ᠬᠡᠯᠬᠢᠶᠡᠰᠦ ᠶᠢᠨ ᠨᠣᠮᠧᠷ᠄ 15290000000035/2021-00443 | ᠨᠡᠶᠢᠲᠡᠯᠡᠬᠦ ᠪᠠᠶᠢᠭᠤᠯᠤᠮᠵᠢ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ | ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠪᠤᠯᠭᠠᠨ᠎ᠠ | ᠬᠤᠪᠢᠶᠠᠷᠢᠯᠠᠯ ᠤᠨ ᠠᠩᠭᠢᠯᠠᠯ᠄ ᠮᠡᠳᠡᠭᠳᠡᠯ ᠵᠠᠷᠯᠠᠯ | ᠪᠢᠴᠢᠭᠳᠡᠭᠰᠡᠨ ᠴᠠᠭ᠄ 2021 — 09 — 06 | | | 2021 · ᠠᠷᠪᠠᠨ ᠳᠣᠯᠣᠳᠤᠭᠠᠷ ᠬᠤᠭᠤᠴᠠᠭᠠᠨ ᠤ ᠪᠠᠳᠠᠶ ᠶᠢᠨ ᠵᠢᠷᠠᠨ ᠤ ᠡᠯᠡᠰᠦᠨ ᠴᠥᠯ ᠤᠨ ᠰᠣᠶᠣᠯ | ᠵᠢᠭᠤᠯᠴᠢᠯᠠᠯ ᠤᠨ ᠨᠠᠶᠢᠷ ︵ᠨᠠᠭᠠᠳᠤᠮ ᠤᠨ ᠬᠤᠷᠠᠯ︶ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠬᠡᠭᠡᠷᠡᠯᠡᠨ | ᠠᠶᠠᠯᠠᠬᠤ e ᠦᠨᠳᠦᠰᠦᠲᠡᠨ ᠤ ᠪᠠᠭᠠᠲᠤᠷᠴᠤᠳ ᠤᠨ ᠨᠡᠶᠢᠭᠡᠮᠯᠢᠭ ᠤᠨ ᠠᠮᠤᠷ ᠢ ᠬᠠᠮᠠᠭᠠᠯᠠᠬᠤ ᠠᠵᠢᠯ ᠤᠨ ᠠᠯᠪᠠᠨ ᠵᠠᠷ | ︵ᠨᠢᠭᠡ︶ | | 2021 ᠣᠨ ᠤ 10 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ᠂ 2021 · ᠠᠷᠪᠠᠨ | ᠳᠣᠯᠣᠳᠤᠭᠠᠷ ᠬᠤᠭᠤᠴᠠᠭᠠᠨ ᠤ ᠪᠠᠳᠠᠶ ᠶᠢᠨ ᠵᠢᠷᠠᠨ ᠤ ᠡᠯᠡᠰᠦᠨ ᠴᠦᠯ ᠤᠨ ᠰᠣᠶᠣᠯ ᠵᠢᠭᠤᠯᠴᠢᠯᠠᠯ ᠤᠨ ᠨᠠᠶᠢᠷ ︵ | ᠨᠠᠭᠠᠳᠤᠮ ᠤᠨ ᠬᠤᠷᠠᠯ︶ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠬᠡᠬᠡᠷᠡᠯᠡᠨ ᠠᠶᠠᠯᠠᠬᠤ e ᠦᠨᠳᠦᠰᠦᠲᠡᠨ ᠤ | ᠪᠠᠭᠠᠲᠤᠷᠴᠤᠳ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠪᠠᠷᠠᠭᠤᠨ | ᠬᠤᠰᠢᠭᠤᠨ ᠳᠤ ᠶᠠᠪᠤᠭᠳᠠᠬᠤ ᠪᠣᠯᠤᠨ᠎ᠠ᠃ ᠡᠨᠡ ᠬᠤᠭᠤᠴᠠᠭᠠᠨ ᠳᠤ ᠬᠥᠮᠦᠰ ᠤᠨ ᠨᠡᠭᠦᠳᠡᠯ ᠪᠠ ᠴᠤᠭᠯᠠᠷᠠᠯ ᠤᠨ | ᠠᠵᠢᠯᠯᠠᠭ᠎ᠠ ᠣᠯᠠᠰᠢᠷᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ︽ | ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠷ᠎ᠠ ᠭᠠᠳᠠᠨ᠎ᠠ ᠠᠴᠠ ᠳᠠᠬᠢᠨ ᠡᠭᠦᠰᠬᠦ ᠶᠢ ᠰᠡᠷᠭᠡᠶᠢᠯᠡᠬᠦ︾ | ᠲᠦᠭᠰᠢᠭᠦᠷᠢ ᠪᠠ ᠲᠠᠷᠤᠭᠠᠰᠤ ᠤᠯᠠᠮ ᠨᠢᠭᠡ ᠠᠯᠬᠤᠮ ᠨᠡᠮᠡᠭᠳᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠳᠤᠰ ᠬᠤᠭᠤᠴᠠᠭᠠᠨ ᠤ ᠤᠷᠤᠯᠳᠤᠭᠠᠨ ᠤ ᠤᠷᠤᠭᠰᠢᠲᠠᠶ | ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠠᠵᠢᠯᠯᠠᠭ᠎ᠠ ᠶᠢᠨ ᠬᠤᠭᠤᠴᠠᠭᠠᠨ ᠳᠤ ᠬᠤᠰᠢᠭᠤᠨ ᠳᠤ ᠢᠷᠡᠭᠰᠡᠨ | ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠭᠦᠢ ᠵᠦᠢᠯᠡᠰ ᠢ ᠳᠣᠣᠷᠠᠬᠢ ᠮᠡᠲᠦ | ᠵᠠᠷᠯᠠᠶ᠎ᠠ᠄ | 2021 ᠣᠨ ᠤ 9 ᠰᠠᠷ᠎ᠠ ᠶᠢᠨ 28 ᠤ ᠡᠳᠦᠷ ᠤᠨ 0 ᠴᠠᠭ ᠠᠴᠠ 2021 ᠣᠨ ᠤ 10 ᠰᠠᠷ᠎ᠠ ᠶᠢᠨ | 7 ᠤ ᠡᠳᠦᠷ ᠤᠨ 24 ᠴᠠᠭ ᠪᠣᠯᠲᠠᠯ᠎ᠠ᠂ ᠠᠯᠠᠱᠠ ᠪᠠᠷᠠᠭᠤᠨ ᠬᠤᠰᠢᠭᠤᠨ ᠳᠤ ᠣᠷᠣᠬᠤ ᠵᠤᠭᠠᠴᠠᠭᠰᠠᠳ᠂ ᠬᠡᠬᠡᠷᠡᠯᠡᠨ | ᠠᠶᠠᠯᠠᠬᠤ e ᠦᠨᠳᠦᠰᠦᠲᠡᠨ ᠤ ᠭᠡᠰᠢᠭᠦᠨ᠂ ᠬᠢᠯᠢ ᠪᠠᠷ ᠥᠩᠭᠡᠷᠡᠬᠦ ᠬᠥᠮᠦᠰ ᠲᠣᠰ ᠬᠥᠮᠦᠨ ᠤ ᠬᠤᠶᠠᠷ ᠤᠳᠠᠭᠠᠨ ᠤ | ᠰᠢᠨ᠎ᠡ ᠸᠠᠺᠼᠢᠨ ᠤ ᠲᠠᠷᠢᠯᠭ᠎ᠠ ᠶᠢᠨ ᠭᠡᠷᠡᠴᠢ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠺᠤᠳ᠋᠂ | ᠠᠶᠠᠯᠠᠯ ᠤᠨ ᠺᠤᠳ᠋ ᠪᠠᠨ ᠭᠠᠷᠭᠠᠨ ᠦᠵᠡᠭᠦᠯᠵᠦ᠂ ᠬᠢᠵᠢᠭ ᠠᠴᠠ ᠰᠡᠷᠭᠡᠶᠢᠯᠡᠬᠦ ᠬᠥᠮᠦᠰ ᠤᠨ ᠪᠠᠶᠢᠴᠠᠭᠠᠨ | ᠰᠢᠯᠭᠠᠯᠲᠠ ᠳᠤ ᠬᠠᠮᠵᠢᠯᠴᠠᠬᠤ ᠬᠡᠷᠡᠭᠲᠡᠶ᠃ ᠬᠤᠶᠠᠷ ᠤᠳᠠᠭᠠᠨ ᠤ ᠰᠢᠨ᠎ᠡ ᠸᠠᠺᠼᠢᠨ ᠤ ᠲᠠᠷᠢᠯᠭ᠎ᠠ ᠶᠢᠨ ᠭᠡᠷᠡᠴᠢ ᠲᠠᠢ | ᠪᠥᠭᠡᠳ ᠡᠷᠡᠭᠦᠯ ᠮᠡᠨᠳᠦ ᠶᠢᠨ ᠺᠣᠳ᠋ ᠨᠢ ᠨᠣᠭᠤᠭᠠᠨ ᠺᠣᠳ᠋ ᠲᠠᠢ ᠪᠠᠶᠢᠵᠤ᠂ ᠳᠤᠮᠳᠠ ᠳᠡᠭᠡᠳᠦ ᠵᠡᠷᠭᠡ ᠶᠢᠨ ᠠᠶᠤᠯ | ᠲᠦᠭᠰᠢᠭᠦᠷᠢ ᠥᠬᠡᠶ ᠭᠠᠵᠠᠷ ᠣᠷᠣᠨ ᠤ ᠬᠥᠮᠦᠰ ᠢ ᠨᠡᠪᠲᠡᠷᠡᠭᠦᠯᠦᠨ᠎ᠡ︔ ᠪᠤᠰᠤᠳ ᠬᠥᠮᠦᠰ ᠢ ᠢᠳᠬᠠᠵᠤ ᠪᠤᠴᠠᠯᠭᠠᠨ᠎ᠠ | ᠂ ᠠᠯᠠᠱᠠ ᠪᠠᠷᠠᠭᠤᠨ ᠬᠤᠰᠢᠭᠤᠨ ᠤ ᠬᠢᠯᠢ ᠪᠠᠷ ᠣᠷᠣᠭᠤᠯᠬᠤ ᠦᠭᠡᠢ᠃ | ᠲᠠ ᠪᠣᠯᠤᠨ ᠪᠤᠰᠤᠳ ᠬᠥᠮᠦᠨ ᠤ ᠠᠮᠤᠷ ᠲᠦᠪᠰᠢᠨ ᠤ ᠲᠥᠯᠥᠭᠡ᠂ ᠠᠯᠪᠠᠨ ᠵᠠᠷ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠵᠤ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠵᠠᠰᠠᠵᠤ᠂ ᠰᠠᠨᠠᠭᠠᠴᠢᠯᠠᠭ᠎ᠠ ᠠᠴᠠ ᠪᠠᠨ | ᠬᠠᠮᠵᠢᠯᠴᠠᠵᠤ᠂ ᠡᠷᠡᠭᠦᠯ ᠰᠠᠷᠠᠭᠤᠯ ᠤᠷᠳᠤ ᠴᠠᠭᠠᠨ ᠬᠡᠷᠡᠮ ᠢ ᠬᠠᠮᠲᠤᠪᠠᠷ ᠴᠣᠭᠴᠠᠯᠠᠬᠤ ᠶᠢ ᠬᠦᠰᠡᠵᠦ ᠪᠠᠶᠢᠨ᠎ᠠ᠃ | ᠠᠯᠪᠠᠨ ᠵᠠᠷ ᠤᠨ ᠱᠠᠭᠠᠷᠳᠠᠯᠭ᠎ᠠ ᠶᠢ ᠬᠡᠷᠡᠭᠵᠢᠭᠦᠯᠬᠦ ᠥᠬᠡᠶ᠂ ᠠᠶᠠᠨ ᠵᠠᠮ ᠪᠠ ᠡᠷᠡᠭᠦᠯ ᠮᠡᠨᠳᠦ ᠶᠢᠨ ᠪᠠᠶᠢᠳᠠᠯ ᠢᠶᠠᠨ | ᠵᠣᠷᠢᠭᠤᠳᠠ ᠨᠢᠭᠤᠨ ᠳᠠᠯᠳᠠᠯᠠᠭᠠᠳ ᠤᠷᠰᠢᠭ ᠲᠠᠲᠠᠭᠰᠠᠨ ᠬᠥᠮᠦᠰ ᠠᠴᠠ ᠬᠠᠤᠯᠢ ᠶᠣᠰᠣᠭᠠᠷ ᠬᠠᠮᠢᠶ᠎ᠠ ᠪᠥᠬᠦᠶ | ᠬᠠᠷᠢᠭᠤᠴᠠᠯᠭ᠎ᠠ ᠨᠡᠬᠡᠮᠵᠢᠯᠡᠨ᠎ᠡ᠃ | | 2021 · ᠠᠷᠪᠠᠨ ᠳᠣᠯᠣᠳᠤᠭᠠᠷ ᠬᠤᠭᠤᠴᠠᠭᠠᠨ ᠤ ᠪᠠᠳᠠᠢ ᠶᠢᠨ ᠵᠢᠷᠠᠨ ᠤ ᠡᠯᠡᠰᠦᠨ ᠴᠦᠯ ᠤᠨ ᠰᠣᠶᠣᠯ | ᠵᠤᠭᠠᠴᠠᠯ ᠤᠨ ᠨᠠᠶᠢᠷ ︵ᠨᠠᠭᠠᠳᠤᠮ ᠤᠨ ᠬᠤᠷᠠᠯ︶ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠬᠡᠭᠡᠷᠡᠯᠡᠨ | ᠠᠶᠠᠯᠠᠬᠤ e ᠦᠨᠳᠦᠰᠦᠲᠡᠨ ᠤ ᠪᠠᠭᠠᠲᠤᠷᠴᠤᠳ ᠤᠨ ᠬᠤᠷᠠᠯ ᠤᠨ ᠵᠢᠯᠣᠭᠤᠳᠬᠤ ᠭᠠᠵᠠᠷ | | 2021 ᠣᠨ ᠤ 9 ᠰᠠᠷ᠎ᠠ ᠶᠢᠨ 6 ᠤ ᠡᠳᠦᠷ | | |