ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 16 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/15
     12 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠢᠶᠠᠩ ᠪᠢᠩ ᠵᠢᠶᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 16 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠰᠬᠠᠢ ᠰᠤᠷᠤᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠤ᠂ ᠨᠠᠮ ᠤᠨ ᠭᠠᠳᠠᠨᠠᠬᠢ ᠳᠡᠳ᠋ ᠳᠠᠷᠤᠭ᠎ᠠ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠨᠠᠮ ᠤᠨ ᠵᠠᠭᠤᠨ ᠵᠢᠯ ᠤᠨ ᠤᠢ ᠶᠢᠨ ᠲᠠᠰᠢᠷᠠᠮ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠠᠶᠠᠨ ᠪᠦᠬᠦ ᠲᠠᠯ᠎ᠠ ᠪᠠᠷ ᠡᠬᠢᠯᠡᠭᠰᠡᠨ ᠴᠢᠬᠤᠯᠠ ᠴᠠᠭ ᠮᠥᠴᠡ ᠪᠣᠯᠤᠨ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠰᠠᠶ᠋ᠢᠬᠠᠨ ᠲᠡᠭᠦᠰᠬᠦ ᠲᠠᠰᠢᠷᠠᠮ ᠢᠶᠠᠷ ᠬᠤᠷᠠᠯᠳᠤᠭᠰᠠᠨ ᠨᠢᠭᠡ  ᠣᠳᠠᠭᠠᠨ ᠤ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠨᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠪᠥᠷ ᠮᠣᠩᠭᠤᠯ ᠤᠨ ᠬᠤᠶᠢᠰᠢᠳᠠ ᠶᠢᠨ 5 ᠵᠢᠯ ᠤᠨ ᠬᠥᠭᠵᠢᠯᠲᠡ ᠶᠢᠨ ᠴᠢᠭᠯᠡᠯ ᠬᠠᠷᠠᠯᠲᠠ ᠪᠠ ᠭᠤᠤᠯᠳᠠᠯᠭ᠎ᠠ ᠲᠠᠢ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠂ ᠡᠨᠡ ᠨᠢ ᠠᠭᠤᠯᠤᠭᠳᠠᠬᠤᠨ ᠢᠶᠠᠷ ᠪᠠᠶᠠᠯᠢᠭ᠂ ᠪᠥᠬᠦ ᠲᠠᠯ᠎ᠠ ᠶᠢᠨ ᠠᠭᠤᠯᠭ᠎ᠠ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠢᠯ ᠢ ᠰᠠᠶᠢᠲᠤᠷ ᠵᠢᠯᠣᠭᠤᠳᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤ ᠪᠥᠭᠡᠳ ᠠᠯᠠᠱᠠ ᠪᠠᠷᠠᠭᠤᠨ ᠬᠤᠰᠢᠭᠤᠨ ᠤ ᠢᠷᠡᠭᠡᠳᠦᠶ ᠶᠢᠨ 5 ᠵᠢᠯ ᠤᠨ ᠬᠥᠭᠵᠢᠯᠲᠡ ᠳᠤ ᠦᠨᠳᠦᠰᠦᠨ ᠵᠢᠷᠤᠮᠯᠠᠯ᠂ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠤᠨ᠎ᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠬᠠᠮᠰᠠᠷ ᠠᠴᠠ ᠪᠠᠨ ᠤᠶᠠᠯᠳᠤᠭᠤᠯᠵᠤ᠂ ᠰᠤᠷᠤᠯᠴᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠵᠦ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠦᠷᠦᠭᠦᠯᠡᠨ ᠰᠤᠷᠤᠯᠴᠠᠵᠤ᠂ ᠲᠦᠷᠦᠭᠦᠯᠡᠨ ᠶᠠᠷᠢᠵᠤ᠂ ᠲᠦᠷᠦᠭᠦᠯᠡᠨ ᠬᠢᠵᠦ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠶᠢᠨ ᠲᠠᠯ᠎ᠠ ᠪᠠᠷ ᠲᠦᠷᠦᠭᠦᠨ ᠳᠤ ᠶᠠᠪᠤᠵᠤ᠂ ᠦᠯᠢᠭᠡᠷ ᠳᠠᠭᠤᠷᠢᠶᠠᠯ ᠪᠤᠯᠵᠤ᠂ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠲᠡᠮᠡᠴᠡᠬᠦ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠠᠵᠢᠯ ᠤᠨ ᠪᠠᠶᠢᠷᠢ ᠶᠢᠨ ᠪᠣᠳᠠᠲᠠᠶ ᠳᠠᠭᠠᠨ ᠰᠠᠭᠤᠷᠢᠯᠠᠨ᠂ ᠠᠵᠢᠯ ᠤᠨ ᠤᠶᠠᠯᠳᠤᠯ ᠤᠨ ᠴᠡᠭ ᠢᠶᠠᠨ ᠣᠨᠣᠪᠴᠢᠲᠠᠶ ᠡᠷᠢᠵᠦ᠂ ᠠᠵᠤ ᠠᠬᠤᠶ ᠶᠢᠨ ᠠᠵᠢᠯᠯᠠᠭᠠᠨ᠂ ᠭᠤᠤᠯᠳᠠᠯᠭ᠎ᠠ ᠲᠠᠢ ᠲᠥᠰᠥᠪ ᠤᠨ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠤᠶᠢᠯ ᠤᠨ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠠᠯᠠᠱᠠ ᠪᠠᠷᠠᠭᠤᠨ ᠬᠤᠰᠢᠭᠤᠨ ᠳᠤ ᠦᠨᠳᠦᠰᠦ ᠬᠠᠳᠬᠤᠵᠤ᠂ ᠴᠡᠴᠡᠭᠯᠡᠨ ᠬᠦᠭᠵᠢᠬᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠦᠬᠦ ᠵᠢᠯ ᠤᠨ ᠬᠠᠷᠠᠯᠲᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠩᠭᠤᠷᠠᠭᠤᠯᠤᠨ ᠵᠢᠭᠰᠠᠭᠠᠵᠤ᠂ ᠤᠨᠢᠨ ᠳᠡᠭᠡᠷ᠎ᠡ ᠨᠢ ᠬᠦᠴᠦᠯᠡᠵᠦ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠨᠡ ᠵᠢᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠢᠷᠡᠬᠦ ᠵᠢᠯ ᠤᠨ ᠠᠵᠢᠯ ᠢᠶᠠᠨ ᠭᠦᠨᠵᠡᠭᠡᠶ ᠂ ᠨᠠᠷᠢᠯᠢᠭ᠂ ᠪᠣᠳᠠᠲᠠᠶ ᠪᠠᠷ ᠪᠣᠳᠣᠯᠬᠢᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠰᠢᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃
 
ᠢᠷᠡᠯᠲᠡ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号