ᠬᠡᠯᠬᠢᠶᠡᠰᠦ ᠶᠢᠨ ᠳ᠋ᠤᠭᠠᠷ᠄ 15290000000035/2021-00210 | ᠨᠡᠶᠢᠲᠡᠯᠡᠬᠦ ᠪᠠᠶᠢᠭᠤᠯᠤᠮᠵᠢ᠄ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ | ᠬᠤᠪᠢᠶᠠᠷᠢᠯᠠᠯ ᠤᠨ ᠠᠩᠭᠢᠯᠠᠯ᠄ ᠬᠤᠰᠢᠭᠤᠨ ᠤ ᠪᠢᠴᠢᠭ ᠮᠠᠲ᠋ᠧᠷᠢᠶᠠᠯ | ᠪᠢᠴᠢᠭᠳᠡᠭᠰᠡᠨ ᠴᠠᠭ᠄ 2021 — 04 — 28 | | | ︽ᠠᠯᠠᠱᠠ ᠪᠠᠷᠠᠭᠤᠨ ᠬᠤᠰᠢᠭᠤᠨ ᠤ ︿ᠮᠦᠩᠭᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ | ᠦᠢᠯᠡᠴᠢᠯᠡᠭᠡ﹀ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ | ᠲᠥᠷᠥ ᠶᠢᠨ ᠪᠣᠳᠣᠯᠭ᠎ᠠ ᠶᠢᠨ ᠲᠠᠶᠢᠯᠤᠮᠵᠢ | | | ᠨᠢᠭᠡ᠂ ︽ᠮᠦᠩᠭᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ︾ ᠶᠢᠨ ᠲᠥᠰᠦᠯ ᠢ | ᠲᠣᠭᠲᠠᠭᠠᠭᠰᠠᠨ ᠠᠬᠤᠶ ᠪᠠᠶᠢᠳᠠᠯ ᠨᠢ ᠶᠠᠭᠤ ᠪᠣᠶ︖ | ︽ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠮᠦᠩᠭᠡ ᠰᠤᠪᠠᠭ · ᠠᠯᠠᠭᠠᠨ ᠳᠡᠭᠡᠷ᠎ᠡ | ᠬᠠᠪᠰᠤᠷᠤᠨ ᠭᠦᠢᠴᠡᠳᠬᠡᠬᠦ ᠦᠢᠯᠡᠴᠢᠯᠡᠭᠡ︾ ︽ᠮᠦᠩᠭᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ | ᠦᠢᠯᠡᠴᠢᠯᠡᠭᠡ︾ ︽ ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ ᠦᠢᠯᠡᠴᠢᠯᠡᠭᠡ︾ ᠠᠵᠢᠯ ᠤᠨ | ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ︵ᠠᠯᠠᠱᠠ ᠠᠶᠢᠮᠠᠭ ᠤᠨ ᠵᠠᠬᠢᠷᠭ᠎ᠠ | ᠶᠢᠨ ᠠᠯᠪᠠᠨ ᠭᠡᠷ ᠲᠠᠷᠬᠠᠭᠠᠭᠰᠠᠨ ︹2021︺15 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠮᠦᠩᠭᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ︾ ᠨᠢ ᠠᠵᠤ | ᠠᠬᠤᠶᠢᠯᠠᠯ ᠤᠨ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖ | ᠤᠴᠢᠷ ᠶᠠᠪᠤᠳᠠᠯ ᠤᠨ ᠨᠠᠷᠢᠨ ᠳᠠᠩᠰᠠ ᠶᠢ ᠨᠢᠭᠡᠳᠦᠯᠲᠡᠶ ᠡᠮᠬᠢᠯᠡᠬᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ | ᠪᠣᠯᠤᠨ ᠴᠤᠪᠤᠷᠠᠯ ᠵᠢᠷᠤᠭ ᠢ ᠨᠢᠭᠡᠳᠦᠯᠲᠡᠶ ᠨᠠᠶᠢᠷᠠᠭᠤᠯᠤᠨ ᠨᠡᠶᠢᠲᠡᠯᠡᠬᠦ᠂ ᠦᠢᠯᠡᠴᠢᠯᠡᠭᠡᠨ ᠤ ᠪᠠᠷᠢᠮᠵᠢᠶ᠎ᠠ ᠶᠢ ᠨᠢᠭᠡᠳᠦᠯᠲᠡᠶ | ᠲᠣᠭᠲᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠨᠢᠭᠡ ᠯᠡ | ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ ᠶᠢ ᠠᠬᠢᠭᠤᠯᠵᠤ᠂ ᠤᠯᠠᠨ ᠰᠠᠯᠠᠭ᠎ᠠ ᠮᠥᠴᠢᠷ ᠤᠨ ᠭᠦᠢᠴᠡᠳᠬᠡᠭᠰᠡᠨ ︽ | ᠲᠠᠩ ᠭᠠᠭᠴᠠ ᠵᠦᠢᠯᠡᠰ︾ ᠢ ᠠᠵᠤ ᠠᠬᠤᠶᠢᠯᠠᠯ ᠤᠨ ᠤᠯᠠᠨ ᠲᠦᠮᠡᠨ ᠤ ᠬᠠᠷᠠᠭᠠᠨ ᠤ ︽ᠨᠢᠭᠡ ᠶᠠᠪᠤᠳᠠᠯ︾ | ᠪᠣᠯᠭᠠᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭᠲᠦ ᠶᠢᠨ ᠬᠠᠭᠤᠳᠠᠰᠤ᠂ ᠨᠢᠭᠡ ᠤᠳᠠᠭ᠎ᠠ ᠳᠤ | ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠤᠯᠪᠣᠭᠠᠯᠠᠨ ᠭᠦᠢᠴᠡᠳᠬᠡᠬᠦ᠂ ᠨᠢᠭᠡ ᠤᠳᠠᠭ᠎ᠠ ᠳᠤ | ᠭᠦᠢᠴᠡᠳᠬᠡᠵᠦ ᠳᠠᠭᠤᠰᠬᠠᠬᠤ᠂ ᠨᠢᠭᠡ ᠴᠣᠩᠬᠤ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠢᠶᠠᠷ | ᠭᠦᠢᠴᠡᠳᠬᠡᠬᠦ ᠶᠢ ᠬᠡᠷᠡᠭᠵᠢᠭᠦᠯᠬᠦ ᠪᠠᠷ ᠳᠠᠮᠵᠢᠭᠤᠯᠵᠤ᠂ ︽ᠤᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ | ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠤᠯᠠᠨ ᠤᠳᠠᠭ᠎ᠠ ᠭᠦᠶᠦᠬᠦ︾ ᠶᠢ ︽ᠨᠢᠭᠡ ᠤᠳᠠᠭ᠎ᠠ ᠳᠤ | ᠭᠦᠢᠴᠡᠳᠬᠡᠬᠦ︾ ᠪᠣᠯᠭᠠᠨ ᠬᠤᠪᠢᠷᠠᠭᠤᠯᠤᠨ᠎ᠠ᠃ | ᠨᠢᠭᠡ ᠳᠤ ︽ᠨᠢᠭᠡ ᠶᠠᠪᠤᠳᠠᠯ︾ ᠤᠨ ᠵᠤᠶᠢᠯᠡᠰ ᠤᠨ ᠨᠠᠷᠢᠨ ᠲᠠᠩᠰᠠ ᠶᠢ ᠨᠢᠭᠡᠳᠦᠯᠲᠡᠶ ᠡᠮᠬᠢᠯᠡᠨ᠎ᠡ᠃ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠨᠳᠥᠷ ᠳᠠᠪᠲᠠᠮᠵᠢ ᠶᠢᠨ ᠵᠤᠶᠢᠯᠡᠰ ᠲᠤ | ᠠᠩᠬᠠᠷᠤᠯ ᠢᠶᠠᠨ ᠲᠥᠪᠯᠡᠷᠡᠭᠦᠯᠦᠨ᠂ ︽ᠪᠢ ᠵᠢᠵᠢᠭ ᠬᠤᠭᠤᠯᠠᠨ ᠬᠡᠷ ᠨᠡᠭᠡᠭᠡᠬᠦ︾ ᠵᠡᠷᠭᠡ 103 ᠵᠤᠶᠢᠯ ᠤᠨ ᠥᠨᠳᠥᠷ | ᠳᠠᠪᠲᠠᠮᠵᠢ ᠶᠢᠨ ︽ᠨᠢᠭᠡ ᠶᠠᠪᠤᠳᠠᠯ︾ ᠢ ᠨᠢᠭᠡᠳᠦᠯᠲᠡᠶ ᠬᠡᠷᠡᠭᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ | ᠶᠢ ᠨᠠᠩ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠦᠨ᠎ᠡ᠃ | ᠬᠤᠶᠠᠷ ᠲᠤ ᠠᠵᠢᠯ ᠶᠠᠪᠤᠳᠠᠯ ᠡᠷᠬᠢᠯᠡᠬᠦ ᠵᠦᠭᠯᠡᠭᠦᠷ ᠪᠠ ᠴᠤᠪᠤᠷᠠᠯ ᠵᠢᠷᠤᠭ ᠢ ᠨᠢᠭᠡᠳᠦᠯᠲᠡᠶ ᠨᠠᠶᠢᠷᠠᠭᠤᠯᠤᠨ | ᠵᠣᠬᠢᠶᠠᠵᠤ ᠨᠡᠶᠢᠲᠡᠯᠡᠨ᠎ᠡ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠯᠪᠣᠭᠳᠠᠯ | ᠪᠥᠬᠦᠶ ᠪᠠᠷᠢᠮᠵᠢᠶ᠎ᠠ ᠶᠢ ᠦᠨᠳᠦᠰᠦᠯᠡᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠵᠢᠷᠤᠭ ᠢ ᠪᠣᠶ | ᠪᠣᠯᠭᠠᠵᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠬᠦᠴᠦᠨ ᠵᠤᠶᠢᠯ ᠨᠢᠭᠡᠳᠦᠯ ᠥᠬᠡᠶ᠂ ᠮᠡᠳᠡᠭᠳᠡᠭᠰᠡᠨ ᠨᠢ | ᠪᠣᠳᠠᠲᠠᠶᠢᠵᠢᠭᠰᠠᠨ ᠥᠬᠡᠶ᠂ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠭᠰᠠᠨ᠂ ᠠᠵᠢᠯ ᠶᠠᠪᠤᠳᠠᠯ ᠭᠦᠢᠴᠡᠳᠬᠡᠬᠦ | ᠭᠤᠭᠴᠤᠭ᠎ᠠ ᠣᠯᠠᠨ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠭᠤᠷᠪᠠ ᠳᠤ ︽ᠮᠦᠩᠭᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ︾ ᠶᠢᠨ | ᠨᠢᠭᠡᠳᠦᠯᠲᠡᠶ ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ︽ᠨᠢᠭᠡ ᠯᠡ ᠤᠳᠠᠭ᠎ᠠ ᠳᠤ ᠭᠦᠢᠴᠡᠳᠬᠡᠬᠦ︾ | ᠠᠵᠢᠯ ᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ | ᠠᠰᠢᠭᠲᠠᠶ ᠪᠠᠶᠢᠵᠤ᠂ ︽ᠪᠥᠬᠦ ᠣᠷᠣᠨ ᠤ ᠨᠡᠶᠢᠳᠡᠮ ᠭᠦᠢᠴᠡᠳᠬᠡᠬᠦ︾ ︽ᠠᠶᠢᠮᠠᠭ ᠣᠷᠣᠨ ᠤ ᠨᠡᠶᠢᠳᠡᠮ ᠭᠦᠢᠴᠡᠳᠬᠡᠬᠦ | ︾ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃ | ᠭᠤᠷᠪᠠ᠂ ︽ᠮᠦᠩᠭᠡ ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ︾ ᠶᠢᠨ ᠠᠵᠢᠯ ᠤᠨ | ᠭᠤᠤᠯᠳᠠᠯᠭ᠎ᠠ ᠲᠠᠢ ᠡᠭᠦᠷᠭᠡ ᠨᠢ ᠶᠠᠭᠤ ᠪᠣᠶ︖ | ᠨᠢᠭᠡ ᠳᠤ ᠠᠵᠢᠯ ᠤᠨ ᠬᠠᠷᠠᠯᠲᠠ ᠪᠠᠨ ᠲᠣᠳᠣᠷᠬᠠᠶ ᠪᠣᠯᠭᠠᠬᠤ ᠬᠡᠷᠡᠭᠲᠡᠶ᠃ ᠠᠯᠠᠱᠠ ᠠᠶᠢᠮᠠᠭ ᠤᠨ ︽ᠮᠦᠩᠭᠡ | ᠰᠤᠪᠠᠭ · ᠨᠢᠭᠡ ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ︾ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ | 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠵᠤ ᠠᠬᠤᠶᠢᠯᠠᠯ ᠤᠨ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠨᠡᠯᠢᠶᠡᠳ | ᠶᠡᠭᠡ 103 ᠵᠤᠶᠢᠯ ᠤᠨ ᠤᠴᠢᠷ ᠶᠠᠪᠤᠳᠠᠯ ᠢ ᠪᠥᠬᠦ ᠠᠶᠢᠮᠠᠭ ᠤᠨ ᠬᠡᠪᠴᠢᠶᠡᠨ ᠳᠤ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠵᠢᠯ ᠤᠨ ᠡᠴᠦᠰ ᠠᠴᠠ ᠡᠮᠦᠨ᠎ᠡ᠂ ︽ᠮᠦᠩᠭᠡ ᠰᠤᠪᠠᠭ · ᠨᠢᠭᠡ | ᠯᠡ ᠤᠳᠠᠭ᠎ᠠ ᠳᠤ ᠭᠦᠢᠴᠡᠳᠬᠡᠬᠦ ᠦᠢᠯᠡᠴᠢᠯᠡᠭᠡ︾ ᠤᠨ ᠵᠤᠶᠢᠯᠡᠰ ᠢ 130 ᠵᠤᠶᠢᠯ ᠠᠴᠠ ᠳᠤᠲᠠᠭᠤ ᠥᠬᠡᠶ | ᠦᠷᠭᠦᠯᠵᠢᠯᠡᠨ ᠬᠡᠷᠡᠭᠵᠢᠭᠦᠯᠦᠨ᠎ᠡ᠃ | ᠬᠤᠶᠠᠷ ᠲᠤ ᠭᠤᠷᠪᠠᠨ ᠱᠠᠲᠤ ᠦᠶ᠎ᠡ ᠶᠢᠨ ᠴᠠᠭ ᠤᠨ ᠬᠦᠰᠦᠨᠦᠭᠲᠦ ᠶᠢ ᠲᠣᠳᠣᠷᠬᠠᠶᠢᠯᠠᠨ᠎ᠠ᠃ 2021 | ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠣᠳᠠᠲᠠᠶ ᠬᠡᠷᠡᠭᠵᠢᠭᠦᠯᠬᠦ ᠲᠥᠰᠦᠯ ᠢ ᠨᠡᠶᠢᠲᠡᠯᠡᠬᠦ ᠬᠡᠷᠡᠭᠲᠡᠶ︔ | 4 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠩᠨᠡᠭᠡ ᠶᠢ ᠵᠣᠬᠢᠶᠠᠨ ᠪᠠᠶᠢᠭᠤᠯᠬᠤ᠂ ᠴᠣᠩᠬᠤᠪᠴᠢ | ᠳᠣᠭᠢᠷᠠᠭᠤᠯᠬᠤ ᠵᠡᠷᠭᠡ ᠠᠵᠢᠯ ᠢ ᠪᠡᠶᠡᠯᠡᠭᠦᠯᠦᠨ᠎ᠡ︔ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ | ᠣᠷᠣᠨ ᠤ ᠬᠡᠪᠴᠢᠶᠡᠨ ᠳᠤ 103 ᠵᠤᠶᠢᠯ ᠤᠨ ︽ᠨᠢᠭᠡ ᠶᠠᠪᠤᠳᠠᠯ︾ ᠢ ︽ᠨᠢᠭᠡ ᠯᠡ ᠤᠳᠠᠭ᠎ᠠ ᠳᠤ ᠭᠦᠢᠴᠡᠳᠬᠡᠬᠦ︾ | ᠶᠢ ᠪᠡᠶᠡᠯᠡᠭᠦᠯᠦᠨ᠎ᠡ᠃ | | |