ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠬᠤᠶᠠᠷᠬᠤᠳᠳᠤᠭ ᠭᠠᠴᠠᠭᠠᠨ ᠤ ᠨᠠᠮ ᠤᠨ ᠭᠡᠰᠢᠭᠦᠨ | ᠪᠦᠦ ᠬᠤᠸᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠳᠤ ᠣᠷᠣᠯᠴᠠᠪᠠ᠃ ᠬᠤᠷᠠᠯ ᠲᠡᠭᠦᠰᠦᠭᠰᠡᠨ ᠤ ᠳᠠᠷᠠᠭ᠎ᠠ ᠮᠠᠯᠵᠢᠬᠤ ᠣᠷᠣᠨ ᠳᠠᠭᠠᠨ ᠪᠤᠴᠠᠭᠰᠠᠨ ᠤ | ᠰᠡᠭᠦᠯᠡᠷ᠂ ᠪᠦᠦ ᠬᠤᠸᠠ ᠲᠡᠷᠡ ᠳᠠᠷᠤᠶ ᠳᠤᠨᠢ ᠭᠠᠴᠠᠭᠠᠨ ᠤ ︽ᠬᠤᠶᠠᠷ ᠵᠥᠪᠯᠡᠯ︾ ᠲᠠᠢ ᠬᠤᠯᠪᠤᠭᠳᠠᠵᠤ᠂ ᠭᠠᠴᠠᠭᠠᠨ | ᠤ ᠬᠠᠮᠲᠤ ᠶᠢᠨ ᠠᠵᠢᠯᠯᠠᠭᠠᠨ ᠤ ᠴᠠᠭ ᠲᠣᠬᠢᠶᠠᠯ ᠢ ᠠᠰᠢᠭᠯᠠᠨ᠂ ᠦᠨᠳᠦᠰᠦᠨ ᠱᠠᠲᠤᠨ ᠤ ᠮᠠᠯᠴᠢᠨ ᠲᠠᠷᠢᠶᠠᠴᠢᠨ | ᠲᠦᠮᠡᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | | | | | ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠬᠤᠶᠠᠷᠬᠤᠳᠳᠤᠭ ᠭᠠᠴᠠᠭᠠᠨ ᠳᠤ ᠥᠷᠨᠢᠭᠦᠯᠦᠭᠰᠡᠨ | ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭᠠᠨ ᠳᠤᠮᠳᠠ᠂ ᠪᠦᠦ ᠬᠤᠸᠠ ᠮᠠᠯᠴᠢᠨ ᠲᠠᠷᠢᠶᠠᠴᠢᠨ ᠨᠠᠮ ᠤᠨ | ᠭᠡᠰᠢᠭᠦᠳ ᠲᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠰᠣᠷᠣᠭᠰᠠᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠬᠢᠯᠪᠠᠷ | ᠣᠶᠢᠯᠠᠭᠠᠮᠵᠢᠲᠠᠶ ᠦᠭᠡ ᠬᠡᠯᠡ ᠪᠠᠷ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠭᠠᠴᠠᠭᠠᠨ ᠤ ᠨᠠᠮ ᠤᠨ | ᠭᠡᠰᠢᠭᠦᠨ ᠲᠦᠮᠡᠨ ᠳᠤ ᠤᠬᠠᠭᠤᠯᠤᠨ ᠲᠠᠶᠢᠯᠪᠤᠷᠢᠯᠠᠵᠤ᠂ ᠬᠤᠷᠠᠯ ᠳᠤ ᠣᠷᠣᠯᠴᠠᠭᠰᠠᠨ ᠲᠥᠷᠥᠭᠳᠡᠯ ᠢᠶᠠᠨ | ᠬᠤᠪᠢᠶᠠᠯᠴᠠᠭᠰᠠᠨ ᠪᠠᠶᠢᠨ᠎ᠠ᠃ | | | | | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠮᠠᠯᠴᠢᠨ ᠲᠠᠷᠢᠶᠠᠴᠢᠨ ᠤᠯᠠᠨ ᠲᠦᠮᠡᠨ ᠬᠠᠷᠢᠯᠴᠠᠨ | ᠰᠣᠯᠢᠯᠴᠠᠵᠤ᠂ ᠬᠠᠯᠠᠭᠤᠨ ᠢᠶᠠᠷ ᠶᠠᠷᠢᠯᠴᠠᠵᠤ᠂ ᠣᠯᠤᠯᠲᠠ ᠲᠦᠷᠦᠭᠳᠡᠯ ᠢᠶᠠᠨ ᠬᠤᠪᠢᠶᠠᠯᠴᠠᠵᠤ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠣᠳᠠᠲᠠᠢ ᠠᠵᠢᠯ ᠳᠠᠭᠠᠨ ᠠᠭᠤᠰᠤᠯᠴᠠᠭᠤᠯᠵᠤ᠂ ᠪᠦᠯᠬᠦᠮᠳᠡᠨ ᠨᠢᠭᠡᠳᠴᠦ᠂ ᠡᠷᠡᠮᠡᠬᠡᠶᠢᠯᠡᠨ ᠤᠷᠤᠭᠰᠢᠯᠠᠵᠤ᠂ ᠠᠵᠤ | ᠦᠢᠯᠡᠰ ᠢᠶᠠᠨ ᠬᠥᠭᠵᠢᠭᠦᠯᠵᠦ᠂ ᠣᠷᠣᠯᠭ᠎ᠠ ᠪᠠᠨ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠵᠦ ᠤᠯᠠᠨ ᠢᠶᠠᠷ ᠢᠶᠠᠨ ᠢᠯᠡᠳᠬᠡᠵᠡᠭᠡᠪᠡ | ᠃ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠨᠠᠮ ᠤᠨ ᠲᠥᠯᠥᠭᠡᠯᠡᠭᠴᠢ ᠪᠦᠦ ᠬᠤᠸᠠ ᠪᠣᠯ ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤ ᠶᠢᠨ | ᠬᠤᠶᠠᠷᠬᠤᠳᠳᠤᠭ ᠭᠠᠴᠠᠭᠠᠨ ᠤ ᠮᠠᠯᠴᠢᠨ ᠪᠣᠯᠤᠨ᠎ᠠ᠃ ᠣᠯᠠᠨ ᠵᠢᠯ ᠤᠨ ᠲᠤᠷᠰᠢ᠂ ᠲᠡᠷᠡ ᠡᠷ᠎ᠡ ᠨᠥᠬᠦᠷ ᠲᠠᠢ ᠪᠠᠨ | ᠰᠢᠨᠲᠠᠷᠠᠰᠢ ᠦᠭᠡᠶ ᠬᠠᠳᠠᠨ ᠵᠣᠷᠢᠭ ᠪᠠ ᠬᠦᠴᠢᠷ ᠢ ᠰᠦᠷᠦᠨ ᠤᠷᠤᠭᠰᠢᠯᠠᠬᠤ ᠡᠷᠴᠢ ᠵᠣᠷᠢᠭ ᠢᠶᠠᠷ ᠢᠶᠠᠨ ᠠᠵᠢᠯᠴᠢ | ᠬᠥᠳᠡᠯᠮᠦᠷᠢᠴᠢ ᠪᠠ ᠬᠦᠴᠦ ᠬᠥᠯᠥᠰᠥ ᠪᠠᠷ ᠢᠶᠠᠨ ᠪᠠᠳᠠᠢ ᠶᠢᠨ ᠵᠢᠷᠠᠨ ᠤ ᠡᠯᠡᠰᠦᠨ ᠤ ᠬᠥᠪᠡᠭᠡᠨ ᠳᠤ ᠠᠷᠪᠠᠨ ᠬᠡᠳᠦᠨ | ᠲᠦᠮᠡᠨ ᠮᠦ ᠬᠥᠮᠦᠨ ᠤ ᠬᠦᠴᠦ ᠪᠠᠷ ᠣᠶᠢᠵᠢᠭᠤᠯᠤᠭᠰᠠᠨ ᠭᠠᠶᠢᠬᠠᠮᠰᠢᠭ ᠢ ᠡᠭᠦᠳᠴᠦ᠂ ᠬᠤᠯᠠ ᠤᠢᠢᠷ᠎ᠠ ᠳᠤ | ᠠᠯᠳᠠᠷᠰᠢᠭᠰᠠᠨ ᠡᠯᠡᠰᠦᠷᠬᠡᠭᠵᠢᠬᠦ ᠠᠴᠠ ᠰᠡᠷᠭᠡᠶᠢᠯᠡᠨ ᠡᠯᠡᠰᠦ ᠶᠢ ᠵᠠᠰᠠᠬᠤ ᠲᠠᠭᠠᠭᠤᠯᠤᠬᠴᠢ ᠪᠤᠯᠵᠤ᠂ ᠨᠡᠩ ᠴᠤ | ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠲᠠᠭᠠᠭᠤᠯᠤᠬᠴᠢ | ᠪᠤᠯᠵᠤ᠂ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾᠂ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ | ᠬᠥᠳᠡᠯᠮᠦᠷᠢ ᠶᠢᠨ ᠵᠢᠱᠢᠶᠡᠴᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽3 · 8︾ ᠤ | ᠤᠯᠠᠭᠠᠨ ᠲᠤᠭᠴᠢ︾ ᠵᠡᠷᠭᠡ ᠢᠷᠠᠭᠤ ᠠᠯᠳᠠᠷ ᠢ ᠬᠦᠷᠳᠡᠵᠡᠢ᠃ ᠪᠦᠦ ᠬᠤᠸᠠ ᠬᠡᠯᠡᠬᠦ ᠳᠡᠭᠡᠨ᠄ ︽ᠱᠢ ᠲᠠᠢ ᠹᠧᠩ | ᠱᠦᠵᠢ ᠢᠯᠡᠳᠬᠡᠯ ᠳᠡᠭᠡᠨ ᠠᠮᠢ ᠠᠬᠤᠢ ᠶᠢᠨ ᠵᠠᠰᠠᠯᠲᠠ ᠪᠣᠯᠤᠨ ᠪᠣᠬᠢᠷᠲᠤᠯ ᠦᠭᠡᠢ ᠬᠥᠭᠵᠢᠯᠲᠡ ᠶᠢᠨ ᠲᠠᠯ᠎ᠠ ᠪᠠᠷ ᠬᠢ | ᠠᠭᠤᠯᠭ᠎ᠠ ᠶᠢ ᠤᠯᠠᠨ ᠤᠳᠠᠭ᠎ᠠ ᠶᠠᠷᠢᠵᠠᠢ᠂ ᠡᠨᠡ ᠨᠢ ᠮᠠᠨ ᠤ ᠮᠠᠯᠴᠢᠨ ᠲᠠᠷᠢᠶᠠᠴᠢᠨ ᠤ ᠬᠤᠶᠢᠰᠢᠳᠠ ᠶᠢᠨ | ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠡᠲᠡᠭᠡᠷ ᠵᠢᠯ ᠤᠳ ᠲᠤ᠂ ᠮᠠᠨ ᠤ ᠭᠠᠴᠠᠭ᠎ᠠ | ᠤᠨᠴᠠᠯᠢᠬᠳᠤ ᠡᠯᠡᠰᠦ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠦᠨᠳᠦᠷ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃ ᠪᠢ ᠭᠠᠴᠠᠭᠠᠨ ᠤ ᠮᠠᠯᠴᠢᠨ ᠲᠠᠷᠢᠶᠠᠴᠢᠨ ᠢ ᠳᠠᠭᠠᠭᠤᠯᠤᠨ | ᠵᠠᠭ᠂ ᠴᠠᠭᠠᠨ ᠭᠤᠶᠣᠣ ᠲᠠᠷᠢᠵᠤ ᠪᠠᠶᠢᠨ᠎ᠠ᠂ ᠡᠨᠡ ᠨᠢ ᠠᠮᠢ ᠠᠬᠤᠶ ᠶᠢ ᠵᠠᠰᠠᠵᠤ ᠴᠢᠳᠠᠬᠤ ᠪᠠᠷ ᠪᠠᠷᠠᠬᠤ ᠥᠬᠡᠶ ᠪᠠᠰᠠ | ᠪᠠᠶᠠᠵᠢᠨ ᠴᠢᠨᠡᠭᠡᠯᠢᠭᠵᠢᠵᠦ᠂ ᠠᠮᠢ ᠠᠬᠤᠶ ᠶᠢ ᠵᠠᠰᠠᠬᠤ ᠪᠠ ᠠᠵᠤ ᠠᠬᠤᠶ ᠶᠢᠨ ᠦᠷ᠎ᠡ ᠠᠰᠢᠭ ᠢ ᠬᠤᠶᠠᠷ | ᠲᠠᠯ᠎ᠠ ᠪᠠᠷ ᠢᠶᠠᠨ ᠭᠥᠷᠳᠡᠬᠦ ᠶᠢ ᠪᠡᠶᠡᠯᠡᠭᠦᠯᠵᠦ᠂ ᠮᠠᠨ ᠤ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠭᠰᠡᠨ ᠶᠤᠮ︾ | ᠭᠡᠵᠡᠶ᠃ | | |