ᠪᠢ ᠤᠯᠠᠨ ᠲᠦᠮᠡᠨ ᠳᠤ ᠪᠤᠳᠠᠳᠠᠢ ᠠᠵᠢᠯ ᠬᠢᠨ᠎ᠡ — ᠶᠠᠪᠠᠷᠠᠢ ᠪᠠᠯᠭᠠᠰᠤᠨ ᠤ 2021 ᠣᠨ ᠤ 8 ᠵᠤᠶᠢᠯ  ᠤᠨ ᠠᠷᠠᠳ ᠤᠨ ᠲᠥᠯᠥᠭᠡ ᠪᠤᠳᠠᠳᠠᠢ ᠠᠵᠢᠯ ᠬᠢᠬᠦ ᠲᠥᠰᠥᠪ ᠢ ᠪᠦᠬᠦᠨ ᠢ ᠬᠢᠵᠦ ᠳᠠᠭᠤᠰᠬᠠᠪᠠ
ᠨᠡᠶᠢᠲᠡᠯᠡᠭᠰᠡᠨ ᠴᠠᠭ᠄
2021/12/15
     ᠡᠨᠡ ᠵᠢᠯ ᠠᠴᠠ ᠨᠠᠰᠢ᠂ ᠶᠠᠪᠠᠷᠠᠢ ᠪᠠᠯᠭᠠᠰᠤ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠠᠷᠠᠳ ᠤᠨ ᠲᠥᠯᠥᠭᠡ ᠪᠣᠳᠠᠲᠠᠶ ᠠᠵᠢᠯ ᠬᠢᠬᠦ 8 ᠵᠦᠢᠯ ᠤᠨ ᠵᠦᠢᠯᠡᠰ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠡᠶ᠃
     ᠶᠠᠪᠠᠷᠠᠢ ᠪᠠᠯᠭᠠᠰᠤᠨ ᠤ ᠵᠡᠭᠦᠨ ᠲᠣᠭᠤᠷᠢᠯ ᠵᠠᠮ ᠪᠣᠯᠤᠨ ᠾᠧ ᠶᠠ ᠵᠠᠮ ᠤᠨ ᠠᠭᠤᠯᠵᠠᠷ ᠤᠨ ᠬᠡᠰᠡᠭ ᠲᠤ ᠨᠠᠰᠢ ᠴᠠᠰᠢ ᠥᠩᠭᠡᠷᠡᠬᠦ ᠲᠡᠷᠭᠡ ᠣᠯᠠᠨ᠂ ᠴᠠᠭ ᠲᠤᠬᠠᠶ ᠳᠤᠨᠢ ᠵᠠᠰᠠᠵᠤ ᠰᠡᠯᠪᠢᠭᠰᠡᠨ ᠥᠬᠡᠶ ᠵᠡᠷᠭᠡ ᠰᠢᠯᠲᠠᠭᠠᠨ ᠠᠴᠠ ᠪᠣᠯᠵᠣ ᠂ ᠵᠠᠮ ᠤᠨ ᠪᠠᠶᠢᠳᠠᠯ ᠨᠡᠯᠢᠶᠡᠳ ᠮᠠᠭᠤ ᠪᠣᠯᠵᠣ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ ᠡᠨᠡ ᠵᠢᠯ ᠶᠠᠪᠠᠷᠠᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠡᠭᠦᠨ ᠢ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠲᠥᠰᠥᠪ ᠳᠤ ᠣᠷᠣᠭᠤᠯᠵᠤ᠂ 120 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠡᠭᠦᠨ ᠲᠣᠭᠤᠷᠢᠯ ᠵᠠᠮ ᠪᠣᠯᠤᠨ ᠡᡁᠧ ᠶᠠ ᠵᠠᠮ ᠤᠨ ᠬᠤᠯᠪᠣᠯᠲᠠ ᠶᠢᠨ ᠱᠤᠭᠤᠮ ᠤᠨ ᠡᠪᠳᠡᠭᠳᠡᠭᠰᠡᠨ ᠵᠠᠮ ᠤᠨ ᠭᠠᠳᠠᠷᠭᠤ 1.5 ᠺᠢᠯᠤᠮᠧᠳ᠋ᠷ ᠢ ᠰᠡᠯᠪᠢᠨ ᠵᠠᠰᠠᠵᠤ᠂ ᠵᠠᠮ ᠨᠡᠪᠲᠡᠷᠡᠯᠭᠡ ᠶᠢᠨ ᠬᠦᠴᠢᠷᠳᠡᠯ ᠪᠣᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠪᠠ᠃
     ︽ᠪᠠᠷᠢᠮᠵᠢᠶᠠᠵᠢᠭᠤᠯᠤᠭᠰᠠᠨ ᠲᠡᠮᠡᠭᠡᠨ ᠰᠠᠭᠠᠯᠢ ᠶᠢᠨ ᠥᠷᠲᠡᠭᠡᠨ ᠤ ᠪᠥᠲᠥᠭᠡᠨ ᠪᠠᠶᠢᠭᠤᠯᠤᠯᠲᠠ ᠶᠢᠨ ᠲᠥᠰᠥᠪ︾ ᠪᠣᠯ ᠡᠨᠡ ᠵᠢᠯ ᠤᠨ ᠶᠠᠪᠠᠷᠠᠢ ᠪᠠᠯᠭᠠᠰᠤᠨ ᠤ ᠠᠷᠠᠳ ᠲᠤ ᠵᠣᠷᠢᠭᠤᠯᠤᠭᠰᠠᠨ ᠨᠠᠢᠮᠠᠨ ᠵᠤᠶᠢᠯ ᠤᠨ ᠪᠤᠳᠠᠳᠠᠢ ᠠᠵᠢᠯ ᠤᠨ ᠨᠢᠭᠡ ᠪᠣᠯᠤᠨ᠎ᠠ᠂ ᠲᠥᠰᠥᠪ ᠤᠨ ᠶᠡᠷᠦᠩᠬᠡᠶ ᠪᠠᠯᠠ ᠣᠷᠣᠭᠤᠯᠤᠯᠲᠠ ᠨᠢ 200 ᠲᠦᠮᠡᠨ ᠲᠥᠭᠦᠷᠢᠭ ᠪᠠᠶᠢᠵᠤ᠂ ᠲᠡᠮᠡᠭᠡᠨ ᠤ ᠠᠵᠤ ᠦᠢᠯᠡᠰ ᠡᠷᠭᠢᠯᠡᠵᠦ ᠪᠠᠶᠢᠭ᠎ᠠ 3 ᠡᠷᠦᠬᠡ ᠶᠢᠨ ᠮᠠᠯᠴᠢᠨ ᠲᠠᠷᠢᠶᠠᠴᠢᠳ ᠲᠤ ᠪᠠᠷᠢᠮᠵᠢᠶᠠᠵᠢᠭᠤᠯᠤᠭᠰᠠᠨ ᠲᠡᠮᠡᠭᠡᠨ ᠬᠠᠰᠢᠶ᠎ᠠ᠂ ᠡᠪᠡᠰᠦ ᠪᠣᠷᠳᠣᠭᠠᠨ ᠤ ᠬᠥᠮᠥᠷᠭᠡ ᠪᠠ ᠢᠵᠢ ᠪᠥᠷᠢᠳᠦᠭᠰᠡᠨ ᠳᠠᠭᠠᠯᠲᠠ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠡᠮᠡᠭᠡ ᠲᠡᠵᠢᠭᠡᠬᠦ ᠡᠷᠦᠬᠡ ᠶᠢᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠲᠡᠳᠬᠦᠨ ᠳᠡᠮᠵᠢᠨ᠎ᠡ᠃ ᠪᠠᠭᠠᠲᠤᠷ ᠪᠣᠯ ᠶᠠᠪᠠᠷᠠᠢ ᠪᠠᠯᠭᠠᠰᠤᠨ ᠤ ᠶᠡᠬᠡᠬᠤᠳᠳᠤᠭ ᠭᠠᠴᠠᠭᠠᠨ ᠤ ᠮᠠᠯᠴᠢᠨ ᠪᠣᠯᠤᠨ᠎ᠠ᠂ 2019 ᠣᠨ ᠠᠴᠠ ᠲᠡᠮᠡᠭᠡᠨ ᠤ ᠦᠢᠯᠡᠰ ᠢ ᠬᠥᠭᠵᠢᠭᠦᠯᠵᠦ᠂ ᠤᠳᠤ 50 ᠭᠠᠷᠤᠢ ᠢᠩᠭᠡ ᠰᠠᠭᠠᠵᠤ ᠪᠤᠢ᠃ ︽ᠪᠠᠷᠢᠮᠵᠢᠶᠠᠵᠢᠭᠤᠯᠤᠭᠰᠠᠨ ᠲᠡᠮᠡᠭᠡᠨ ᠰᠠᠭᠠᠯᠢ ᠶᠢᠨ ᠥᠷᠲᠡᠭᠡᠨ ᠤ ᠪᠥᠲᠥᠭᠡᠨ ᠪᠠᠶᠢᠭᠤᠯᠤᠯᠲᠠ ᠶᠢᠨ ᠲᠥᠰᠥᠪ︾ ᠢ ᠬᠡᠷᠡᠭᠵᠢᠭᠦᠯᠦᠭᠰᠡᠨ ᠨᠢ ᠲᠡᠳᠡᠨ ᠤ ᠲᠡᠮᠡᠭᠡ ᠲᠡᠵᠢᠭᠡᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠡᠮᠡᠭᠡᠨ ᠤ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
     ᠡᠨᠡ ᠵᠢᠯ᠂ ᠶᠠᠪᠠᠷᠠᠢ ᠪᠠᠯᠭᠠᠰᠤ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠪᠠ ᠲᠤᠯᠭᠠᠮ᠎ᠠ ᠰᠢᠢᠳᠪᠦᠷᠢᠯᠡᠬᠦ ᠴᠢᠬᠤᠯᠠᠲᠠᠶ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠠᠴᠠ ᠭᠠᠷᠳᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠶᠠᠪᠠᠷᠠᠢ ᠪᠠᠯᠭᠠᠰᠤ ᠶᠢᠨ ᠤᠯᠤᠰ ᠤᠨ ᠡᠯᠡᠰᠦᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠬᠤ᠂ ᠲᠡᠮᠡᠭᠡᠨ ᠤ ᠠᠵᠤ ᠦᠢᠯᠡᠰ ᠤᠨ ᠲᠤᠬᠠᠢ ᠶᠢᠨ ᠲᠠᠯᠠᠪᠠᠢ ᠳᠤ ᠵᠢᠯᠣᠭᠤᠳᠤᠨ ᠪᠣᠯᠪᠠᠰᠤᠷᠠᠭᠤᠯᠬᠤ᠂ ᠡᠯᠡᠰᠦᠨ ᠤ ᠠᠵᠤ ᠦᠢᠯᠡᠰ ᠤᠨ ᠲᠡᠵᠢᠭᠡᠨ ᠦᠷᠡᠵᠢᠭᠦᠯᠬᠦ ᠦᠢᠯᠡᠰ ᠢ ᠲᠡᠳᠬᠦᠨ ᠳᠡᠭᠡᠭᠰᠢᠯᠡᠭᠦᠯᠬᠦ᠂ ᠪᠠᠷᠢᠮᠵᠢᠶᠠᠵᠢᠭᠰᠠᠨ ᠲᠡᠮᠡᠭᠡᠨ ᠰᠠᠭᠠᠯᠢ ᠶᠢᠨ ᠦᠷᠳᠡᠭᠡ ᠶᠢᠨ ᠪᠦᠳᠦᠭᠡᠨ ᠪᠠᠶᠢᠭᠤᠯᠤᠯᠲᠠ᠂ ᠰᠡᠯᠪᠢᠨ ᠵᠠᠰᠠᠵᠤ ᠥᠭᠡᠷᠡᠴᠢᠯᠡᠬᠦ ᠵᠡᠭᠦᠨ ᠲᠣᠭᠤᠷᠢᠯ ᠵᠠᠮ ᠪᠣᠯᠤᠨ ᠾᠧ ᠶᠠ ᠵᠠᠮ ᠤᠨ ᠬᠤᠯᠪᠣᠬᠤ ᠱᠤᠭᠤᠮ ᠤᠨ ᠢᠨᠵᠧᠨᠧᠷᠢᠩ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠦᠳᠦᠭᠡᠨ ᠪᠠᠶᠢᠭᠤᠯᠤᠯᠲᠠ᠂ ᠪᠠᠯᠭᠠᠰᠤ ᠲᠣᠭᠤᠷᠢᠭ ᠤᠨ ᠴᠠᠬᠢᠯᠭᠠᠨ ᠬᠦᠴᠦᠨ ᠤ ᠥᠭᠡᠷᠡᠴᠢᠯᠡᠯᠲᠡ᠂ ᠨᠠᠰᠤᠵᠢᠯ ᠤᠨ ᠠᠰᠠᠷᠠᠮᠵᠢ ᠪᠠᠷ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ 2021 ᠣᠨ ᠤ ᠠᠷᠠᠳ ᠲᠤ ᠪᠤᠳᠠᠳᠠᠢ ᠠᠵᠢᠯ ᠬᠢᠬᠦ ᠨᠠᠢᠮᠠᠨ ᠲᠥᠰᠥᠪ ᠢ ᠰᠤᠳᠤᠯᠤᠨ ᠲᠣᠭᠲᠠᠭᠠᠪᠠ᠃ ᠶᠡᠷᠦᠩᠬᠡᠶ ᠪᠠᠯᠠ ᠣᠷᠣᠭᠤᠯᠤᠯᠲᠠ ᠨᠢ 2684 ᠲᠦᠮᠡᠨ ᠲᠥᠭᠦᠷᠢᠭ ᠪᠠᠶᠢᠵᠤ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠰᠠᠭᠤᠷᠢ ᠪᠥᠲᠥᠭᠡᠨ ᠪᠠᠶᠢᠭᠤᠯᠤᠯᠲᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠣᠯᠠᠨ ᠬᠦᠷᠢᠶᠡᠨ ᠳᠤ ᠬᠤᠯᠪᠣᠭᠳᠠᠨ᠎ᠠ᠃
     ᠡᠨᠡ ᠵᠢᠯ ᠠᠴᠠ ᠨᠠᠰᠢ᠂ ᠶᠠᠪᠠᠷᠠᠢ ᠪᠠᠯᠭᠠᠰᠤ ︽ᠪᠢ ᠣᠯᠠᠨ ᠲᠦᠮᠡᠨ ᠳᠤ ᠪᠤᠳᠠᠳᠠᠢ ᠠᠵᠢᠯ ᠬᠢᠨ᠎ᠡ︾ ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠪᠠᠭ ᠤᠨ ᠭᠡᠰᠢᠭᠦᠳ ᠭᠠᠴᠠᠭ᠎ᠠ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠤ  ᠲᠠᠭᠤ ᠬᠤᠭᠤᠯᠠᠢ ᠪᠠ ᠣᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠤ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠷᠢᠶ᠎ᠡ ᠴᠠᠷᠠᠭ᠎ᠠ ᠶᠢ ᠠᠬᠢᠭᠤᠯᠬᠤ ᠶᠢᠨ ᠲᠣᠭᠤᠷᠢᠨ ᠳᠤ᠂ ᠨᠢᠭᠡ ᠪᠦᠯᠦᠭ ᠣᠯᠠᠨ ᠲᠦᠮᠡᠨ ᠤ ︽ᠪᠠᠴᠢᠮᠳᠠᠨ ᠬᠦᠴᠢᠷᠳᠡᠵᠦ ᠵᠤᠪᠠᠵᠤ ᠡᠷᠡᠮᠯᠡᠵᠦ︾ ᠪᠠᠶᠢᠭ᠎ᠠ ᠤᠴᠢᠷ ᠶᠠᠪᠤᠳᠠᠯ ᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号