ᠬᠡᠯᠬᠢᠶᠡᠰᠦ ᠶᠢᠨ ᠳ᠋ᠤᠭᠠᠷ᠄ 15290000000035/2021-00211 | ᠨᠡᠶᠢᠲᠡᠯᠡᠬᠦ ᠪᠠᠶᠢᠭᠤᠯᠤᠮᠵᠢ᠄ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ | ᠬᠤᠪᠢᠶᠠᠷᠢᠯᠠᠯ ᠤᠨ ᠠᠩᠭᠢᠯᠠᠯ᠄ ᠬᠤᠰᠢᠭᠤᠨ ᠤ ᠪᠢᠴᠢᠭ ᠮᠠᠲ᠋ᠧᠷᠢᠶᠠᠯ | ᠪᠢᠴᠢᠭᠳᠡᠭᠰᠡᠨ ᠴᠠᠭ᠄ 2021 — 04 — 28 | | | ︽ᠠᠯᠠᠱᠠ ᠪᠠᠷᠠᠭᠤᠨ ᠬᠤᠰᠢᠭᠤᠨ ᠤ ︿ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ | ᠦᠢᠯᠡᠴᠢᠯᠡᠭᠡ﹀ ᠶᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ | ᠪᠣᠳᠣᠯᠭ᠎ᠠ ᠶᠢᠨ ᠲᠠᠶᠢᠯᠤᠮᠵᠢ | | ᠨᠢᠭᠡ᠂ ︽ᠲᠥᠰᠦᠯ︾ ᠢ ᠲᠣᠭᠲᠠᠭᠠᠬᠤ ᠦᠨᠳᠦᠰᠦᠯᠡᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠦᠩᠬᠡ ᠰᠤᠪᠠᠭ · ᠠᠯᠠᠭᠠᠨ ᠳᠡᠭᠡᠷ᠎ᠡ | ᠬᠠᠪᠰᠤᠷᠤᠨ ᠭᠦᠢᠴᠡᠳᠬᠡᠬᠦ ᠦᠢᠯᠡᠴᠢᠯᠡᠭᠡ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ | ︾ ᠪᠠ ︽ᠠᠯᠠᠱᠠ ᠠᠶᠢᠮᠠᠭ ᠤᠨ ︿ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ﹀ | ᠶᠢ ᠲᠦᠷᠭᠡᠳᠬᠡᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ᠃ | ᠬᠤᠶᠠᠷ᠂ ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠶᠢᠨ | ᠠᠭᠤᠯᠤᠭᠳᠠᠬᠤᠨ | ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠨᠢ ᠮᠦᠩᠬᠡ | ᠰᠤᠪᠠᠭ ᠤᠨ ᠰᠢᠯᠵᠢᠮᠡᠯ ᠬᠤᠯᠪᠣᠭᠠᠨ ᠤ ᠪᠦᠷᠬᠦᠴᠡ ᠶᠢᠨ ᠬᠡᠪᠴᠢᠶ᠎ᠡ ᠪᠣᠯᠤᠨ ᠬᠡᠷᠡᠭᠯᠡᠭᠡᠨ ᠤ ᠦᠷ᠎ᠡ ᠪᠦᠲᠦᠮᠵᠢ ᠶᠢ | ᠲᠦᠷᠭᠡᠨ ᠥᠷᠭᠡᠳᠬᠡᠬᠦ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ | ᠲᠥᠯᠥᠪᠵᠢᠭᠦᠯᠦᠭᠰᠡᠨ᠂ ᠠᠶᠢᠮᠠᠭ ᠬᠤᠲᠠ᠂ ᠬᠤᠰᠢᠭᠤ ᠰᠢᠶᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ | ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠠᠵᠤ ᠠᠬᠤᠶᠢᠯᠠᠯ ᠤᠨ ᠣᠯᠠᠨ ᠲᠦᠮᠡᠨ ᠤ | ᠡᠯ᠎ᠡ ᠲᠥᠷᠥᠯ ᠤᠨ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ ᠺᠣᠳ᠋ | ᠰᠢᠷᠪᠢᠵᠦ ᠦᠨᠡᠮᠯᠡᠯ ᠢᠶᠠᠨ ᠢᠯᠡᠷᠡᠭᠦᠯᠬᠦ ᠴᠢᠬᠤᠯᠠ ᠪᠠᠭᠠᠵᠢ ᠬᠡᠷᠡᠭᠰᠡᠯ ᠢ ᠪᠣᠶ ᠪᠣᠯᠭᠠᠵᠤ᠂ ᠨᠠᠩ ᠣᠯᠠᠨ ᠥᠨᠳᠥᠷ | ᠳᠠᠪᠲᠠᠮᠵᠢ ᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠵᠤᠶᠢᠯᠡᠰ ᠢ ᠠᠯᠠᠭᠠᠨ ᠳᠡᠭᠡᠷ᠎ᠡ ᠬᠠᠪᠰᠤᠷᠤᠨ | ᠭᠦᠢᠴᠡᠳᠬᠡᠬᠦ ᠶᠢ ᠠᠬᠢᠭᠤᠯᠤᠨ᠂ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠪᠦᠲᠦᠮᠵᠢᠲᠡᠶ ᠦᠷᠭᠦᠯᠵᠢᠯᠡᠯ ᠪᠣᠯᠭᠠᠨ᠎ᠠ᠃ | ᠭᠤᠷᠪᠠ᠂ ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠶᠢ | ᠬᠡᠷᠡᠭᠵᠢᠭᠦᠯᠬᠦ ᠶᠢᠨ ᠠᠴᠢ ᠬᠤᠯᠪᠣᠭᠳᠠᠯ | ︽ᠨᠢᠭᠡ ᠲᠠᠪᠴᠠᠩ᠂ ᠣᠯᠠᠨ ᠠᠷᠭ᠎ᠠ ᠵᠠᠮ᠂ ᠥᠷᠭᠡᠨ ᠢᠶᠠᠷ ᠬᠠᠮᠤᠷᠬᠤ︾ ᠰᠡᠳᠬᠢᠬᠦᠢ ᠪᠠᠷ᠂ ᠰᠢᠯᠵᠢᠮᠡᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠭᠤᠣᠯ ᠠᠷᠭ᠎ᠠ ᠵᠠᠮ ᠪᠣᠯᠭᠠᠵᠤ᠂ ᠰᠢᠯᠵᠢᠮᠡᠯ ᠬᠤᠯᠪᠤᠭᠠᠨ | ᠤ ᠵᠢᠵᠢᠭ ᠫᠷᠤᠭ᠍ᠷᠠᠮ᠂ ᠨᠡᠶᠢᠲᠡ ᠶᠢᠨ ᠳ᠋ᠤᠭᠠᠷ ︵ᠸᠢᠴᠠᠲ ᠲᠠᠪᠴᠠᠩ︶ ᠵᠡᠷᠭᠡ ᠣᠯᠠᠨ ᠠᠷᠭ᠎ᠠ ᠵᠠᠮ ᠢᠶᠠᠷ ᠵᠡᠷᠭᠡᠴᠡᠨ | ᠣᠷᠣᠰᠢᠭᠰᠠᠨ ᠨᠢᠭᠡᠳᠦᠯᠲᠡᠶ ᠵᠢᠷᠤᠮᠵᠢᠭᠤᠯᠤᠭᠰᠠᠨ ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ | ᠭᠦᠢᠴᠡᠳᠬᠡᠬᠦ ᠦᠢᠯᠡᠴᠢᠯᠡᠭᠡ︾ ᠶᠢᠨ ᠦᠢᠯᠡᠴᠢᠯᠡᠭᠡᠨ ᠤ ᠰᠢᠰᠲ᠋ᠧᠮ᠂ ᠪᠦᠬᠦ ᠣᠷᠣᠨ ᠤ ᠨᠢᠭᠡᠳᠦᠯᠲᠡᠶ ᠰᠢᠯᠵᠢᠮᠡᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠪᠠᠷ ᠳᠡᠮᠵᠢᠨ᠂ ᠠᠷᠤ ᠦᠵᠦᠭᠦᠷ ᠤᠨ ᠰᠠᠭᠤᠷᠢ | ᠲᠤᠯᠭᠠᠭᠤᠷᠢᠯᠠᠯ ᠤᠨ ᠴᠢᠳᠠᠪᠤᠷᠢ ᠶᠢ ᠪᠠᠬᠢᠵᠢᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠭᠦᠨᠵᠡᠭᠡᠶ ᠡᠮᠬᠢᠯᠡᠨ | ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠤᠶᠢᠯᠡᠰ ᠤᠨ ᠰᠢᠯᠵᠢᠮᠡᠯ ᠦᠵᠦᠭᠦᠷ ᠲᠠᠬᠢ | ᠭᠦᠢᠴᠡᠳᠬᠡᠵᠦ ᠪᠣᠯᠬᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠡᠮᠦᠨ᠎ᠡ ᠦᠵᠦᠭᠦᠷ ᠤᠨ ᠠᠵᠢᠯ | ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠪᠰᠡᠯ ᠢᠶᠠᠷ ᠨᠠᠩ ᠨᠢᠭᠲᠠ ︽ᠡᠮᠦᠨ᠎ᠡ | ᠦᠵᠦᠭᠦᠷ᠂ ᠳᠤᠮᠳᠠ ᠦᠵᠦᠭᠦᠷ᠂ ᠠᠷᠤ ᠦᠵᠦᠭᠦᠷ︾ ᠤᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ | ᠮᠦᠩᠭᠡ ᠰᠤᠪᠠᠭ ᠤᠨ ᠰᠢᠯᠵᠢᠮᠡᠯ ᠦᠵᠦᠭᠦᠷ ᠤᠨ ᠠᠵᠢᠯ ᠡᠷᠭᠢᠯᠡᠬᠦ ᠶᠠᠪᠤᠳᠠᠯ ᠢ ᠠᠷᠠᠳ ᠣᠯᠠᠨ ᠤ ︽ᠰᠠᠶᠢᠬᠠᠨ | ᠪᠥᠭᠡᠳ ᠬᠡᠷᠡᠭᠯᠡᠬᠦ ᠳᠤ ᠰᠠᠶᠢᠨ᠂ ᠦᠵᠡᠬᠦ ᠳᠤᠷᠠᠲᠠᠶ ᠬᠡᠷᠡᠭᠯᠡᠬᠦ ᠳᠤᠷᠠᠲᠠᠶ᠂ ᠦᠷᠭᠦᠯᠵᠢ ᠦᠵᠡᠵᠦ ᠪᠠᠶᠢᠩᠭᠤ ᠬᠡᠷᠡᠭᠯᠡᠬᠦ᠂ | ᠵᠠᠪᠠᠯ ᠦᠵᠡᠵᠦ ᠵᠠᠪᠠᠯ ᠬᠡᠷᠡᠭᠯᠡᠬᠦ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠨ᠎ᠠ᠃ | ᠳᠥᠷᠪᠡ᠂ ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠶᠢ | ᠬᠡᠷᠡᠭᠵᠢᠭᠦᠯᠬᠦ ᠵᠠᠷᠴᠢᠮ | ︵ᠨᠢᠭᠡ︶ ᠨᠢᠭᠡᠳᠦᠯᠲᠡᠶ ᠲᠠᠪᠴᠠᠩ᠃ ᠠᠯᠠᠱᠠ ᠠᠶᠢᠮᠠᠭ ᠤᠨ ᠮᠦᠩᠭᠡ ᠰᠤᠪᠠᠭ ᠤᠨ ᠰᠢᠯᠵᠢᠮᠡᠯ ᠬᠤᠯᠪᠣᠭᠠᠨ ᠤ | ᠦᠵᠦᠭᠦᠷ ᠤᠨ ᠪᠠᠷᠢᠮᠵᠢᠶ᠎ᠠ ᠶᠢᠨ ᠵᠢᠷᠤᠮᠵᠢᠯ ᠪᠠ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠠᠪᠴᠠᠩ ᠤᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠬᠤ ᠶᠢ ᠦᠨᠡᠨᠬᠦ ᠪᠠᠲᠤᠯᠠᠨ᠎ᠠ︔ | ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠡᠤᠬᠡ ᠶᠢᠨ ᠲᠤᠭ᠎ᠠ ᠪᠠᠷᠢᠮᠲᠠ ᠶᠢ ᠬᠤᠷᠠᠮᠳᠤᠭᠤᠯᠬᠤ | ᠪᠠ ᠡᠯᠧᠺᠲᠷᠣᠨ ᠲᠠᠮᠠᠭ᠎ᠠ ᠳᠠᠷᠤᠬᠤ ᠶᠢ ᠪᠥᠬᠦ ᠲᠠᠯ᠎ᠠ ᠪᠠᠷ ᠠᠬᠢᠭᠤᠯᠵᠤ᠂ ᠬᠡᠶᠢᠰᠪᠦᠷᠢ ᠺᠠᠷᠲ ᠤᠨ ᠲᠥᠷᠥᠯ ᠵᠤᠶᠢᠯ ᠢ | ᠪᠠᠶᠠᠯᠢᠭᠵᠢᠭᠤᠯᠤᠨ᠂ ᠠᠵᠤ ᠠᠬᠤᠶᠢᠯᠠᠯ ᠤᠨ ᠣᠯᠠᠨ ᠲᠦᠮᠡᠨ ᠤ ᠺᠣᠳ᠋ ᠰᠢᠷᠪᠢᠵᠦ ᠭᠡᠷᠡᠴᠢ ᠤᠯᠬᠤ ᠶᠢ ᠪᠦᠲᠦᠮᠵᠢᠲᠡᠶ | ᠳᠡᠮᠵᠢᠨ᠎ᠡ᠃ | ︵ᠬᠤᠶᠠᠷ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠯᠠᠱᠠ ᠪᠠᠷᠠᠭᠤᠨ ᠬᠤᠰᠢᠭᠤᠨ ᠤ ᠰᠢᠯᠵᠢᠮᠡᠯ | ᠬᠤᠯᠪᠣᠭᠠᠨ ᠤ ᠦᠵᠦᠭᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠡᠬᠢ ᠪᠠᠶᠠᠯᠢᠭ ᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠨᠠᠩ ᠣᠯᠠᠨ ᠥᠨᠳᠥᠷ ᠳᠠᠪᠲᠠᠮᠵᠢᠲᠤ ᠣᠯᠠᠨ ᠨᠡᠶᠢᠲᠡ ᠶᠢᠨ ᠦᠢᠯᠡᠴᠢᠯᠡᠭᠡᠨ ᠤ | ᠵᠤᠶᠢᠯᠡᠰ ᠢ ᠲᠦᠷᠭᠡᠨ ᠬᠢᠵᠦ ᠦᠭᠭᠦᠨ᠎ᠡ᠃ | ︵ᠭᠤᠷᠪᠠ︶ ᠴᠢᠩᠭ᠎ᠠ ᠬᠠᠮᠢᠶᠠᠷᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠠᠵᠢᠯ ᠬᠤᠪᠢᠶᠠᠷᠢᠯᠠᠨ | ᠬᠠᠷᠢᠭᠤᠴᠠᠭᠰᠠᠨ ᠪᠥᠬᠦ ᠣᠷᠣᠨ ᠤ ᠨᠢᠭᠡ ᠴᠣᠠᠠᠴᠠᠵᠢᠭᠤᠯᠥᠬᠠᠰᠠᠨ ᠠᠵᠢᠯᠯᠠᠭᠤᠯᠵᠤ ᠪᠠᠲᠤᠯᠠᠬᠤ ᠰᠢᠰᠲ᠋ᠧᠮ ᠨᠢ ︽ | ᠲᠤᠷᠰᠢᠨ ᠬᠡᠷᠡᠭᠯᠡᠬᠦ ᠠᠵᠢᠯᠲᠠᠨ︾ ︽ᠦ ᠡᠷᠢᠬᠦ︾ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠷᠡᠭᠯᠡᠭᠴᠢ ᠶᠢᠨ | ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠠᠶᠤᠯᠭᠦᠶ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠲᠠᠪᠤ᠂ ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠶᠢ | ᠬᠡᠷᠡᠭᠵᠢᠭᠦᠯᠬᠦ ᠬᠡᠪᠴᠢᠶ᠎ᠡ | ᠪᠥᠬᠦ ᠠᠶᠢᠮᠠᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠬᠠᠩᠭᠠᠬᠤ ᠵᠠᠰᠠᠭ ᠤᠨ | ᠣᠷᠳᠣᠨ ᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠷ ᠯᠠᠪᠯᠠᠯᠲᠠ ᠪᠣᠯᠭᠠᠨ | ᠬᠡᠷᠡᠭᠵᠢᠭᠦᠯᠬᠦ ᠬᠡᠪᠴᠢᠶ᠎ᠡ ᠶᠢ ᠲᠣᠭᠲᠠᠭᠠᠨ᠎ᠠ᠃ | ᠵᠢᠷᠭᠤᠭ᠎ᠠ᠂ ︽ᠮᠦᠩᠬᠡ ᠰᠤᠪᠠᠭ · ᠠᠯᠠᠭᠠᠨ ᠳᠡᠭᠡᠷ᠎ᠡ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠶᠢ | ᠬᠡᠷᠡᠭᠵᠢᠭᠦᠯᠬᠦ ᠴᠠᠭ | 2021 ᠣᠨ ᠤ 4 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠯᠡᠭᠡ ᠶᠢ ᠡᠮᠬᠢᠯᠡᠬᠦ ᠠᠵᠢᠯ ᠢ | ᠳᠠᠭᠤᠰᠬᠠᠵᠤ᠂ ᠨᠠᠩ ᠣᠯᠠᠨ ᠣᠯᠠᠨ ᠨᠡᠶᠢᠲᠡ ᠶᠢᠨ ᠦᠢᠯᠡᠴᠢᠯᠡᠭᠡᠨ ᠤ ᠵᠤᠶᠢᠯᠡᠰ ᠢ ᠮᠦᠩᠭᠡ ᠰᠤᠪᠠᠭ ᠤᠨ ᠰᠢᠯᠵᠢᠮᠡᠯ | ᠦᠵᠦᠭᠦᠷ ᠲᠤ ᠵᠠᠯᠭᠠᠨ ᠣᠷᠣᠭᠤᠯᠬᠤ ᠶᠢ ᠦᠷᠭᠦᠯᠵᠢᠯᠡᠨ ᠠᠬᠢᠭᠤᠯᠤᠨ᠎ᠠ᠃ | | |