ᠬᠠᠨ ᠸᠧᠶ ᠰᠢᠨ ᠠᠯᠠᠱᠠ ᠪᠠᠷᠠᠭᠤᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/12/16
     12 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠸᠧᠶ ᠰᠢᠨ ᠥᠪᠥᠷ ᠮᠣᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ᠂ ᠠᠯᠠᠱᠠ ᠪᠠᠷᠠᠭᠤᠨ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠵᠢᠶᠦ᠋ᠨ ᠮᠧᠶ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠣᠷᠣᠯᠠᠭᠴᠢ ᠳᠠᠷᠤᠭ᠎ᠠ ᠵᠢᠶᠠᠩ ᠪᠢᠩ ᠵᠢᠶᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠱᠣᠤ ᠴᠦᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠥᠪᠥᠷ ᠮᠣᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠬᠠᠨ ᠸᠧᠶ ᠰᠢᠨ ᠵᠢᠭᠠᠵᠤ ᠭᠠᠷᠭᠠᠭᠰᠠᠨ ᠨᠢ᠂ ᠠᠯᠠᠱᠠ ᠪᠠᠷᠠᠭᠤᠨ ᠬᠤᠰᠢᠭᠤᠨ ᠤ ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠠᠵᠢᠯ ᠤᠨ ᠲᠣᠭᠤᠷᠢᠨ ᠳᠤ ᠬᠤᠤᠰ ᠪᠥᠬᠦᠲᠦ ᠲᠡᠮᠡᠭᠡᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ︽ᠠᠷᠠᠳ ᠢ ᠪᠠᠶᠠᠵᠢᠭᠤᠯᠬᠤ ᠨᠠᠮ ᠤᠨ ᠪᠠᠶᠢᠭᠤᠯᠤᠯᠲᠠ︾ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠲᠡᠳᠬᠦᠨ ᠪᠤᠵᠠᠭᠠᠶᠢᠷᠠᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠤᠨᠴᠠᠯᠢᠬᠳᠤ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠵᠤ ᠦᠨᠡᠨ ᠪᠣᠳᠠᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠡᠷᠡ ᠴᠢᠬᠤᠯᠠᠴᠢᠯᠠᠭᠰᠠᠨ ᠨᠢ᠂ ᠠᠯᠠᠱᠠ ᠪᠠᠷᠠᠭᠤᠨ ᠬᠤᠰᠢᠭᠤᠨ ᠳᠤ ᠪᠦᠬᠦ ᠤᠯᠤᠰ ᠤᠨ ᠠᠩᠬᠠᠳᠠᠭᠴᠢ ᠲᠡᠮᠡᠭᠡᠨ ᠤ ᠰᠤᠳᠤᠯᠭᠠᠨ ᠤ ᠬᠦᠷᠢᠶᠡᠯᠡᠩ ᠲᠠᠢ᠂ ᠰᠤᠳᠤᠯᠭᠠᠨ ᠤ ᠬᠦᠷᠢᠶᠡᠯᠡᠩ ᠤᠨ ᠲᠡᠮᠡᠭᠡᠨ ᠤ ᠠᠵᠤ ᠦᠢᠯᠡᠰ ᠤᠨ ᠬᠡᠪᠴᠢᠶᠡᠵᠢᠯᠲᠡ᠂ ᠨᠠᠷᠠᠲᠤ ᠲᠡᠮᠳᠡᠭᠵᠢᠯᠲᠡ᠂ ᠳᠡᠭᠡᠳᠦ ᠲᠠᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ + ᠠᠵᠤ ᠦᠢᠯᠡᠰ︾ ᠤᠨ ᠠᠵᠢᠯ ᠢ ᠪᠣᠳᠠᠲᠠᠶᠢᠵᠢᠭᠤᠯᠤᠨ ᠰᠠᠶᠢᠲᠤᠷ ᠬᠢᠵᠦ᠂ ᠴᠢᠳᠠᠪᠤᠷᠢᠲᠠᠨ ᠢ ᠬᠥᠮᠦᠵᠢᠭᠦᠯᠬᠦ᠂ ᠲᠥᠰᠥᠪ ᠢ ᠠᠬᠢᠭᠤᠯᠬᠤ᠂ ᠬᠥᠲᠥᠯᠦᠨ ᠳᠠᠭᠠᠭᠤᠯᠬᠤ ᠶᠢ ᠴᠢᠩᠭᠠᠳᠬᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠲᠡᠮᠡᠭᠡᠨ ᠤ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠩ ᠣᠯᠠᠨ ᠭᠠᠴᠠᠭ᠎ᠠ ᠲᠣᠰᠬᠤᠨ ᠵᠢᠴᠢ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃
     ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠠᠨ ᠸᠧᠶ ᠰᠢᠨ ᠠᠯᠠᠱᠠ ᠪᠠᠷᠠᠭᠤᠨ ᠬᠤᠰᠢᠭᠤᠨ ᠤ ︽ᠨᠠᠮ ᠤᠨ ᠪᠠᠶᠢᠭᠤᠯᠤᠯᠲᠠ +︾ ᠳᠤ ᠲᠦᠰᠢᠭᠯᠡᠨ᠂ ᠣᠯᠠᠨ ᠴᠢᠳᠠᠮᠵᠢᠳᠤ ᠣᠯᠠᠨ ᠡᠰᠢᠵᠢᠭᠰᠡᠨ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠥᠪ ᠢ ᠪᠠᠶᠢᠭᠤᠯᠬᠤ ᠪᠠᠷ ᠬᠦᠴᠦᠯᠡᠨ ᠴᠢᠷᠮᠠᠶᠢᠭᠰᠠᠨ ᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠡᠳᠬᠢᠯ ᠪᠣᠯᠤᠨ ᠠᠷᠠᠳ ᠤᠨ ᠰᠡᠳᠬᠢᠯ ᠢ ᠨᠢᠭᠲᠠᠷᠠᠭᠤᠯᠬᠤ ᠬᠥᠭᠦᠷᠭᠡ ᠬᠤᠯᠪᠣᠭᠠᠰᠤ ᠮᠥᠨ᠂ ᠨᠠᠮ ᠤᠨ ᠭᠡᠰᠢᠭᠦᠨ ᠣᠯᠠᠨ ᠲᠦᠮᠡᠨ ᠲᠠᠢ ᠬᠠᠷᠢᠯᠴᠠᠬᠤ ᠭᠤᠤᠯ ᠵᠢᠭᠰᠠᠭᠠᠯ ᠤᠨ ᠭᠠᠵᠠᠷ ᠮᠥᠨ᠂ ᠠᠭᠤᠰᠤᠯᠴᠠᠯ ᠤᠨ ᠴᠢᠨᠠᠷ ᠢ ᠳᠣᠪᠤᠶᠢᠯᠭᠠᠵᠤ᠂ ︽ᠲᠠᠪᠤᠨ ᠭᠤᠷᠪᠠ︾ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠳᠤ ᠥᠨᠳᠥᠷ ᠪᠦᠲᠦᠮᠵᠢᠲᠡᠶ ᠳᠥᠭᠦᠮ ᠳᠥᠲᠡ᠂ ᠦᠨᠳᠦᠷ ᠴᠢᠨᠠᠷ ᠰᠠᠶᠢᠲᠠᠶ ︽ᠬᠠᠯᠠᠭᠤᠨ ᠳᠤᠯᠠᠭᠠᠨ ᠬᠡᠷ ᠣᠷᠣᠨ︾ ᠢ ᠪᠠᠶᠢᠭᠤᠯᠵᠤ ᠥᠭᠬᠦ ᠬᠡᠷᠡᠭᠲᠡᠶ︔ ᠬᠤᠯᠪᠣᠭᠠᠯᠠᠨ ᠬᠥᠳᠡᠯᠦᠯᠴᠡᠬᠦ ᠴᠢᠨᠠᠷ ᠢ ᠢᠯᠡᠷᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠷᠴᠢᠮᠯᠢᠭ ᠠᠰᠢᠭᠯᠠᠬᠤ᠂ ᠤᠯᠠᠨ ᠲᠦᠮᠡᠨ ᠬᠠᠨᠤᠮᠵᠢᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠨᠡᠴᠢᠯᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠡᠷᠡᠭᠯᠡᠭᠡᠨ ᠤ ᠴᠢᠨᠠᠷ ᠢ ᠴᠢᠬᠤᠯᠠᠴᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠮ ᠤᠨ ᠭᠡᠰᠢᠭᠦᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号