ᠬᠤᠰᠢᠭᠤᠨ ᠤ ᠵᠠᠰᠠᠭ ᠤᠨ ᠣᠷᠳᠣᠨ ᠤ ᠲᠣᠮᠣ ᠬᠡᠷᠡᠭ ᠶᠠᠪᠤᠳᠠᠯ ᠤᠨ ᠲᠡᠮᠳᠡᠭᠯᠡᠯ ︵ᠨᠢᠭᠡᠳᠦᠭᠡᠷ ᠤᠯᠠᠷᠢᠯ︶
ᠨᠡᠶᠢᠲᠡᠯᠡᠭᠰᠡᠨ ᠴᠠᠭ᠄
2021/12/15
ᠯᠦᠸᠧ ᡁᠢ ᠸᠧᠶ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠵᠠᠩ ᠭᠤᠸᠠᠩ ᠬᠤᠶ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠤ ᠳᠡᠳ᠋ ᠳᠠᠷᠤᠭ᠎ᠠ ᠵᠤ ᠸᠧᠶ ᠭᠠᠩ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠤ ᠳᠡᠳ᠋ ᠳᠠᠷᠤᠭ᠎ᠠ ᠲᠦᠪᠰᠢᠨ᠄ ᠬᠤᠰᠢᠭᠤᠨ ᠤ ᠳᠡᠳ᠋ ᠳᠠᠷᠤᠭ᠎ᠠ ᠤᠳᠬᠤᠨᠴᠢᠮᠡᠭ᠄ ᠬᠤᠰᠢᠭᠤᠨ ᠤ ᠳᠡᠳ᠋ ᠳᠠᠷᠤᠭ᠎ᠠ ᠭᠤᠤ ᠪᠥᠸᠧ᠄ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠠᠩ ᠵᠢᠶᠠᠨ ᠵᠢᠶᠦ᠋ᠨ᠄ ᠬᠤᠰᠢᠭᠤᠨ ᠤ ᠳᠡᠳ᠋ ᠳᠠᠷᠤᠭ᠎ᠠ ᠸᠠᠩ ᠰᠢᠶᠤᠤ ᠳ᠋ᠦᠩ᠄ ᠬᠤᠰᠢᠭᠤᠨ ᠤ ᠳᠡᠳ᠋ ᠳᠠᠷᠤᠭ᠎ᠠ 1 ᠰᠠᠷ᠎ᠠ ᠶᠢᠨ 5 ᠤ ᠡᠳᠦᠷ᠂ ᠸᠠᠩ ᠰᠢᠶᠤᠤ ᠳ᠋ᠦᠩ ᠶᠠᠪᠠᠷᠠᠢ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ᠂ ᠠᠯᠠᠱᠠ ᠪᠠᠷᠠᠭᠤᠨ ᠬᠤᠰᠢᠭᠤᠨ ᠤ ᠯᠢ ᠰᠢᠩ ᠲᠥᠪᠯᠡᠷᠡᠭᠦᠯᠦᠨ ᠢᠯᠴᠢ ᠬᠠᠩᠭᠠᠬᠤ ᠬᠢᠵᠠᠭᠠᠷᠲᠤ ᠺᠣᠮᠫᠠᠨᠢ ᠶᠢᠨ ᠲᠥᠪᠯᠡᠷᠡᠭᠦᠯᠦᠨ ᠢᠯᠴᠢ ᠬᠠᠩᠭᠠᠬᠤ ᠲᠥᠰᠥᠪ ᠳᠤ ᠪᠠᠶᠢᠴᠠᠭᠠᠨ ᠰᠤᠳᠤᠯᠤᠯᠲᠠ ᠬᠢᠪᠠ᠃ 1 ᠰᠠᠷ᠎ᠠ ᠶᠢᠨ 18 ᠤ ᠡᠳᠦᠷ᠂ ᠯᠦᠸᠧ ᡁᠢ ᠸᠧᠶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ︵ᠵᠠᠩ ᠭᠤᠸᠠᠩ ᠬᠤᠶ᠂ ᠵᠦ ᠸᠧᠶ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ ᠵᠠᠩ ᠭᠤᠸᠠᠩ ᠬᠤᠢ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠪᠠᠶᠢᠳᠠᠯ ᠢ ᠮᠡᠳᠡᠭᠳᠡᠬᠦ ᠬᠤᠷᠠᠯ ᠳᠤ ᠤᠷᠤᠯᠴᠠᠪᠠ᠃1 ᠰᠠᠷ᠎ᠠ ᠶᠢᠨ 19 ᠤ ᠡᠳᠦᠷ᠂ ᠯᠦᠸᠧ ᡁᠢ ᠸᠧᠶ ᠬᠤᠰᠢᠭᠤᠨ ᠤ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ᠂ ᠬᠡᠲᠦ ᠳᠡᠯᠭᠡᠭᠦᠷ᠂ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠨ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ ︵ᠤᠳᠬᠤᠨᠴᠢᠮᠡᠭ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠳᠤ ᠣᠷᠣᠯᠴᠠᠪᠠ︶ 1 ᠰᠠᠷ᠎ᠠ ᠶᠢᠨ 19 ᠤ ᠡᠳᠦᠷ᠂ ᠯᠦᠸᠧ ᡁᠢ ᠸᠧᠶ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 37 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ︵ᠵᠠᠩ ᠭᠤᠸᠠᠩ ᠬᠤᠢ᠂ ᠵᠦ ᠸᠧᠢ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠢ︶ 1 ᠰᠠᠷ᠎ᠠ ᠶᠢᠨ 21 ᠤ ᠡᠳᠦᠷ᠂ ᠵᠠᠩ ᠭᠤᠸᠠᠩ ᠬᠤᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ 1 ᠳ᠋ᠦᠭᠡᠷ ᠰᠠᠷ᠎ᠠ ᠶᠢᠨ 26 ᠤ ᠡᠳᠦᠷ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠢᠶᠠ ᠵᠢᠩ ᠸᠤᠨ ᠠᠯᠠᠱᠠ ᠪᠠᠷᠠᠭᠤᠨ ᠬᠤᠰᠢᠭᠤᠨ ᠳᠤ ᠬᠦᠷᠴᠦ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ ︵ᠭᠤᠤ ᠪᠥᠸᠧ᠂ ᠸᠠᠩ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ︶᠃ 2 ᠰᠠᠷ᠎ᠠ ᠶᠢᠨ 3 ᠤ ᠡᠳᠦᠷ᠂ ᠯᠦᠸᠧ ᡁᠢ ᠸᠧᠶ ᠠᠵᠢᠯ ᠠᠴᠠ ᠪᠠᠨ ᠠᠮᠠᠷᠠᠭᠰᠠᠨ ᠺᠠᠳ᠋ᠷ᠂ ᠬᠥᠳᠡᠯᠮᠦᠷᠢ ᠶᠢᠨ ᠵᠢᠱᠢᠶᠡᠴᠢ᠂ ᠤᠳᠤᠮᠰᠢᠯ ᠤᠨ ᠪᠤᠰᠤ ᠵᠠᠯᠭᠠᠮᠵᠢᠯᠠᠭᠴᠢ ᠶᠢ ᠪᠣᠯᠭᠤᠭᠠᠨ ᠲᠣᠬᠤᠨᠢᠭᠤᠯᠪᠠ ︵ᠲᠦᠪᠰᠢᠨ ᠪᠠᠷ᠎ᠠ ᠪᠣᠯᠪᠠ︶᠃ 2 ᠰᠠᠷ᠎ᠠ ᠶᠢᠨ 3 ᠤ ᠡᠳᠦᠷ᠂ ᠯᠦᠸᠧ ᡁᠢ ᠸᠧᠶ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ︵ᠵᠠᠩ ᠭᠤᠸᠠᠩ ᠬᠤᠶ᠂ ᠵᠦ ᠸᠧᠶ ᠭᠠᠩ᠂ ᠲᠦᠪᠰᠢᠨ᠂ ᠣᠲᠣ ᠶᠢᠨ ᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ 2 ᠰᠠᠷ᠎ᠠ ᠶᠢᠨ 4 ᠤ ᠡᠳᠦᠷ᠂ ᠯᠦᠸᠧ ᡁᠢ ᠸᠧᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ︵ᠵᠠᠩ ᠭᠤᠸᠠᠩ ᠬᠤᠢ᠂ ᠵᠦ ᠸᠧᠢ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠢ︶2 ᠰᠠᠷ᠎ᠠ ᠶᠢᠨ 7 ᠤ ᠡᠳᠦᠷ᠂ ᠯᠦᠸᠧ ᡁᠢ ᠸᠧᠶ ᠠᠯᠠᠱᠠ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠳᠤ ᠣᠷᠣᠯᠴᠠᠪᠠ᠃ 2 ᠰᠠᠷ᠎ᠠ ᠶᠢᠨ 22 ᠤᠨ ᠡᠳᠦᠷ᠂ ᠯᠦᠸᠧ ᡁᠢ ᠸᠧᠶ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 38 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ︵ᠵᠠᠩ ᠭᠤᠸᠠᠩ ᠬᠤᠢ᠂ ᠵᠦ ᠸᠧᠢ ᠭᠠᠩ᠂ ᠲᠦᠪᠰᠢᠨ᠂ ᠤᠳᠬᠤᠨᠴᠢᠮᠡᠭ᠂ ᠭᠤᠤ ᠪᠥᠸᠧ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠢ︶ 3 ᠰᠠᠷ᠎ᠠ ᠶᠢᠨ 2 ᠤᠨ ᠡᠳᠦᠷ᠂ ᠯᠦᠸᠧ ᡁᠢ ᠸᠧᠶ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠯᠠᠱᠠ ᠪᠠᠷᠠᠭᠤᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠳᠤ ᠣᠷᠣᠯᠴᠠᠪᠠ ︵ᠵᠠᠩ ᠭᠤᠸᠠᠩ ᠬᠤᠶ᠂ ᠵᠦ ᠸᠧᠶ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ 3 ᠰᠠᠷ᠎ᠠ ᠶᠢᠨ 3 ᠤ ᠡᠳᠦᠷ᠂ ᠯᠦᠸᠧ ᡁᠢ ᠸᠧᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠪᠠᠷᠠᠭᠤᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ︵ᠥᠷᠭᠡᠳᠬᠡᠭᠰᠡᠨ︶ ᠤᠨ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ᠂ ᠠᠯᠠᠱᠠ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠪᠠ ︵ᠵᠠᠩ ᠭᠤᠸᠠᠩ ᠬᠤᠶ᠂ ᠵᠦ ᠸᠧᠶ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ ᠂ ᠸᠠᠩ ᠰᠢᠶᠤᠤ ᠳ᠋ᠦᠩ ᠣᠷᠣᠯᠴᠠᠵᠠᠶ︶᠃ 3 ᠰᠠᠷ᠎ᠠ ᠶᠢᠨ 6 ᠤ ᠡᠳᠦᠷ᠂ ᠯᠦᠸᠧ ᡁᠢ ᠸᠧᠶ ᠠᠯᠠᠱᠠ ᠪᠠᠷᠠᠭᠤᠨ ᠬᠤᠰᠢᠭᠤᠨ ᠤ ᠬᠤᠰᠢᠭᠤ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠤᠨ ᠬᠤᠷᠠᠯ ᠳᠤ ᠣᠷᠣᠯᠴᠠᠪᠠ︔ ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ︵ᠵᠠᠩ ᠭᠤᠸᠠᠩ ᠬᠤᠶ᠂ ᠵᠦ ᠸᠧᠶ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠂ ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ 3 ᠰᠠᠷ᠎ᠠ ᠶᠢᠨ 15 ᠤ ᠡᠳᠦᠷ᠂ ᠯᠦᠸᠧ ᡁᠢ ᠸᠧᠶ 2021 ᠣᠨ ᠤ ᠵᠠᠰᠠᠭ ᠤᠨ ᠣᠷᠳᠣᠨ ᠤ ᠪᠥᠬᠦ ᠪᠦᠷᠢᠯᠳᠦᠬᠦᠨ ᠤ ᠬᠤᠷᠠᠯ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ ︵ᠵᠠᠩ ᠭᠤᠸᠠᠩ ᠬᠤᠶ᠂ ᠵᠦ ᠸᠧᠶ ᠭᠠᠩ᠂ ᠲᠦᠪᠰᠢᠨ᠂ ᠤᠳᠬᠤᠨᠴᠢᠮᠡᠭ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠪᠠ︶᠃ 3 ᠰᠠᠷ᠎ᠠ ᠶᠢᠨ 18 ᠤ ᠡᠳᠦᠷ᠂ ᠭᠤᠤ ᠪᠥᠸᠧ ᠠᠯᠠᠱᠠ ᠪᠠᠷᠠᠭᠤᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ 3 ᠰᠠᠷ᠎ᠠ ᠶᠢᠨ 23 ᠤ ᠡᠳᠦᠷ᠂ ᠲᠦᠪᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠰᠤᠨ ᠤ ᠶᠠᠪᠤᠳᠠᠯ᠂ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠪᠠᠶᠠᠨᠭᠤᠤᠯ ᠰᠤᠮᠤᠨ ᠳᠤ ᠬᠦᠷᠴᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ 3 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠯᠦᠸᠧ ᡁᠢ ᠸᠧᠢ ᠠᠯᠳᠠᠨᠴᠤᠭ ᠰᠤᠮᠤᠨ ᠳᠤ ᠭᠦᠨᠵᠡᠭᠡᠶᠢᠷᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠲᠡᠮᠡᠭᠡᠨ ᠤ ᠠᠵᠤ ᠦᠢᠯᠡᠰ᠂ ᠡᠯᠡᠰᠦ ᠡᠪᠡᠰᠦᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ᠂ ᠠᠭᠤᠷᠬᠠᠢ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ︵ᠲᠦᠪᠰᠢᠨ᠂ ᠸᠠᠩ ᠰᠢᠶᠤᠤ ᠳ᠋ᠦᠩ ᠪᠠᠷ᠎ᠠ ᠪᠣᠯᠤᠭᠰᠠᠨ︶ 3 ᠰᠠᠷ᠎ᠠ ᠶᠢᠨ 28 ᠤ ᠡᠳᠦᠷ᠂ ᠠᠯᠠᠱᠠ ᠶᠢᠨ ᠨᠠᠢᠮᠠᠳᠤᠭᠠᠷ ᠬᠤᠭᠤᠴᠠᠭᠠᠨ ᠤ ︽ᠬᠤᠪᠢᠯᠭᠠᠨ ᠲᠡᠮᠡᠭᠡ︾ ᠶᠢᠨ ᠲᠠᠬᠢᠯᠭ᠎ᠠ ᠶᠢᠨ ᠠᠵᠢᠯᠯᠠᠭ᠎ᠠ ᠬᠠᠶᠢᠰᠤᠨ ᠴᠢᠯᠠᠭᠤᠨ ᠤ ᠨᠠᠭᠠᠳᠤᠮ ᠠᠯᠲᠠᠨᠴᠤᠭ ᠰᠤᠮᠤ ᠶᠢᠨ ᠨᠤᠭᠤᠭᠠᠨᠪᠤᠯᠠᠭ ᠭᠠᠴᠠᠭᠠᠨ ᠳᠤ ᠶᠠᠪᠤᠭᠳᠠᠪᠠ᠃ 3 ᠰᠠᠷ᠎ᠠ ᠶᠢᠨ 29 ᠤ ᠡᠳᠦᠷ᠂ ᠯᠦᠸᠧ ᡁᠢ ᠸᠧᠶ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 39 ᠳ᠋ᠤᠬᠡᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ ︵ᠵᠠᠩ ᠭᠤᠸᠠᠩ ᠬᠤᠢ᠂ ᠲᠦᠪᠰᠢᠨ᠂ ᠭᠤᠤ ᠪᠥᠸᠧ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠪᠠ︶
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号