ᠯᠦᠸᠧ ᡁᠢ ᠸᠧᠶ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ | ᠵᠠᠩ ᠭᠤᠸᠠᠩ ᠬᠤᠶ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠤ | ᠳᠡᠳ᠋ ᠳᠠᠷᠤᠭ᠎ᠠ | ᠵᠤ ᠸᠧᠶ ᠭᠠᠩ᠄ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠤ ᠳᠡᠳ᠋ | ᠳᠠᠷᠤᠭ᠎ᠠ | ᠲᠦᠪᠰᠢᠨ᠄ ᠬᠤᠰᠢᠭᠤᠨ ᠤ ᠳᠡᠳ᠋ ᠳᠠᠷᠤᠭ᠎ᠠ | ᠣᠲᠣ ᠶᠢᠨ ᠴᠢᠮᠡᠭ᠄ ᠬᠤᠰᠢᠭᠤᠨ ᠤ ᠳᠡᠳ᠋ ᠳᠠᠷᠤᠭ᠎ᠠ | ᠬᠤᠤ ᠱᠢ ᠸᠧᠶ᠄ ᠬᠤᠰᠢᠭᠤᠨ ᠤ ᠳᠡᠳ᠋ ᠳᠠᠷᠤᠭ᠎ᠠ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠺᠠᠩ ᠵᠢᠶᠠᠨ ᠵᠢᠶᠦ᠋ᠨ᠄ ᠬᠤᠰᠢᠭᠤᠨ ᠤ ᠳᠡᠳ᠋ ᠳᠠᠷᠤᠭ᠎ᠠ ᠳᠠᠷᠤᠭ᠎ᠠ | ᠸᠠᠩ ᠰᠢᠶᠤᠤ ᠳ᠋ᠦᠩ᠄ ᠬᠤᠰᠢᠭᠤᠨ ᠤ ᠳᠡᠳ᠋ ᠳᠠᠷᠤᠭ᠎ᠠ ᠳᠠᠷᠤᠭ᠎ᠠ | | | 3 ᠰᠠᠷ᠎ᠠ ᠶᠢᠨ 31 ᠤ ᠡᠳᠦᠷ᠂ ᠯᠦᠸᠧ ᡁᠢ ᠸᠧᠶ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠳᠤ ᠣᠷᠣᠯᠴᠠᠪᠠ ︵ᠵᠠᠩ ᠭᠤᠸᠠᠩ ᠬᠤᠶ᠂ ᠲᠦᠪᠰᠢᠨ᠂ ᠺᠠᠩ | ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠪᠠ︶᠃ | 4 ᠰᠠᠷ᠎ᠠ ᠶᠢᠨ 2 ᠤᠨ ᠡᠳᠦᠷ᠂ ᠯᠦᠸᠧ ᡁᠢ ᠸᠧᠶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 82 ᠳ᠋ᠤᠭᠠᠷ ᠤᠳᠠᠭᠠᠨ ᠤ ᠳᠣᠭᠢᠷᠠᠭᠤᠯᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠪᠠ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ ︵ᠵᠠᠩ | ᠭᠤᠸᠠᠩ ᠬᠤᠶ᠂ ᠲᠦᠪᠰᠢᠨ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ | 4 ᠰᠠᠷ᠎ᠠ ᠶᠢᠨ 5 ᠤ ᠡᠳᠦᠷ᠂ ᠠᠯᠠᠱᠠ ᠪᠠᠷᠠᠭᠤᠨ ᠬᠤᠰᠢᠭᠤᠨ ᠤ ᠬᠤᠶᠠᠳᠤᠭᠠᠷ ᠱᠠᠲᠤᠨ ᠤ ᠭᠤᠤᠯᠳᠠᠯᠭ᠎ᠠ ᠲᠠᠢ ᠬᠥᠮᠦᠰ ᠤᠨ | ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ 1200 ᠲᠠᠷᠢᠯᠭ᠎ᠠ ᠶᠢᠨ ᠠᠵᠢᠯ ᠢ ᠳᠠᠭᠤᠰᠬᠠᠪᠠ᠃ | 4 ᠰᠠᠷ᠎ᠠ ᠶᠢᠨ 9 ᠤ ᠡᠳᠦᠷ᠂ ᠠᠯᠠᠱᠠ ᠪᠠᠷᠠᠭᠤᠨ ᠬᠤᠰᠢᠭᠤᠨ ᠤ 2021 ᠣᠨ ᠤ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠵᠡᠭᠦᠨ ᠲᠣᠭᠤᠷᠢᠯ ᠵᠠᠮ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠪᠥᠬᠦ ᠲᠠᠯ᠎ᠠ ᠪᠠᠷ | ᠡᠬᠢᠯᠡᠪᠡ᠃ | 4 ᠰᠠᠷ᠎ᠠ ᠶᠢᠨ 14 ᠤ ᠡᠳᠦᠷ᠂ ᠯᠦᠸᠧ ᡁᠢ ᠸᠧᠶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2021 ᠣᠨ ᠤ 4 ᠳ᠋ᠤᠭᠡᠷ ᠤᠳᠠᠭᠠᠨ ᠤ ᠬᠤᠷᠠᠯ ᠢ ᠡᠷᠭᠢᠯᠡᠪᠡ ︵ᠲᠦᠪᠰᠢᠨ᠂ ᠬᠤᠤ ᠱᠢ | ᠸᠧᠶ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ ᠭᠤᠤ ᠪᠥᠸᠧ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ᠂ ᠠᠯᠠᠱᠠ ᠪᠠᠷᠠᠭᠤᠨ | ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠢ ᠳᠥᠯᠭᠢᠨ | ᠠᠬᠢᠭᠤᠯᠬᠤ ᠬᠤᠷᠠᠯ ᠳᠤ ᠣᠷᠣᠯᠴᠠᠪᠠ᠃ ᠲᠠᠮᠰᠤᠭᠪᠤᠯᠠᠭ ᠤᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠰᠥᠪ | ᠪᠥᠬᠦ ᠲᠠᠯ᠎ᠠ ᠪᠠᠷ ᠠᠭᠢᠬᠤ ᠱᠠᠲᠤᠨ ᠳᠤ ᠣᠷᠣᠪᠠ᠃ | 4 ᠰᠠᠷ᠎ᠠ ᠶᠢᠨ 15 ᠤ ᠡᠳᠦᠷ᠂ ᠲᠦᠪᠰᠢᠨ ᠠᠯᠠᠱᠠ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠬᠤᠶᠠᠳᠤᠭᠠᠷ ᠤᠳᠠᠭᠠᠨ ᠤ | ᠬᠤᠷᠠᠯ ᠳᠤ ᠰᠤᠯᠠ ᠣᠷᠣᠯᠴᠠᠪᠠ᠃ | 4 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠰᠢᠨ ᠰᠢᠶᠤᠤ ᠷᠦᠢ ᠠᠯᠠᠱᠠ ᠪᠠᠷᠠᠭᠤᠨ ᠬᠤᠰᠢᠭᠤᠨ ᠤ ᠬᠤᠰᠢᠭᠤ᠂ ᠰᠤᠮᠤ ᠪᠠᠯᠭᠠᠰᠤᠨ ᠳᠤ ᠬᠦᠷᠴᠦ ᠬᠤᠭᠤᠴᠠᠭ᠎ᠠ | ᠰᠣᠯᠢᠬᠤ ᠵᠢᠴᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ ︵ | ᠯᠦᠸᠧ ᡁᠢ ᠸᠧᠶ᠂ ᠸᠠᠩ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ︶᠃ ᠯᠦᠸᠧ ᡁᠢ ᠸᠧᠶ ᠠᠯᠲᠠᠨᠴᠤᠭ | ᠰᠤᠮᠤᠨ ᠳᠤ ᠭᠦᠨᠵᠡᠭᠡᠶᠢᠷᠡᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠨ᠎ᠡ︾ ᠭᠡᠬᠦ ᠰᠠᠨᠠᠯ ᠬᠤᠷᠢᠶᠠᠬᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠥᠷᠭᠡᠨ ᠳᠡᠯᠭᠡᠷ ᠰᠠᠨᠠᠯ ᠰᠠᠨᠠᠭᠤᠯᠭ᠎ᠠ ᠬᠤᠷᠢᠶᠠᠪᠠ ︵ᠲᠦᠪᠰᠢᠨ ᠪᠠᠷ᠎ᠠ ᠪᠣᠯᠪᠠ︶᠃ | 4 ᠳ᠋ᠤᠭᠡᠷ ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ | ᠵᠥᠪᠯᠡᠯ ᠤᠨ ᠳᠡᠳ᠋ ᠡᠷᠬᠢᠯᠡᠭᠴᠢ ᠶᠣᠣ ᠶᠠ ᠫᠢᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠴᠠᠰᠤᠲᠠᠶ᠂ ᠵᠠᠶᠠᠭ᠎ᠠ ᠨᠠᠷ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯᠯᠠᠬᠤ ᠵᠥᠪᠯᠡᠯ ᠤᠨ ᠳᠡᠳ᠋ ᠡᠷᠬᠢᠯᠡᠭᠴᠢ ᠯᠢᠦ ᠰᠢᠶᠤᠤ ᠳ᠋ᠦᠩ ᠲᠠᠢ ᠬᠠᠮᠲᠤ᠂ | ᠠᠯᠠᠱᠠ ᠪᠠᠷᠠᠭᠤᠨ ᠬᠤᠰᠢᠭᠤᠨ ᠳᠤ ᠢᠷᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠳᠠᠶ ᠶᠢᠨ | ᠵᠢᠷᠠᠨ ᠤ ᠡᠯᠡᠰᠦ ᠮᠠᠩᠬᠠᠨ ᠤ ᠨᠠᠭᠤᠷ ᠴᠥᠭᠦᠷᠥᠮ ᠢ ᠬᠠᠮᠠᠭᠠᠯᠠᠬᠤ ᠲᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ | ᠰᠤᠳᠤᠯᠤᠯᠲᠠ ᠬᠢᠪᠠ ︵ᠵᠠᠩ ᠭᠤᠸᠠᠩ ᠬᠤᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ︶᠃ ᠺᠠᠩ ᠵᠢᠶᠠᠨ ᠵᠢᠶᠦ᠋ᠨ | ᠠᠯᠠᠱᠠ ᠪᠠᠷᠠᠭᠤᠨ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ︽ᠪᠠᠭᠠᠴᠤᠳ ᠤᠨ ᠴᠡᠷᠢᠭ ᠤᠨ | ᠰᠤᠷᠭᠠᠭᠤᠯᠢ︾ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | 4 ᠰᠠᠷ᠎ᠠ ᠶᠢᠨ 28 ᠤ ᠡᠳᠦᠷ᠂ ᠯᠦᠸᠧ ᡁᠢ ᠸᠧᠶ 12 ᠳ᠋ᠤᠭᠠᠷ ᠬᠤᠭᠤᠴᠠᠭᠠᠨ ᠤ ᠵᠠᠰᠠᠭ ᠤᠨ ᠣᠷᠳᠣᠨ ᠤ 40 ᠳ᠋ᠤᠭᠡᠷ | ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | 4 ᠰᠠᠷ᠎ᠠ ᠶᠢᠨ 29 ᠤ ᠡᠳᠦᠷ᠂ ᠵᠠᠩ ᠭᠤᠸᠠᠩ ᠬᠤᠶ ᠪᠥᠬᠦ ᠬᠤᠰᠢᠭᠤᠨ ᠤ ᠬᠤᠶᠠᠳᠤᠭᠠᠷ ᠤᠯᠠᠷᠢᠯ ᠤᠨ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠪᠡ᠃ ᠪᠥᠬᠦ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠰᠢᠰᠲ᠋ᠧᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠶ᠎ᠠ︾ ᠭᠡᠬᠦ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠰᠣᠯᠢᠯᠴᠠᠭ᠎ᠠ ᠶᠢᠨ ᠶᠠᠷᠢᠯᠴᠠᠬᠤ ᠬᠤᠷᠠᠯ ᠠᠯᠠᠱᠠ | ᠪᠠᠷᠠᠭᠤᠨ ᠬᠤᠰᠢᠭᠤᠨ ᠳᠤ ᠬᠤᠷᠠᠯᠳᠤᠪᠠ᠃ ︵ᠺᠠᠩ ᠵᠢᠶᠠᠨ ᠵᠢᠶᠦ᠋ᠨ ᠣᠷᠣᠯᠴᠠᠪᠠ︶ | 5 ᠰᠠᠷ᠎ᠠ ᠶᠢᠨ 7 ᠤ ᠡᠳᠦᠷ᠂ ᠯᠦᠸᠧ ᡁᠢ ᠸᠧᠶ ᠪᠦᠭᠦ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠤᠰᠬᠠᠶ ᠮᠡᠳᠡᠭᠦᠯᠦᠯᠲᠡ ᠶᠢ ᠰᠣᠨᠣᠰᠪᠠ᠃ | 5 ᠰᠠᠷ᠎ᠠ ᠶᠢᠨ 9 ᠤ ᠡᠳᠦᠷ᠂ ᠯᠦᠸᠧ ᡁᠢ ᠸᠧᠶ ᠮᠠᠨᠳᠤᠯ ᠰᠤᠮᠤᠨ ᠳᠤ ᠬᠦᠷᠴᠦ ᠰᠤᠮᠤᠨ ᠤ ᠬᠤᠭᠤᠴᠠᠭ᠎ᠠ ᠰᠣᠯᠢᠬᠤ᠂ | ᠨᠠᠮ ᠤᠨ ᠲᠡᠤᠬᠡ ᠶᠢᠨ ᠬᠥᠮᠦᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠪᠠ᠃ ᠸᠠᠩ ᠰᠢᠶᠤᠤ ᠳ᠋ᠦᠩ ︽ᠲᠡᠮᠡᠭᠡᠨ ᠡᠷᠳᠡᠨᠢ ᠶᠢᠨ ᠭᠤᠶᠣᠯᠠᠯ ᠤᠨ ᠡᠳ᠋ ᠤᠨ ᠬᠠᠶᠢᠷ᠎ᠠ | ᠬᠠᠯᠠᠮᠵᠢ ᠶᠢ ᠡᠵᠢ ᠳᠡᠭᠡᠨ ᠡᠷᠭᠦᠬᠦ︾ ᠵᠢᠴᠢ 2021 ᠣᠨ ᠤ ᠠᠯᠠᠱᠠ ᠪᠠᠷᠠᠭᠤᠨ ᠬᠤᠰᠢᠭᠤᠨ ᠤ ︽ᠬᠠᠮᠤᠭ ᠤᠨ ᠭᠤᠶᠣ | ᠡᠵᠢ︾ ᠱᠠᠩᠨᠠᠯ ᠣᠯᠭᠤᠬᠤ ᠦᠳᠡᠰᠢᠯᠡᠭᠡ ᠳᠤ ᠣᠷᠣᠯᠴᠠᠵᠤ᠂ ᠠᠯᠠᠱᠠ ᠪᠠᠷᠠᠭᠤᠨ ᠬᠤᠰᠢᠭᠤᠨ ᠤ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠶᠢ | ᠰᠡᠬᠦᠭᠰᠡᠨ ᠪᠥᠭᠡᠳ ᠪᠠᠶᠠᠷ ᠤᠨ ᠦᠭᠡ ᠬᠡᠯᠡᠵᠡᠶ᠃ | 5 ᠰᠠᠷ᠎ᠠ ᠶᠢᠨ 17 ᠤ ᠡᠳᠦᠷ᠂ ᠵᠠᠩ ᠭᠤᠸᠠᠩ ᠬᠤᠶ ᠠᠯᠠᠱᠠ ᠪᠠᠷᠠᠭᠤᠨ ᠬᠤᠰᠢᠭᠤᠨ ᠤ 2021 ᠣᠨ ᠤ ᠪᠥᠬᠦ | ᠬᠤᠰᠢᠭᠤᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠃ | 5 ᠰᠠᠷ᠎ᠠ ᠶᠢᠨ 19 ᠤ ᠡᠳᠦᠷ᠂ ᠺᠠᠩ ᠵᠢᠶᠠᠨ ᠵᠢᠶᠦ᠋ᠨ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ · ᠪᠠᠳᠠᠢ ᠶᠢᠨ | ᠵᠢᠷᠠᠨ︾ ᠤ ᠡᠩ ᠤᠨ ᠰᠢᠦᠳᠠᠨ ᠲᠡᠮᠳᠡᠭ ᠢ ᠠᠩᠬ᠎ᠠ ᠲᠠᠷᠬᠠᠭᠠᠬᠤ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠦᠳᠠᠨ ᠲᠡᠮᠳᠡᠭ ᠢ ᠨᠤᠭᠤᠯᠤᠨ ᠪᠤᠳᠤᠬᠤ ᠲᠠᠷᠬᠠᠭᠠᠯᠲᠠ ᠶᠢᠨ | ᠶᠣᠰᠣᠯᠠᠯ ᠳᠤ ᠣᠷᠣᠯᠴᠠᠪᠠ᠃ | 5 ᠰᠠᠷ᠎ᠠ ᠶᠢᠨ 20 ᠤ ᠡᠳᠦᠷ᠂ ᠯᠦᠸᠧ ᡁᠢ ᠸᠧᠶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2021 ᠣᠨ ᠤ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ︵ᠵᠠᠩ | ᠭᠤᠸᠠᠩ ᠬᠤᠶ᠂ ᠲᠦᠪᠰᠢᠨ᠂ ᠺᠠᠩ ᠵᠢᠶᠠᠨ ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ ᠬᠤᠤ ᠱᠢ ᠸᠧᠢ ᠠᠯᠠᠱᠠ | ᠪᠠᠷᠠᠭᠤᠨ ᠬᠤᠰᠢᠭᠤᠨ ᠤ ︽ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠤᠨ ᠶᠡᠭᠡ ᠬᠢᠴᠢᠶᠡᠯ ᠤᠨ ᠲᠠᠩᠬᠢᠮ︾ ᠤᠨ | ᠲᠤᠰᠬᠠᠢ ᠰᠡᠳᠦᠪᠲᠦ ᠲᠠᠶᠢᠯᠤᠮᠵᠢ ᠳᠤ ᠣᠷᠣᠯᠴᠠᠪᠠ᠃ | 5 ᠰᠠᠷ᠎ᠠ ᠶᠢᠨ 21 ᠤ ᠡᠳᠦᠷ᠂ ᠠᠯᠠᠱᠠ ᠪᠠᠷᠠᠭᠤᠨ ᠬᠤᠰᠢᠭᠤᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ | ᠪᠡᠯᠭᠡᠯᠡᠬᠦ ᠱᠠᠭ᠎ᠠ ᠶᠢᠨ ᠨᠠᠭᠠᠳᠤᠮ ᠤᠨ ᠤᠷᠤᠯᠳᠤᠭᠠᠨ ᠶᠠᠪᠤᠭᠳᠠᠪᠠ᠃ | 5 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠯᠠᠱᠠ ᠠᠶᠢᠮᠠᠭ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠴᠧᠨ ᠸᠤᠨ ᠪᠢᠨ ᠬᠠᠤᠯᠢ ᠬᠡᠷᠡᠭᠵᠢᠭᠦᠯᠦᠯᠲᠡ ᠶᠢ | ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠠᠯᠠᠱᠠ ᠪᠠᠷᠠᠭᠤᠨ ᠬᠤᠰᠢᠭᠤᠨ ᠳᠤ ᠢᠷᠡᠵᠦ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ | ᠰᠡᠷᠭᠡᠶᠢᠯᠡᠨ ᠵᠠᠰᠠᠬᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠪᠡ᠃ ︵ᠸᠠᠩ ᠰᠢᠶᠤᠤ ᠳ᠋ᠦᠩ ᠪᠠᠷ᠎ᠠ ᠪᠣᠯᠤᠭᠰᠠᠨ︶ | 5 ᠰᠠᠷ᠎ᠠ ᠶᠢᠨ 25 ᠤ ᠡᠳᠦᠷ᠂ ᠲᠦᠪᠰᠢᠨ ᠠᠯᠠᠱᠠ ᠪᠠᠷᠠᠭᠤᠨ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠳᠤ | ᠰᠤᠯᠠ ᠣᠷᠣᠯᠴᠠᠪᠠ᠃ | 5 ᠰᠠᠷ᠎ᠠ ᠶᠢᠨ 26 ᠤ ᠡᠳᠦᠷ᠂ ᠰᠢᠨ᠎ᠡ ᠸᠠᠺᠼᠢᠨ ᠤ ᠲᠠᠷᠢᠯᠭ᠎ᠠ ᠶᠢ ᠬᠤᠶᠠᠷ ᠡᠩᠨᠡᠭᠡ ᠬᠤᠪᠢᠶᠠᠨ ᠮᠠᠯᠵᠢᠬᠤ ᠣᠷᠣᠨ ᠳᠤ | ᠣᠷᠣᠭᠤᠯᠵᠤ ᠠᠵᠤ ᠠᠬᠤᠶᠢᠯᠠᠯ ᠳᠤ ᠤᠷᠤᠭᠤᠯᠪᠠ᠃ | 5 ᠰᠠᠷ᠎ᠠ ᠶᠢᠨ 27 ᠤ ᠡᠳᠦᠷ᠂ ᠺᠠᠩ ᠵᠢᠶᠠᠨ ᠵᠢᠶᠦ᠋ᠨ ᠠᠯᠠᠱᠠ ᠪᠠᠷᠠᠭᠤᠨ ᠬᠤᠰᠢᠭᠤᠨ ᠤ ︽ᠳᠤᠮᠳᠠᠳᠤ ᠪᠠᠨ ᠬᠠᠶᠢᠷᠠᠯᠠᠨ᠎ᠠ︾ | ᠭᠡᠬᠦ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠢᠴᠢ ︽ᠨᠢᠭᠡ | ᠬᠥᠮᠦᠨ ᠨᠢᠭᠡ ᠰᠢᠯᠦᠭ ᠤᠨ ᠲᠡᠭᠦᠪᠦᠷᠢ︾ ᠭᠡᠬᠦ ᠰᠢᠯᠦᠭ ᠤᠨ ᠲᠡᠭᠦᠪᠦᠷᠢ᠂ ︽ᠠᠯᠠᠱᠠ ᠶᠢᠨ ᠳᠠᠭᠤᠤ ᠮᠡᠲᠦ ᠣᠨ ᠵᠢᠯ ᠤᠳ︾ | ᠭᠡᠬᠦ ᠳᠠᠭᠤᠤ ᠶᠢᠨ ᠲᠡᠭᠦᠪᠦᠷᠢ ᠶᠢ ᠠᠩᠬ᠎ᠠ ᠲᠠᠷᠬᠠᠭᠠᠬᠤ ᠶᠣᠰᠣᠯᠠᠯ ᠳᠤ ᠣᠷᠣᠯᠴᠠᠪᠠ᠃ | 5 ᠰᠠᠷ᠎ᠠ ᠶᠢᠨ 31 ᠤ ᠡᠳᠦᠷ᠂ ᠸᠠᠩ ᠰᠢᠶᠤᠤ ᠳ᠋ᠦᠩ ᠠᠯᠠᠱᠠ ᠪᠠᠷᠠᠭᠤᠨ ᠬᠤᠰᠢᠭᠤᠨ ᠤ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠠᠬᠢᠭᠤᠯᠬᠤ ᠬᠤᠷᠠᠯ ᠵᠢᠴᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠰᠤᠷᠢᠯᠲᠠ ᠬᠢᠬᠦ ᠬᠦᠳᠡᠯᠭᠡᠭᠡᠨ ᠳᠤ ᠤᠷᠤᠯᠴᠠᠪᠠ᠃ | 6 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠯᠢ ᠵᠥᠩ ᠽᠤᠩ ᠲᠠᠮᠰᠤᠭᠪᠤᠯᠠᠭ ᠰᠤᠮᠤ ᠶᠢᠨ ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ | ᠲᠥᠰᠥᠪ ᠤᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ ︵ᠯᠦᠸᠧ ᡁᠢ ᠸᠧᠶ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ︶᠃ | 6 ᠰᠠᠷ᠎ᠠ ᠶᠢᠨ 2 ᠤᠨ ᠡᠳᠦᠷ᠂ ᠯᠦᠸᠧ ᡁᠢ ᠸᠧᠶ ᠬᠤᠰᠢᠭᠤᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠤ ᠱᠢ ᠸᠧᠢ ᠠᠯᠠᠱᠠ ᠪᠠᠷᠠᠭᠤᠨ ᠬᠤᠰᠢᠭᠤᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠠᠮᠤᠷ ᠢ ᠬᠠᠮᠠᠭᠠᠯᠠᠬᠤ ᠲᠠᠩᠭᠠᠷᠢᠭᠯᠠᠬᠤ ᠶᠡᠭᠡ ᠬᠤᠷᠠᠯ ᠳᠤ ᠣᠷᠣᠯᠴᠠᠪᠠ᠃ | 6 ᠰᠠᠷ᠎ᠠ ᠶᠢᠨ 3 ᠤ ᠡᠳᠦᠷ᠂ ᠯᠦᠸᠧ ᡁᠢ ᠸᠧᠶ ᠠᠯᠠᠱᠠ ᠪᠠᠷᠠᠭᠤᠨ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ ︵ᠬᠤᠤ ᠱᠢ ᠸᠧᠶ ᠣᠷᠣᠯᠴᠠᠵᠠᠶ︶᠃ ᠬᠤᠤ ᠱᠢ ᠸᠧᠢ ᠠᠯᠠᠱᠠ ᠪᠠᠷᠠᠭᠤᠨ ᠬᠤᠰᠢᠭᠤᠨ ᠤ ᠤᠯᠤᠰ ᠲᠦᠷᠦ | ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠳᠤ ᠣᠷᠣᠯᠴᠠᠪᠠ᠃ | 6 ᠰᠠᠷ᠎ᠠ ᠶᠢᠨ 9 ᠤ ᠡᠳᠦᠷ᠂ ᠯᠦᠸᠧ ᡁᠢ ᠸᠧᠶ ᠠᠯᠠᠱᠠ ᠪᠠᠷᠠᠭᠤᠨ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ︽ᠭᠤᠷᠪᠠᠨ ᠲᠣᠭᠲᠠᠭᠠᠯ︾ ᠤᠨ ᠲᠤᠰᠬᠠᠶ ᠰᠡᠳᠦᠪᠲᠦ ᠤᠬᠠᠭᠤᠯᠤᠨ | ᠲᠠᠶᠢᠯᠪᠤᠷᠢᠯᠠᠬᠤ ᠬᠤᠷᠠᠯ ᠳᠤ ᠣᠷᠣᠯᠴᠠᠪᠠ ︵ᠵᠠᠩ ᠭᠤᠸᠠᠩ ᠬᠤᠶ ᠣᠷᠣᠯᠴᠠᠪᠠ︶ | 6 ᠰᠠᠷ᠎ᠠ ᠶᠢᠨ 10 ᠤ ᠡᠳᠦᠷ᠂ ᠯᠦᠸᠧ ᡁᠢ ᠸᠧᠶ ︽ᠭᠤᠷᠪᠠᠨ ᠲᠣᠭᠲᠠᠭᠠᠯ ᠢ ᠰᠠᠶᠢᠲᠤᠷ ᠬᠡᠷᠡᠭᠯᠡᠵᠦ᠂ ᠲᠥᠪ | ᠭᠤᠤᠯᠴᠢ ᠪᠠᠷ ᠬᠠᠤᠯᠢ ᠪᠠᠷᠢᠬᠤ ᠰᠡᠷᠭᠡᠶᠢᠯᠡᠯᠲᠡ ᠶᠢᠨ ᠬᠡᠷᠡᠮ ᠢ ᠪᠠᠲᠤ ᠴᠣᠭᠴᠠᠯᠠᠬᠤ︾ ᠤᠯᠤᠰ ᠲᠥᠷᠥ ᠬᠠᠤᠯᠢ ᠴᠠᠭᠠᠵᠠ ᠶᠢᠨ | ᠲᠤᠰᠬᠠᠶ ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠪᠠ᠃ | 6 ᠰᠠᠷ᠎ᠠ ᠶᠢᠨ 16 ᠤ ᠡᠳᠦᠷ᠂ ᠯᠦᠸᠧ ᡁᠢ ᠸᠧᠶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠣᠳᠠᠭᠠᠨ ᠤ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ ︵ᠵᠠᠩ ᠭᠤᠸᠠᠩ ᠬᠤᠶ᠂ ᠲᠦᠪᠰᠢᠨ᠂ ᠺᠠᠩ ᠵᠢᠶᠠᠨ | ᠵᠢᠶᠦ᠋ᠨ᠂ ᠸᠠᠩ ᠰᠢᠶᠤᠤ ᠳ᠋ᠦᠩ ᠣᠷᠣᠯᠴᠠᠵᠠᠶ︶᠃ ᠵᠠᠩ ᠭᠤᠸᠠᠩ ᠬᠤᠢ ᠠᠯᠠᠱᠠ ᠪᠠᠷᠠᠭᠤᠨ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠵᠢᠷᠭᠤᠳᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠦᠶᠡᠷ ᠠᠴᠠ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠢ ᠡᠷᠬᠢᠯᠡᠪᠡ᠃ | 6 ᠰᠠᠷ᠎ᠠ ᠶᠢᠨ 17 ᠤ ᠡᠳᠦᠷ᠂ ᠠᠯᠠᠱᠠ ᠪᠠᠷᠠᠭᠤᠨ ᠬᠤᠰᠢᠭᠤᠨ ᠤ ᠬᠢᠨ ︽ᠬᠤᠪᠢᠯᠭᠠᠨ ᠣᠩᠭᠤᠴᠠ ᠠᠷᠪᠠᠨ ᠬᠤᠶᠠᠳᠤᠭᠠᠷ︾ | ᠬᠥᠮᠦᠨ ᠰᠠᠭᠤᠯᠭᠠᠭᠰᠠᠨ ᠨᠢᠰᠦᠯᠲᠡ ᠶᠢᠨ ᠠᠪᠤᠷᠠᠯᠳᠠ ᠶᠢᠨ ᠪᠠᠲᠤᠯᠠᠭ᠎ᠠ ᠶᠢᠨ ᠠᠵᠢᠯ ᠳᠤ ᠣᠷᠣᠯᠴᠠᠪᠠ ︵ᠺᠠᠩ ᠵᠢᠶᠠᠨ | ᠵᠢᠶᠦ᠋ᠨ ᠣᠷᠣᠯᠴᠠᠵᠠᠶ︶᠃ | 6 ᠰᠠᠷ᠎ᠠ ᠶᠢᠨ 19 ᠤ ᠡᠳᠦᠷ᠂ ᠯᠦᠸᠧ ᡁᠢ ᠸᠧᠶ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠶᠢᠨ ᠫᠢᠩ ᠠᠯᠠᠱᠠ ᠪᠠᠷᠠᠭᠤᠨ ᠬᠤᠰᠢᠭᠤᠨ ᠳᠤ ᠪᠠᠶᠢᠴᠠᠭᠠᠨ | ᠰᠤᠳᠤᠯᠤᠯᠲᠠ ᠵᠢᠴᠢ ᠠᠯᠠᠱᠠ ᠪᠠᠷᠠᠭᠤᠨ ᠬᠤᠰᠢᠭᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ᠸᠠᠩ ᠰᠢᠶᠤᠤ ᠳ᠋ᠦᠩ ᠠᠯᠠᠱᠠ ᠪᠠᠷᠠᠭᠤᠨ ᠬᠤᠰᠢᠭᠤᠨ ᠤ ︽ᠡᠭᠦᠷᠢᠳᠡ ᠨᠠᠮ ᠢᠶᠠᠨ ᠳᠠᠭᠠᠬᠤ︾ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ︽ᠠᠭᠤᠯᠠᠨ ᠤ ᠳᠠᠭᠤᠤ ᠶᠢ ᠨᠠᠮ ᠳᠠᠭᠠᠨ ᠳᠠᠭᠤᠯᠠᠬᠤ︾ | ᠪᠦᠬᠦ ᠬᠤᠰᠢᠭᠤᠨ ᠤ ᠨᠠᠶᠢᠷᠠᠯ ᠳᠠᠭᠤᠤ ᠶᠢᠨ ᠤᠷᠤᠯᠳᠤᠭᠠᠨ ᠳᠤ ᠣᠷᠣᠯᠴᠠᠪᠠ᠃ | 6 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠨᠠᠷ ᠠᠯᠠᠱᠠ ᠪᠠᠷᠠᠭᠤᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ ︵ᠯᠦᠸᠧ ᡁᠢ | ᠸᠧᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ︶᠃ | 6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠯᠦᠸᠧ ᡁᠢ ᠸᠧᠶ᠂ ᠵᠢᠶᠠᠩ ᠪᠢᠩ ᠵᠢᠶᠧ ᠠᠯᠠᠱᠠ ᠪᠠᠷᠠᠭᠤᠨ | ᠬᠤᠰᠢᠭᠤᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃ ᠯᠦᠸᠧ ᡁᠢ ᠸᠧᠶ ᠨᠥᠬᠦᠷ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠢ ᠡᠭᠦᠷᠭᠡᠯᠡᠬᠦ ᠪᠠᠨ ᠪᠤᠯᠢᠵᠤ᠂ | ᠬᠤᠰᠢᠭᠤᠨ ᠤ ᠳᠠᠷᠤᠭ᠎ᠠ ᠶᠢ ᠲᠤᠰᠢᠶᠠᠯ ᠠᠴᠠ ᠨᠢ ᠬᠡᠯᠳᠦᠷᠢᠬᠦᠯᠪᠡ︔ ᠵᠢᠶᠠᠩ ᠪᠢᠩ ᠵᠢᠶᠧ ᠨᠥᠬᠦᠷ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠰᠢᠭᠤᠨ ᠤ | ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠲᠤᠷᠠᠳᠤᠭᠳᠠᠪᠠ᠃ | 6 ᠰᠠᠷ᠎ᠠ ᠶᠢᠨ 28 ᠤ ᠡᠳᠦᠷ᠂ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠣᠷᠣᠯᠴᠠᠪᠠ᠃ ᠵᠢᠶᠠᠩ ᠪᠢᠩ ᠵᠢᠶᠧ ᠨᠠᠮ ᠳᠤ 50 ᠵᠢᠯ | ᠢᠷᠠᠭᠤ ᠠᠯᠳᠠᠷᠲᠠᠢ ᠪᠠᠷ ᠠᠵᠢᠯᠯᠠᠭᠰᠠᠨ ᠠᠬᠠᠮᠠᠳ ᠨᠠᠮ ᠤᠨ ᠭᠡᠰᠢᠭᠦᠨ ᠪᠣᠯᠤᠨ ᠠᠵᠢᠯ ᠠᠴᠠ ᠪᠠᠨ ᠳᠠᠷᠬᠠᠯᠠᠭᠳᠠᠭᠰᠠᠨ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠪᠣᠯᠭᠤᠭᠠᠨ ᠲᠣᠬᠤᠨᠢᠭᠤᠯᠪᠠ ︵ᠲᠦᠪᠰᠢᠨ ᠪᠠᠷ᠎ᠠ ᠪᠤᠯᠵᠤ ᠲᠣᠬᠤᠨᠢᠭᠤᠯᠪᠠ︶᠃ | | 6 ᠰᠠᠷ᠎ᠠ ᠶᠢᠨ 30 ᠤ ᠡᠳᠦᠷ᠂ ᠵᠢᠶᠠᠩ ᠪᠢᠩ ᠵᠢᠶᠧ 2021 ᠣᠨ ᠤ ᠠᠯᠠᠱᠠ ᠪᠠᠷᠠᠭᠤᠨ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠳᠣᠯᠣᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠵᠠᠬᠢᠳᠠᠯ | ᠰᠤᠷᠪᠤᠯᠵᠢᠯᠠᠭ᠎ᠠ ᠶᠢᠨ ᠠᠮᠤᠷ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠳᠤ | ᠣᠷᠣᠯᠴᠠᠪᠠ᠃ ᠵᠢᠶᠠᠩ ᠪᠢᠩ ᠵᠢᠶᠧ ᠠᠩᠭᠢ ᠳᠠᠭᠠᠭᠤᠯᠤᠨ ᠴᠠᠭᠠᠨ ᠲᠦᠩᠬᠡ ᠶᠢᠨ ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠥᠷᠲᠡᠭᠡᠨ ᠳᠤ ᠬᠦᠷᠴᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠠᠢ ᠯᠦᠩ ᠵᠠᠬ᠎ᠠ ᠳᠡᠯᠭᠡᠭᠦᠷ | ᠂ ᠯᠠᠨ ᠲᠢᠶᠠᠨ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠡᠵᠡᠩᠨᠡᠯᠲᠡ ᠶᠢᠨ | ᠶᠠᠮᠤᠨ ᠤ ᠠᠷᠪᠠᠨ ᠬᠤᠶᠠᠳᠤᠭᠠᠷ ᠲᠣᠰᠣ ᠨᠡᠮᠡᠬᠦ ᠥᠷᠲᠡᠭᠡ᠂ ᠲᠠᠢ ᠰᠢ ᠶᠢᠨ ᠨᠡᠭᠦᠷᠡᠰᠦᠨ ᠤ ᠪᠦᠯᠦᠭᠯᠡᠯ ᠤᠨ ᠴᠠᠩ ᠱᠠᠨ ᠠᠵᠤ | ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠩ ᠬᠤᠸᠠ ᠪᠦᠯᠦᠭᠯᠡᠯ ᠤᠨ ᠠᠯᠠᠱᠠ ᠶᠢᠨ ᠴᠢᠩ ᠬᠤᠸᠠ | ᠠᠭᠤᠷᠬᠠᠶ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ | ᠭᠠᠵᠠᠷ ᠲᠤ ︽ᠲᠤᠯᠤᠭᠠᠨ ᠰᠠᠷ᠎ᠠ ᠶᠢᠨ ᠨᠢᠭᠡᠨ︾ ᠤ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ᠂ ᠠᠮᠤᠷ ᠢ | ᠬᠠᠮᠠᠭᠠᠯᠠᠵᠤ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠢᠨᠠᠨ ᠵᠢᠯᠣᠭᠤᠳᠴᠤ | ᠪᠠᠶᠢᠴᠠᠭᠠᠨ ᠰᠤᠳᠤᠯᠬᠤ ᠠᠵᠢᠯ ᠥᠷᠨᠢᠭᠦᠯᠪᠡ ︵ᠵᠠᠩ ᠭᠤᠸᠠᠩ ᠬᠤᠶ᠂ ᠸᠠᠩ ᠰᠢᠶᠤᠤ ᠳ᠋ᠦᠩ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ︶᠃ | | |