12 ᠰᠠᠷ᠎ᠠ ᠶᠢᠨ 10 ᠤ ᠡᠳᠦᠷ ᠪᠣᠯ ᠠᠯᠠᠱᠠ ᠪᠠᠷᠠᠭᠤᠨ ᠬᠤᠰᠢᠭᠤᠨ ᠤ ᠬᠤᠰᠢᠭᠤ᠂ ᠰᠤᠮᠤ ᠪᠠᠯᠭᠠᠰᠤ | ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠪᠠᠷ | ᠲᠣᠭᠲᠠᠭᠠᠭᠰᠠᠨ ᠰᠣᠩᠭᠤᠭᠤᠯᠢ ᠶᠢᠨ ᠡᠳᠦᠷ ᠪᠣᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ | ᠴᠥᠩ ᠰᠢᠶᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠰᠢᠭᠤ ᠳᠠᠷᠤᠭ᠎ᠠ ᠵᠢᠶᠠᠩ | ᠪᠢᠩ ᠵᠢᠶᠧ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠶᠠᠩ ᠯᠢ ᠶᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᠳ᠋ᠦᠩ ᠵᠡᠷᠭᠡ | ᠬᠤᠰᠢᠭᠤᠨ ᠤ ᠤᠳᠤᠷᠢᠳᠤᠯᠭ᠎ᠠ ᠡᠩ ᠤᠨ ᠰᠣᠩᠭᠤᠭᠤᠯᠢ ᠶᠢᠨ ᠠᠷᠠᠳ ᠤᠨ ᠬᠤᠪᠢ ᠪᠠᠷ ᠪᠠᠶᠢᠭ᠎ᠠ ᠰᠣᠩᠭᠤᠭᠤᠯᠢ ᠶᠢᠨ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ | ᠪᠢᠯᠧᠲ ᠥᠭᠬᠦ ᠳᠤ ᠣᠷᠣᠯᠴᠠᠵᠤ᠂ ᠦᠨᠳᠦᠰᠦᠨ ᠬᠠᠤᠯᠢ ᠪᠠ ᠰᠣᠩᠭᠤᠭᠤᠯᠢ ᠶᠢᠨ ᠬᠠᠤᠯᠢ ᠠᠴᠠ ᠣᠯᠭᠤᠭᠰᠠᠨ | ᠠᠷᠠᠳᠴᠢᠯᠠᠯ ᠤᠨ ᠡᠷᠬᠡ ᠶᠢ ᠢᠳᠡᠪᠬᠢᠲᠡᠶ ᠬᠡᠷᠡᠭᠵᠢᠭᠦᠯᠦᠨ᠎ᠡ᠃ | | | | | ᠪᠥᠬᠦ ᠬᠤᠰᠢᠭᠤᠨ ᠤ ᠡᠯ᠎ᠡ ᠰᠣᠩᠭᠤᠭᠤᠯᠢ ᠶᠢᠨ ᠲᠣᠭᠤᠷᠢᠭ ᠤᠨ ᠪᠢᠯᠧᠲ ᠥᠭᠬᠦ ᠥᠷᠲᠡᠭᠡᠨ ᠳᠤ᠂ ᠪᠢᠯᠧᠲ | ᠥᠭᠬᠦ ᠠᠵᠢᠯ ᠡᠮᠬᠢ ᠵᠢᠷᠤᠮ ᠲᠠᠢ ᠶᠠᠪᠤᠭᠳᠠᠵᠤ᠂ ᠠᠬᠤᠶ ᠲᠠᠯᠠᠪᠠᠶ ᠶᠢᠨ ᠠᠭᠤᠷ ᠠᠮᠢᠰᠬᠤᠯ ᠲᠥᠪ ᠶᠡᠬᠡᠮᠰᠦᠭ ᠪᠥᠭᠡᠳ | ᠬᠥᠷ ᠬᠥᠭᠵᠢᠶᠡᠨ ᠲᠠᠢ ᠪᠠᠶᠢᠯ᠎ᠠ᠃ ᠬᠤᠷᠠᠯ ᠳᠡᠭᠡᠷ᠎ᠡ ᠲᠥᠯᠥᠭᠡᠯᠡᠭᠴᠢᠳ ᠢ ᠰᠣᠩᠭᠤᠬᠤ ᠠᠷᠭ᠎ᠠ ᠶᠢ ᠤᠩᠰᠢᠨ | ᠨᠡᠶᠢᠲᠡᠯᠡᠵᠦ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠪᠠ᠃ ᠯᠢᠦ ᠴᠥᠩ ᠰᠢᠶᠤᠤ᠂ | ᠵᠢᠶᠠᠩ ᠪᠢᠩ ᠵᠢᠶᠧ᠂ ᠶᠠᠩ ᠯᠢ ᠶᠦᠨ᠂ ᠸᠠᠩ ᠳ᠋ᠦᠩ ᠵᠡᠷᠭᠡ ᠬᠤᠰᠢᠭᠤᠨ ᠤ ᠤᠳᠤᠷᠢᠳᠤᠯᠭ᠎ᠠ ᠲᠣᠰ ᠲᠣᠰ ᠥᠪᠡᠷ | ᠥᠪᠡᠷ ᠤᠨ ᠰᠣᠩᠭᠤᠭᠤᠯᠢ ᠶᠢᠨ ᠲᠣᠭᠤᠷᠢᠭ ᠲᠠᠭᠠᠨ ᠬᠦᠷᠴᠦ᠂ ᠰᠣᠩᠭᠤᠭᠤᠯᠢ ᠶᠢᠨ ᠠᠩᠬᠠᠷᠬᠤ ᠵᠤᠶᠢᠯᠡᠰ ᠤᠨ | ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠶ ᠰᠣᠨᠣᠰᠴᠤ᠂ ᠰᠣᠩᠭᠤᠭᠤᠯᠢ ᠶᠢᠨ ᠪᠢᠯᠧᠲ ᠢᠶᠠᠨ ᠠᠪᠴᠤ᠂ | ᠰᠣᠩᠭᠤᠭᠤᠯᠢ ᠶᠢᠨ ᠪᠢᠯᠧᠲ ᠢᠶᠠᠨ ᠨᠠᠷᠢᠨ ᠬᠢᠨᠠᠮᠠᠭᠠᠶ ᠲᠠᠭᠯᠠᠭᠰᠠᠨ ᠤ ᠳᠠᠷᠠᠭ᠎ᠠ ᠪᠢᠯᠧᠲ ᠤᠨ ᠬᠠᠶᠢᠷᠴᠠᠭ ᠤᠨ ᠡᠮᠦᠨ᠎ᠡ | ᠬᠦᠷᠴᠦ᠂ ᠥᠪᠡᠷ ᠤᠨ ᠨᠢᠭᠡ ᠪᠢᠯᠧᠲ ᠢᠶᠠᠨ ᠲᠥᠪ ᠬᠢᠴᠢᠶᠡᠩᠭᠦᠢ ᠪᠠᠷ ᠥᠭᠪᠡ᠃ ᠪᠤᠰᠤᠳ ᠰᠣᠩᠭᠤᠭᠤᠯᠢ ᠶᠢᠨ | ᠠᠷᠠᠳ ᠴᠤ ᠲᠠᠭᠯᠠᠭᠰᠠᠨ ᠰᠣᠩᠭᠤᠭᠤᠯᠢ ᠶᠢᠨ ᠪᠢᠯᠧᠲ ᠪᠠᠨ ᠪᠢᠯᠧᠲ ᠶᠢᠨ ᠬᠠᠶᠢᠷᠴᠠᠭ ᠲᠤ ᠬᠢᠵᠦ᠂ ᠬᠠᠤᠯᠢ | ᠶᠣᠰᠣᠭᠠᠷ ᠥᠪᠡᠷ ᠤᠨ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠪᠡ᠃ | | | | | | | | | | | | | | | | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠰᠢ᠂ | ᠠᠯᠠᠱᠠ ᠪᠠᠷᠠᠭᠤᠨ ᠬᠤᠰᠢᠭᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠣᠩᠭᠤᠭᠤᠯᠢ ᠶᠢᠨ ᠠᠵᠢᠯ ᠤᠨ ᠶᠠᠪᠤᠴᠠ ᠶᠢ ᠴᠢᠩᠭ᠎ᠠ ᠵᠢᠷᠤᠮᠯᠠᠨ᠂ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠮᠦᠨᠡᠬᠢ ᠬᠤᠭᠤᠴᠠᠭᠠᠨ ᠤ ᠰᠣᠩᠭᠤᠭᠤᠯᠢ ᠶᠢᠨ | ᠲᠣᠭᠤᠷᠢᠭ ᠢ ᠬᠤᠪᠢᠶᠠᠷᠢᠯᠠᠬᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠲᠥᠯᠥᠭᠡᠯᠡᠭᠴᠢ ᠶᠢᠨ ᠵᠢᠱᠢᠭᠳᠡᠭᠰᠡᠳ ᠢ | ᠭᠦᠢᠴᠡᠳ ᠶᠠᠷᠢᠯᠴᠠᠨ ᠵᠥᠪᠳᠡᠯᠴᠡᠬᠦ ᠵᠡᠷᠭᠡ ᠠᠯᠬᠤᠮ ᠳᠠᠷᠠᠭ᠎ᠠ ᠶᠢ ᠥᠩᠭᠡᠷᠡᠭᠡᠭᠰᠡᠨ ᠤ ᠳᠠᠷᠠᠭ᠎ᠠ ᠵᠢᠩᠬᠢᠨᠢ ᠪᠠᠷ ᠪᠢᠯᠧᠲ | ᠥᠭᠴᠦ ᠰᠣᠩᠭᠤᠬᠤ ᠱᠠᠲᠤᠨ ᠳᠤ ᠣᠷᠣᠪᠠ᠃ | | | | | | | | ᠣᠶᠢᠯᠠᠭᠠᠭᠰᠠᠨ ᠢᠶᠠᠷ᠂ ︽ᠠᠯᠠᠱᠠ ᠪᠠᠷᠠᠭᠤᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ | ᠬᠡᠷᠡᠭᠵᠢᠭᠦᠯᠬᠦ ᠲᠥᠰᠦᠯ︾ ᠤᠨ ᠲᠣᠭᠲᠠᠭᠠᠯ ᠶᠣᠰᠣᠭᠠᠷ᠂ ᠥᠨᠥᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ | ᠠᠯᠠᠱᠠ ᠪᠠᠷᠠᠭᠤᠨ ᠬᠤᠰᠢᠭᠤᠨ ᠤ ᠬᠤᠰᠢᠭᠤ᠂ ᠰᠤᠮᠤ ᠪᠠᠯᠭᠠᠰᠤᠨ ᠤ ᠰᠣᠩᠭᠤᠭᠤᠯᠢ ᠶᠢᠨ ᠪᠢᠯᠧᠲ ᠥᠭᠬᠦ ᠴᠠᠭ | ᠪᠣᠯᠭᠠᠨ᠎ᠠ᠃ ᠡᠨᠡ ᠬᠤᠭᠤᠴᠠᠭᠠᠨ ᠳᠤ᠂ ᠪᠢᠯᠧᠲ ᠥᠭᠬᠦ ᠥᠷᠲᠡᠭᠡ ᠪᠠᠶᠢᠭᠤᠯᠬᠤ᠂ ᠰᠣᠩᠭᠤᠭᠤᠯᠢ ᠶᠢᠨ ᠶᠡᠭᠡ ᠬᠤᠷᠠᠯ | ᠬᠤᠷᠠᠯᠳᠤᠭᠤᠯᠬᠤ ᠪᠠ ᠨᠡᠭᠦᠳᠡᠯ ᠪᠢᠯᠧᠲ ᠤᠨ ᠬᠠᠶᠢᠷᠴᠠᠭ ᠪᠠᠶᠢᠷᠢᠯᠠᠭᠤᠯᠬᠤ ᠠᠷᠭ᠎ᠠ ᠪᠠᠷ ᠳᠡᠮᠵᠢᠨ᠂ ᠨᠡᠷ᠎ᠡ ᠪᠢᠴᠢᠬᠦ | ᠥᠬᠡᠶ ᠪᠠᠷ ᠪᠢᠯᠧᠲ ᠥᠭᠬᠦ᠂ ᠲᠣᠭᠠᠨ ᠤ ᠵᠥᠷᠢᠶᠡᠲᠦ ᠰᠣᠩᠭᠤᠭᠤᠯᠢ ᠶᠢᠨ ᠠᠷᠭ᠎ᠠ ᠪᠠᠷ ᠪᠥᠬᠦ ᠬᠤᠰᠢᠭᠤᠨ ᠤ 80 | ᠬᠤᠰᠢᠭᠤᠨ ᠤ ᠲᠠᠰ ᠤᠨ ᠰᠣᠩᠭᠤᠭᠤᠯᠢ ᠶᠢᠨ ᠲᠣᠭᠤᠷᠢᠭ ᠲᠤ ᠬᠤᠰᠢᠭᠤᠨ ᠤ ᠲᠠᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 137 ᠬᠥᠮᠦᠨ ᠢ ᠰᠣᠩᠭᠤᠨ ᠭᠠᠷᠭᠠᠨ᠎ᠠ︔ 7 ᠰᠤᠮᠤ | ᠪᠠᠯᠭᠠᠰᠤ ᠶᠢᠨ 133 ᠰᠣᠩᠭᠤᠭᠤᠯᠢ ᠶᠢᠨ ᠲᠣᠭᠤᠷᠢᠭ ᠲᠤ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ 318 ᠰᠣᠩᠭᠤᠨ ᠭᠠᠷᠭᠠᠵᠤ᠂ ᠰᠣᠩᠭᠤᠭᠤᠯᠢ ᠶᠢᠨ ᠦᠷ᠎ᠡ ᠳ᠋ᠦᠩ ᠢ | ᠬᠤᠰᠢᠭᠤ᠂ ᠰᠤᠮᠤ ᠪᠠᠯᠭᠠᠰᠤ ᠶᠢᠨ ᠰᠣᠩᠭᠤᠭᠤᠯᠢ ᠶᠢᠨ ᠵᠥᠪᠯᠡᠯ ᠠᠴᠠ ᠬᠢᠨᠠᠨ ᠪᠠᠶᠢᠴᠠᠭᠠᠵᠤ ᠨᠤᠲᠠᠯᠠᠭᠰᠠᠨ ᠤ ᠳᠠᠷᠠᠭ᠎ᠠ | ᠂ ᠬᠠᠤᠯᠢ ᠶᠣᠰᠣᠭᠠᠷ ᠨᠡᠶᠢᠲᠡᠯᠡᠨ᠎ᠡ᠃ | | |