ᠪᠢ ᠤᠯᠠᠨ ᠲᠦᠮᠡᠨ ᠳᠤ ᠪᠤᠳᠠᠳᠠᠢ ᠠᠵᠢᠯ ᠬᠢᠨ᠎ᠡ —  ᠠᠯᠠᠱᠠ ᠪᠠᠷᠠᠭᠤᠨ ᠬᠤᠰᠢᠭᠤ᠄ ᠠᠷᠪᠠᠨ ᠲᠦᠷᠦᠯ  ᠤᠨ ᠪᠤᠳᠠᠳᠠᠢ ᠠᠵᠢᠯ ᠢ ᠰᠠᠶᠢᠳᠦᠷ ᠬᠢᠵᠦ᠂ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ︾ ᠶᠢ ᠰᠠᠶᠢᠳᠤᠷ ᠪᠢᠴᠢᠭᠯᠡᠪᠡ
ᠨᠡᠶᠢᠲᠡᠯᠡᠭᠰᠡᠨ ᠴᠠᠭ᠄
2021/12/16
     ᠠᠯᠠᠱᠠ ᠪᠠᠷᠠᠭᠤᠨ ᠬᠤᠰᠢᠭᠤ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠲᠤᠳᠠᠭᠳᠠᠯ ᠢ ᠲᠦᠷᠭᠡᠪᠴᠢᠯᠡᠨ ᠨᠦᠬᠦᠪᠦᠷᠢᠯᠡᠵᠦ᠂ ᠪᠦᠬᠦ ᠬᠦᠴᠦᠨ ᠢᠶᠠᠷ ᠢᠶᠠᠨ ᠠᠷᠠᠳ ᠳᠤ ᠪᠤᠳᠠᠳᠠᠢ ᠠᠵᠢᠯ ᠬᠢᠬᠦ ᠲᠦᠰᠦᠪ ᠢ ᠠᠬᠢᠭᠤᠯᠵᠤ᠂ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠬᠠᠷᠢᠭᠤᠯᠬᠤ ᠪᠠᠷ ᠴᠢᠷᠮᠠᠶᠢᠵᠤ᠂ ᠵᠢᠯ ᠤᠨ ᠡᠬᠢᠨ ᠳᠤ ᠲᠣᠭᠲᠠᠭᠠᠭᠰᠠᠨ 2021 ᠣᠨ ᠤ ᠠᠷᠠᠳ ᠤᠨ ᠠᠮᠢᠳᠤᠷᠠᠯ ᠤᠨ  ᠪᠤᠳᠠᠳᠠᠢ ᠠᠵᠢᠯ ᠤᠨ ᠲᠥᠰᠥᠪ ᠢ ᠪᠦᠬᠦᠨ ᠢ ᠭᠦᠢᠴᠡᠳᠬᠡᠵᠦ ᠳᠠᠭᠤᠰᠬᠠᠪᠠ᠃
     ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤ ᠶᠢᠨ ᠬᠦᠳᠡᠭᠡᠬᠤᠳᠳᠤᠭ ᠭᠠᠴᠠᠭᠠᠨ ᠤ ᠮᠠᠯᠴᠢᠨ ᠲᠤᠤ ᠬᠠᠢ ᠶᠠᠨ ᠤ ᠭᠡᠷ ᠲᠤ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠬᠤ ᠬᠠᠪᠲᠠᠰᠤ ᠪᠣᠯᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠨᠢ ᠲᠡᠳᠡᠨ ᠤ ᠲᠡᠮᠡᠭᠡᠨ ᠤ ᠦᠢᠯᠡᠰ ᠢ ᠬᠥᠭᠵᠢᠭᠦᠯᠬᠦ ᠳᠤ ᠭᠦᠢᠴᠡᠳ ᠴᠠᠬᠢᠯᠭᠠᠨ ᠬᠠᠩᠭᠠᠵᠠᠢ᠃ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠤ ᠦᠢᠯᠡᠰ ᠤᠨ ᠰᠠᠭᠤᠷᠢᠨ ᠭᠠᠵᠠᠷ ᠤᠨ ᠰᠠᠯᠬᠢ ᠭᠡᠷᠡᠯ ᠤᠨ ᠡᠨᠧᠷᠬᠢ  ᠬᠠᠷᠢᠯᠴᠠᠨ ᠨᠥᠬᠦᠪᠥᠷᠢᠯᠡᠬᠦ ᠴᠠᠬᠢᠯᠭᠠᠨ ᠬᠦᠴᠦᠨ ᠢ ᠳᠡᠭᠡᠭᠰᠢᠯᠡᠭᠦᠯᠦᠨ ᠥᠭᠡᠷᠡᠴᠢᠯᠡᠬᠦ ᠲᠥᠰᠥᠪ ᠪᠣᠯ ᠠᠯᠠᠱᠠ ᠪᠠᠷᠠᠭᠤᠨ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠠᠷᠪᠠᠨ ᠪᠤᠳᠠᠳᠠᠢ ᠠᠵᠢᠯ ᠤᠨ ᠲᠥᠰᠥᠪ ᠤᠨ ᠨᠢᠭᠡ ᠪᠣᠯᠤᠨ᠎ᠠ᠂ ᠭᠤᠤᠯᠳᠠᠭᠤ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠠᠵᠤ ᠦᠢᠯᠡᠰ ᠤᠨ ᠰᠠᠭᠤᠷᠢᠨ ᠭᠠᠵᠠᠷ ᠲᠤ 10kw ᠰᠠᠯᠬᠢ ᠭᠡᠷᠡᠯ ᠤᠨ ᠡᠨᠧᠷᠬᠢ ᠬᠠᠷᠢᠯᠴᠠᠨ ᠨᠥᠬᠦᠪᠥᠷᠢᠯᠡᠬᠦ ᠴᠠᠬᠢᠯᠭᠠᠨ ᠭᠠᠷᠭᠠᠬᠤ ᠰᠢᠰᠲ᠋ᠧᠮ ᠢ 39 ᠢᠵᠢ ᠤᠭᠰᠠᠷᠠᠵᠤ᠂ ᠠᠵᠤ ᠦᠢᠯᠡᠰ ᠤᠨ ᠰᠠᠭᠤᠷᠢᠨ ᠭᠠᠵᠠᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠪᠡ᠃
     ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠤ ᠦᠢᠯᠡᠰ ᠤᠨ ᠰᠠᠭᠤᠷᠢᠨ ᠭᠠᠵᠠᠷ ᠤᠨ ᠰᠠᠯᠬᠢ ᠬᠡᠷᠡᠯ ᠤᠨ ᠡᠨᠧᠷᠬᠢ ᠬᠠᠷᠢᠯᠴᠠᠨ ᠨᠥᠬᠦᠪᠥᠷᠢᠯᠡᠬᠦ ᠴᠠᠬᠢᠯᠭᠠᠨ ᠬᠦᠴᠦᠨ ᠢ ᠳᠡᠭᠡᠭᠰᠢᠯᠡᠭᠦᠯᠦᠨ ᠥᠭᠡᠷᠡᠴᠢᠯᠡᠬᠦ ᠲᠥᠰᠥᠪ ᠢ ᠬᠡᠷᠡᠭᠵᠢᠭᠦᠯᠦᠭᠰᠡᠨ ᠢᠶᠠᠷ᠂ ᠠᠵᠤ ᠦᠢᠯᠡᠰ ᠤᠨ ᠰᠠᠭᠤᠷᠢᠨ ᠭᠠᠵᠠᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠵᠦ᠂ ᠵᠠᠬ᠎ᠠ ᠬᠢᠵᠠᠭᠠᠷ ᠣᠷᠣᠨ ᠤ ᠮᠠᠯᠴᠢᠨ ᠲᠠᠷᠢᠶᠠᠴᠢᠳ ᠲᠤ ᠴᠠᠬᠢᠯᠭᠠᠨ ᠬᠦᠴᠦᠨ ᠤ ᠦᠢᠯᠡᠴᠢᠯᠡᠭᠡ ᠬᠠᠩᠭᠠᠵᠤ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠠᠯᠠᠱᠠ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠪᠠ᠃
     ᠪᠠᠶᠠᠨᠭᠤᠣᠯ ᠰᠤᠮᠤ ᠶᠢᠨ ᠤᠯᠠᠭᠠᠨᠲᠠᠲᠠᠯ᠎ᠠ ᠭᠠᠴᠠᠭᠠᠨ ᠳᠤ᠂ ᠮᠠᠯᠴᠢᠨ ᠲᠠᠷᠢᠶᠠᠴᠢᠨ ᠭᠠᠴᠠᠭᠠᠨ ᠤ ᠵᠠᠬᠢᠷᠭᠠᠨ ᠳᠤ ᠢᠷᠡᠵᠤ ᠬᠤᠷᠠᠯ ᠳᠤ ᠣᠷᠣᠯᠴᠠᠬᠤ ᠪᠠᠷ ᠪᠡᠯᠡᠳᠬᠡᠪᠡ᠃ ᠭᠠᠴᠠᠭᠠᠨ ᠤ ᠠᠵᠢᠯᠲᠠᠳ ᠠᠯᠪᠠᠨ ᠺᠣᠮᠫᠢᠦ᠋ᠲ᠋ᠧᠷ ᠳᠡᠭᠡᠷ᠎ᠡ ᠠᠴᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠪᠠᠭᠤᠯᠭᠠᠨ ᠠᠪᠴᠤ ᠪᠣᠯᠤᠨ᠎ᠠ᠃ ᠡᠨᠡ ᠵᠢᠯ  ᠭᠠᠴᠠᠭᠠᠨ ᠳᠤ ᠠᠯᠠᠱᠠ ᠪᠠᠷᠠᠭᠤᠨ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠨ ᠲᠥᠰᠥᠪ ᠤᠨ ᠨᠢᠭᠡ ᠪᠣᠯᠬᠤ ︽ᠤᠶᠤᠨᠲᠤ ᠷᠠᠳᠢᠣ᠋ ᠲᠧᠯᠸᠢᠰ︾ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠪᠠ ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠭᠦᠯᠵᠦ᠂ ᠭᠠᠴᠠᠭᠠᠨ ᠤ ᠠᠵᠢᠯᠯᠠᠬᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠴᠠᠭ᠎ᠠ ᠪᠠ ᠭᠠᠳᠠᠨᠠᠬᠢ ᠶᠢᠨ ᠬᠠᠷᠢᠯᠴᠠᠭ᠎ᠠ ᠶᠢ ᠨᠠᠩ ᠲᠥᠬᠦᠮ ᠪᠣᠯᠭᠠᠪᠠ᠃
     ᠮᠠᠯᠵᠢᠬᠤ ᠣᠷᠣᠨ ᠤ ︽ᠤᠶᠤᠨᠲᠤ ᠷᠠᠳᠢᠣ᠋ ᠲᠧᠯᠸᠢᠰ︾ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠬᠢᠭᠡᠳ ᠦᠢᠯᠡᠴᠢᠯᠡᠭᠡᠨ ᠤ ᠢᠨᠵᠧᠨᠧᠷᠢᠩ᠃ ᠶᠡᠷᠦᠩᠬᠡᠶ ᠪᠠᠯᠠ ᠣᠷᠣᠭᠤᠯᠤᠯᠲᠠ ᠨᠢ 1100 ᠲᠦᠮᠡᠨ ᠲᠥᠭᠦᠷᠢᠭ ᠪᠠᠶᠢᠵᠤ᠂ ᠪᠥᠬᠦ ᠬᠤᠰᠢᠭᠤᠨ ᠤ 7 ᠰᠤᠮᠤ ᠪᠠᠯᠭᠠᠰᠤ᠂ 40 ᠭᠠᠴᠠᠭ᠎ᠠ ᠲᠣᠰᠬᠤᠨ᠂ 1092 ᠡᠷᠦᠬᠡ ᠲᠠᠷᠬᠠᠨ ᠰᠠᠭᠤᠷᠢᠰᠢᠭᠰᠠᠨ ᠮᠠᠯᠴᠢᠳ ᠲᠤ ᠬᠤᠯᠪᠣᠭᠳᠠᠨ᠎ᠠ᠃ ᠲᠦᠮᠡᠨ ᠮᠧᠭ᠎ᠠ ᠶᠢ ᠬᠤᠰᠢᠭᠤ ᠰᠢᠶᠠᠨ ᠳᠤ᠂ ᠮᠢᠩᠭᠠᠨ ᠮᠧᠭ᠎ᠠ ᠶᠢ ᠰᠤᠮᠤ ᠪᠠᠯᠭᠠᠰᠤᠨ ᠳᠤ᠂ ᠵᠠᠭᠤᠨ  ᠮᠧᠭ᠎ᠠ ᠶᠢ ᠭᠠᠴᠠᠭ᠎ᠠ ᠲᠣᠰᠬᠤᠨ ᠳᠤ ᠪᠠᠶᠢᠭᠤᠯᠬᠤ ᠪᠠᠷ ᠳᠠᠮᠵᠢᠭᠤᠯᠤᠨ᠂ ᠮᠠᠯᠴᠢᠨ ᠡᠷᠦᠬᠡ  ᠳᠤ 20 ᠮᠧᠭ᠎ᠠ ᠶᠢᠨ ᠤᠲᠠᠰᠤ ᠪᠠ ᠤᠲᠠᠰᠤ ᠥᠬᠡᠶ ᠠᠭᠤᠰᠤᠯᠴᠠᠭᠰᠠᠨ ᠥᠷᠭᠡᠨ ᠪᠦᠰᠡᠲᠦ ᠰᠦᠯᠵᠢᠶ᠎ᠡ ᠶᠢ ᠤᠷᠤᠭᠤᠯᠵᠤ᠂ ᠵᠠᠰᠠᠭ ᠤᠨ ᠬᠡᠷᠡᠭᠯᠡᠭᠡᠨ ᠤ᠂ ᠬᠤᠳᠠᠯᠳᠤᠭᠠᠨ ᠤ ᠬᠡᠷᠡᠭᠯᠡᠭᠡᠨ ᠤ᠂ ᠠᠷᠠᠳ ᠤᠨ ᠬᠡᠷᠡᠭᠯᠡᠭᠡᠨ ᠤ ᠣᠯᠠᠨ ᠨᠡᠶᠢᠲᠡ ᠶᠢᠨ  ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠵᠢᠴᠢ ᠪᠤᠶᠢᠳᠠ ᠪᠥᠭᠯᠡᠭᠦᠤ ᠭᠠᠵᠠᠷ ᠣᠷᠣᠨ ᠤ ᠥᠷᠭᠡᠨ ᠪᠦᠰᠡᠲᠦ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠪᠦᠰᠡᠲᠦ ᠰᠦᠯᠵᠢᠶ᠎ᠡ ᠶᠢᠨ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠣᠳᠣᠬᠠᠨ ᠳᠤ ᠲᠣᠰ ᠲᠥᠰᠥᠪ ᠢ ᠪᠦᠬᠦᠨ ᠢ ᠪᠡᠶᠡᠯᠡᠭᠦᠯᠪᠡ᠃      ᠠᠯᠠᠱᠠ ᠪᠠᠷᠠᠭᠤᠨ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠨ ᠲᠥᠰᠥᠪ ᠨᠢ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠨᠡᠶᠢᠭᠡᠮ ᠤᠨ ᠦᠢᠯᠡᠰ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶ᠎ᠡ ᠴᠠᠷᠠᠭᠠᠨ ᠳᠤ ᠬᠤᠯᠪᠣᠭᠳᠠᠨ᠎ᠠ᠃ ᠣᠳᠣ ᠪᠣᠯᠲᠠᠯ᠎ᠠ᠂ ᠪᠠᠳᠠᠶ ᠶᠢᠨ ᠵᠢᠷᠠᠨ ᠪᠠᠯᠭᠠᠰᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠠᠳᠠᠶ ᠶᠢᠨ ᠵᠢᠷᠠᠨ ᠪᠠᠯᠭᠠᠰᠤᠨ ᠤ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠵᠦ ᠲᠥᠪᠬᠢᠨᠡᠭᠦᠯᠬᠦ ᠲᠣᠭᠤᠷᠢᠭ ᠤᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠠᠰᠤᠭ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠮᠵᠡᠭ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ᠂ ᠪᠠᠳᠠᠶ ᠶᠢᠨ ᠵᠢᠷᠠᠨ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠵᠡᠭᠡᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠂ ᠪᠥᠬᠦ ᠬᠤᠰᠢᠭᠤᠨ ᠤ ᠲᠠᠷᠠᠬᠠᠶ ᠪᠤᠲᠠᠷᠬᠠᠶ ᠮᠠᠯᠵᠢᠬᠤ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠂ ᠬᠠᠤᠯᠢ ᠴᠠᠭᠠᠵᠠ ᠶᠢᠨ ᠲᠤᠰᠠᠯᠠᠮᠵᠢ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠤ ᠦᠢᠯᠡᠰ ᠤᠨ ᠰᠠᠭᠤᠷᠢᠨ ᠭᠠᠵᠠᠷ ᠤᠨ ᠰᠠᠯᠬᠢ ᠭᠡᠷᠡᠯ ᠤᠨ ᠡᠨᠧᠷᠬᠢ ᠬᠠᠷᠢᠯᠴᠠᠨ ᠨᠥᠬᠦᠪᠥᠷᠢᠯᠡᠬᠦ ᠴᠠᠬᠢᠯᠭᠠᠨ ᠬᠦᠴᠦᠨ ᠢ ᠳᠡᠭᠡᠭᠰᠢᠯᠡᠭᠦᠯᠦᠨ ᠥᠭᠡᠷᠡᠴᠢᠯᠡᠬᠦ᠂ ᠮᠠᠯᠵᠢᠬᠤ ᠣᠷᠣᠨ ᠤ ︽ᠤᠶᠤᠨᠲᠤ ᠷᠠᠳᠢᠣ᠋ ᠲᠧᠯᠸᠢᠰ︾ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠬᠢᠭᠡᠳ ᠦᠢᠯᠡᠴᠢᠯᠡᠭᠡᠨ ᠤ ᠢᠨᠵᠧᠨᠧᠷᠢᠩ ᠵᠡᠷᠭᠡ ᠠᠷᠠᠳ ᠤᠨ ᠠᠮᠢᠳᠤᠷᠠᠯ ᠤᠨ ᠠᠷᠪᠠᠨ ᠲᠥᠰᠥᠪ ᠢ ᠪᠦᠬᠦᠨ ᠢ ᠭᠦᠢᠴᠡᠳᠬᠡᠵᠦ ᠳᠠᠭᠤᠰᠬᠠᠪᠠ᠃ ᠠᠷᠠᠳ ᠤᠨ ᠠᠮᠢᠳᠤᠷᠠᠯ ᠤᠨ ᠪᠤᠳᠠᠳᠠᠢ ᠠᠵᠢᠯ ᠤᠳ ᠤᠨ ᠲᠥᠰᠥᠪ ᠢ ᠬᠡᠷᠡᠭᠵᠢᠭᠦᠯᠦᠭᠰᠡᠨ ᠢᠶᠠᠷ ᠬᠤᠳᠠ ᠬᠥᠳᠡᠭᠡ ᠶᠢᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号