᠣᠨᠴᠠᠯᠢᠭ ᠲᠠᠢ ᠳᠠᠪᠠᠭᠤᠯᠢᠭ ᠢᠶᠠᠨ ᠨᠠᠩ ᠢᠯᠡᠭᠦᠤ ᠢᠯᠡᠷᠡᠭᠦᠯᠵᠦ᠂  ᠲᠥᠰᠥᠪ ᠤᠨ ᠪᠥᠲᠥᠭᠡᠨ ᠪᠠᠶᠢᠭᠤᠯᠤᠯᠲᠠ ᠶᠢ ᠨᠠᠩ ᠢᠯᠡᠭᠦᠤ ᠴᠢᠬᠤᠯᠠᠴᠢᠯᠠᠵᠤ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠶᠢ ᠨᠠᠩ ᠢᠯᠡᠭᠦᠤ ᠳᠣᠪᠤᠶᠢᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠠᠩ ᠢᠯᠡᠭᠦᠤ ᠴᠢᠬᠤᠯᠠᠴᠢᠯᠠᠵᠤ᠂ ᠰᠢᠨ᠎ᠡ ᠬᠡᠪ ᠪᠠᠶᠢᠳᠠᠯ ᠳᠤ ᠵᠣᠬᠢᠴᠠᠭᠤᠯᠤᠨ᠂ ᠰᠢᠨ᠎ᠡ ᠵᠢᠷᠤᠭ ᠲᠥᠰᠦᠪ ᠢ ᠵᠢᠷᠤᠭᠯᠠᠵᠤ᠂ ︽ᠦᠨᠳᠦᠰᠦᠲᠡᠨ ᠤ ᠣᠨᠴᠠᠯᠢᠭ ᠢᠶᠠᠷ ᠪᠠᠶᠠᠯᠢᠭ ᠬᠢᠯᠢ ᠬᠢᠵᠠᠭᠠᠷ ᠤᠨ ᠰᠢᠨ᠎ᠡ ᠰᠤᠮᠤ︾ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号