ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ | ᠠᠬᠢᠭᠤᠯᠬᠤ ᠶᠢᠨ ᠲᠥᠯᠥᠭᠡ᠂ 12 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ | ᠸᠠᠩ ᠳ᠋ᠦᠩ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠶᠠᠰᠤ ᠴᠢᠨᠠᠷ ᠢ ᠦᠨᠡᠯᠡᠨ ᠵᠢᠱᠢᠬᠦ | ᠬᠤᠷᠠᠯ ᠢ ᠡᠷᠭᠢᠯᠡᠨ ᠬᠤᠷᠠᠯᠳᠤᠭᠤᠯᠵᠤ᠂ ᠥᠭᠡᠷᠡᠴᠢᠯᠡᠯᠲᠡ ᠶᠢᠨ ᠡᠯ᠎ᠡ ᠲᠦᠷᠦᠭᠦᠯᠡᠨ ᠬᠢᠬᠦ ᠨᠢᠭᠡᠴᠡ᠂ | ᠬᠠᠷᠢᠭᠤᠴᠠᠯᠭᠠᠲᠤ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | | | | | ᠬᠤᠷᠠᠯ ᠳᠡᠭᠡᠷ᠎ᠡ᠂ ᠡᠯ᠎ᠡ ᠲᠦᠷᠦᠬᠦᠯᠡᠨ ᠬᠠᠷᠢᠭᠤᠴᠠᠬᠤ ᠨᠢᠭᠡᠴᠡ᠂ ᠬᠠᠷᠢᠭᠤᠴᠠᠯᠭᠠᠲᠤ ᠨᠢᠭᠡᠴᠡ | ᠥᠭᠡᠷᠡᠴᠢᠯᠡᠯᠲᠡ ᠶᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠲᠠᠢ ᠤᠶᠠᠯᠳᠤᠭᠤᠯᠤᠨ᠂ ︽ᠰᠢᠶᠠᠨ ᠤ ᠬᠡᠪᠴᠢᠶᠡᠨ ᠤ | ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢᠨ ᠲᠤᠷᠰᠢᠯᠲᠠ ᠶᠢ ᠦᠨᠡᠯᠡᠨ ᠵᠢᠱᠢᠵᠦ ᠵᠢᠯᠣᠭᠤᠳᠬᠤ ᠪᠠᠷᠢᠮᠵᠢᠶ᠎ᠠ︾ ᠶᠢᠨ ᠠᠭᠤᠯᠭ᠎ᠠ ᠶᠢ ᠴᠢᠩᠭ᠎ᠠ | ᠬᠠᠷᠢᠴᠠᠭᠤᠯᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ | ᠵᠢᠴᠢ ᠣᠯᠤᠭᠰᠠᠨ ᠦᠷ᠎ᠡ ᠪᠦᠲᠦᠮᠵᠢ ᠶᠢ ᠲᠦᠷᠦᠯ ᠳᠠᠷᠠᠭᠠᠯᠠᠨ ᠬᠠᠷᠢᠭᠤ ᠮᠡᠳᠡᠭᠦᠯᠪᠡ᠃ ᠸᠠᠩ ᠳ᠋ᠦᠩ | ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠲᠠᠢ ᠤᠶᠠᠯᠳᠤᠭᠤᠯᠤᠨ ᠨᠢᠭᠡᠳ ᠨᠢᠭᠡ ᠪᠠᠷ ᠦᠨᠡᠯᠡᠯᠲᠡ ᠬᠢᠵᠦ᠂ | ᠲᠤᠷᠰᠢᠯᠭ᠎ᠠ ᠠᠷᠭ᠎ᠠ ᠪᠠᠨ ᠳ᠋ᠦᠩᠨᠡᠵᠦ᠂ ᠠᠬᠢᠴᠠ ᠶᠢᠨ ᠦᠷ᠎ᠡ ᠪᠦᠲᠦᠮᠵᠢ ᠶᠢ ᠦᠨᠡᠯᠡᠬᠦ ᠶᠢᠨ ᠬᠠᠮᠲᠤ ᠡᠯ᠎ᠡ ᠰᠠᠯᠠᠭ᠎ᠠ | ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠣᠯᠤᠨ | ᠴᠢᠷᠮᠠᠶᠢᠬᠤ ᠴᠢᠭᠯᠡᠯ ᠢ ᠰᠤᠳᠤᠯᠤᠨ ᠰᠦᠪᠡᠭᠴᠢᠯᠡᠵᠡᠢ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠶᠠᠨ ᠤ ᠬᠡᠪᠴᠢᠶᠡᠨ ᠤ ᠡᠪ | ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ | ᠬᠠᠮᠢᠶ᠎ᠠ ᠪᠦᠬᠦᠢ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠢᠶᠠᠨ ᠤ ᠬᠡᠪᠴᠢᠶᠡᠨ ᠤ | ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠪᠣᠯᠤᠨ ᠡᠬᠡ ᠳᠠᠩᠰᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ | ᠣᠶᠢᠯᠠᠭᠠᠵᠤ᠂ ᠠᠵᠢᠯ ᠤᠨ ᠠᠷᠭ᠎ᠠ ᠪᠣᠯᠤᠨ ᠤᠢᠢᠯᠠᠭᠠᠭᠳᠠᠬᠤᠨ ᠢ ᠰᠢᠨ᠎ᠡ ᠪᠠᠷ ᠡᠭᠦᠳᠴᠦ᠂ ᠥᠭᠡᠷᠡᠴᠢᠯᠡᠯᠲᠡ ᠶᠢᠨ | ᠲᠥᠰᠥᠪ ᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠠᠬᠢᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ | ᠳᠠᠬᠢᠨ ᠰᠤᠳᠤᠯᠵᠤ᠂ ᠳᠠᠬᠢᠨ ᠨᠥᠬᠦᠪᠥᠷᠢᠯᠡᠵᠦ᠂ ᠳᠠᠬᠢᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠦᠨᠳᠦᠷ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠡᠭᠦᠷᠭᠡ ᠶᠢ | ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠠᠮᠲᠤᠪᠠᠷ ᠤᠷᠤᠭᠰᠢᠯᠠᠵᠤ᠂ ᠨᠠᠮ ᠤᠨ ᠪᠠᠶᠢᠭᠤᠯᠤᠯᠲᠠ ᠡᠪᠯᠡᠯ ᠤᠨ ᠪᠠᠶᠢᠭᠤᠯᠤᠯᠲᠠ ᠶᠢ ᠳᠠᠭᠠᠭᠤᠯᠬᠤ | ᠂ ᠨᠡᠶᠢᠲᠡ ᠶᠢᠨ ᠪᠤᠰᠤ ᠡᠪᠯᠡᠯ ᠤᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠡᠪᠯᠡᠯ ᠤᠨ | ᠪᠠᠶᠢᠭᠤᠯᠤᠯᠲᠠ ᠶᠢᠨ ᠠᠵᠢᠯ ᠢ ᠭᠤᠣᠯᠳᠠᠯᠭ᠎ᠠ ᠲᠠᠢ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠡᠩ ᠤᠨ ᠠᠵᠢᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ | ᠡᠪ ᠬᠠᠮᠲᠤ ᠵᠠᠯᠠᠭᠤᠴᠤᠳ ᠤᠨ ᠡᠪᠯᠡᠯ ᠤᠨ ᠤᠨᠴᠠᠯᠢᠬᠳᠤ ᠳᠦᠷᠦᠯ ᠳᠡᠮᠳᠡᠭ ᠢ ᠡᠭᠦᠳᠬᠦ ᠶᠢ ᠴᠢᠬᠤᠯᠠᠴᠢᠯᠠᠵᠤ᠂ ︽ | ᠠᠯᠠᠱᠠ ᠪᠠᠷᠠᠭᠤᠨ ᠬᠤᠰᠢᠭᠤᠨ ᠤ ᠡᠪᠯᠡᠯ ᠤᠨ ᠪᠠᠶᠢᠭᠤᠯᠤᠯᠲᠠ + ᠲᠥᠰᠥᠪ ᠤᠨ ᠳᠦᠷᠦᠯ ᠳᠡᠮᠳᠡᠭ ᠤᠨ ᠭᠠᠷᠴᠠᠭ ᠤᠨ | ᠬᠥᠮᠥᠷᠭᠡ︾ ᠶᠢ ᠪᠠᠶᠢᠭᠤᠯᠬᠤ ᠳᠤ ᠠᠵᠢᠯ ᠤᠨ ᠰᠠᠭᠤᠷᠢ ᠶᠢ ᠪᠠᠲᠤ ᠲᠠᠯᠪᠢᠵᠤ᠂ ᠦᠨᠳᠦᠰᠦᠨ ᠱᠠᠲᠤᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠩ ᠥᠨᠳᠥᠷ ᠵᠣᠭᠰᠣᠴᠠ᠂ ᠨᠡᠩ | ᠶᠡᠭᠡ ᠪᠠᠶᠢᠷᠢᠰᠢᠯ ᠢᠶᠠᠷ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠳᠤ ᠬᠠᠨᠳᠤᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠤᠨ ᠠᠬᠢᠭᠤᠯᠵᠤ᠂ ᠬᠠᠷᠢᠯᠴᠠᠨ ᠰᠣᠯᠢᠯᠴᠠᠨ ᠬᠠᠮᠵᠢᠯᠴᠠᠵᠤ᠂ ᠦᠨᠡᠨ ᠪᠣᠳᠠᠲᠠᠢ | ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠷ ᠡᠪᠯᠡᠯ ᠤᠨ ᠲᠥᠪ ᠬᠤᠷᠢᠶ᠎ᠠ ᠪᠣᠯᠤᠨ ᠡᠪᠯᠡᠯ ᠤᠨ ᠥᠪᠡᠷᠲᠡᠭᠡᠨ ᠵᠠᠰᠠᠬᠤ | ᠣᠷᠣᠨ ᠤ ᠬᠤᠷᠢᠶ᠎ᠠ᠂ ᠡᠪᠯᠡᠯ ᠤᠨ ᠠᠶᠢᠮᠠᠭ ᠤᠨ ᠬᠤᠷᠢᠶ᠎ᠠ ᠶᠢᠨ ᠲᠠᠯᠪᠢᠭᠰᠠᠨ ᠬᠦᠨᠳᠦ ᠨᠠᠶᠢᠳᠠᠯᠭ᠎ᠠ ᠳᠤ ᠬᠠᠷᠢᠭᠤ ᠥᠭᠬᠦ | ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢᠨ ᠵᠥᠪ ᠴᠢᠭᠯᠡᠯ ᠢ ᠪᠠᠲᠤ ᠡᠵᠡᠮᠳᠡᠵᠦ᠂ | ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠶᠢ ᠴᠢᠬᠤᠯᠠᠴᠢᠯᠠᠵᠤ᠂ ᠬᠠᠮᠢᠶ᠎ᠠ ᠪᠦᠬᠦᠢ ᠮᠠᠲ᠋ᠧᠷᠢᠶᠠᠯ ᠢ | ᠰᠠᠶᠢᠲᠤᠷ ᠡᠮᠬᠢᠯᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠵᠢᠯ ᠤᠨ ᠡᠴᠦᠰ ᠤᠨ ︽ᠶᠡᠭᠡ ᠰᠢᠯᠭᠠᠯᠲᠠ︾ ᠳᠤ ᠬᠠᠨᠤᠮᠵᠢᠲᠠᠢ ᠬᠠᠷᠢᠭᠤᠯᠲᠠ ᠲᠤᠰᠢᠶᠠᠬᠤ ᠶᠢ ᠪᠠᠲᠤᠯᠠᠬᠤ ᠬᠡᠷᠡᠭᠲᠡᠢ᠃ | | | |