ᠵᠢᠶᠠᠩ ᠪᠢᠩ ᠵᠢᠶᠧ ᠰᠤᠷᠭᠠᠭᠤᠯᠢ ᠶᠢᠨ ᠵᠢᠭᠠᠨ ᠰᠤᠷᠭᠠᠯᠳᠡ ᠶᠢᠨ ᠤᠯᠠᠨ ᠵᠠᠭᠤᠴᠢᠯᠠᠭᠤᠷ ᠤᠨ ᠲᠦᠬᠦᠭᠡᠷᠤᠮᠵᠢ ᠶᠢ ᠬᠡᠷᠡᠭᠯᠡᠵᠦ ᠪᠣᠢ ᠪᠠᠶᠢᠳᠡᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/12/22
     12 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠤᠷᠤᠯᠠᠭᠴᠢ ᠲᠠᠷᠤᠭ᠎ᠠ ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠨᠢᠭᠡᠳᠦᠭᠡᠷ ᠲᠤᠮᠳᠡᠳᠦ ᠰᠤᠷᠭᠠᠭᠤᠯᠢ᠂ ᠨᠢᠭᠡᠳᠦᠬᠡᠷ ᠪᠦᠷᠢᠨ ᠪᠠᠭ᠎ᠠ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠵᠢᠭᠠᠨ ᠰᠤᠷᠭᠠᠯᠳᠡ ᠶᠢᠨ ᠣᠯᠠᠨ ᠵᠠᠭᠤᠴᠢᠯᠠᠭᠤᠷ ᠤᠨ ᠲᠦᠬᠦᠭᠡᠷᠤᠮᠵᠢ ᠶᠢ ᠬᠡᠷᠡᠭᠯᠡᠵᠦ ᠪᠣᠢ ᠪᠠᠶᠢᠳᠡᠯ  ᠵᠢᠴᠢ ᠵᠢᠭᠠᠨ ᠰᠤᠷᠭᠠᠯᠳᠡ ᠶᠢᠨ ᠴᠢᠨᠠᠷ  ᠴᠢᠨᠰᠠᠭ᠎ᠠ  ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠰᠤᠷᠭᠠᠭᠤᠯᠢ ᠶᠢᠨ ᠬᠠᠷᠢᠭᠤᠴᠯᠠᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
     ᠵᠢᠶᠠᠩ ᠪᠢᠩ ᠵᠢᠶᠧ ᠠᠯᠠᠱᠠ ᠪᠠᠷᠠᠭᠤᠨ ᠬᠤᠰᠢᠭᠤᠨ ᠤ ᠨᠢᠭᠡᠳᠦᠭᠡᠷ ᠲᠤᠮᠳᠡᠳᠦ ᠰᠤᠷᠭᠠᠭᠤᠯᠢ᠂ ᠨᠢᠭᠡᠳᠦᠬᠡᠷ ᠪᠦᠷᠢᠨ ᠪᠠᠭ᠎ᠠ ᠰᠤᠷᠭᠠᠭᠤᠯᠢ ᠶᠢᠨ ᠡᠯ᠎ᠡ ᠠᠩᠬᠢ ᠨᠢᠭᠡᠴᠡ ᠪᠠᠷ ᠬᠦᠷᠴᠦ ᠤᠯᠠᠨ ᠵᠠᠭᠤᠴᠢᠯᠠᠭᠤᠷ ᠤᠨ ᠵᠢᠭᠠᠨ ᠰᠤᠷᠭᠠᠯᠳᠡ ᠶᠢᠨ ᠲᠦᠬᠦᠭᠡᠷᠤᠮᠵᠢ ᠶᠢ ᠬᠡᠷᠡᠭᠯᠡᠬᠦ ᠵᠢᠴᠢ ᠬᠠᠮᠢᠶᠠᠷᠬᠤ᠂ ᠲᠦᠬᠦᠭᠡᠷᠤᠮᠵᠢ ᠶᠢᠨ ᠴᠢᠳᠠᠪᠬᠢ᠂ ᠠᠰᠢᠭᠯᠠᠬᠤ ᠨᠤᠷᠮ᠎ᠠ᠂ ᠪᠠᠭᠰᠢ ᠰᠤᠷᠤᠭᠴᠢᠳ ᠤᠨ ᠳᠠᠳᠮᠠᠭᠠᠢ ᠬᠡᠷᠡᠭᠯᠡᠵᠦ ᠪᠣᠢ ᠡᠰᠡᠬᠦ ᠪᠠᠶᠢᠳᠡᠯ ᠢ ᠤᠶᠢᠯᠠᠭᠠᠵᠦ᠂ ᠰᠤᠷᠭᠠᠭᠤᠯᠢ  ᠶᠢᠨ ᠤᠯᠠᠨ ᠵᠠᠭᠤᠴᠢᠯᠠᠭᠤᠷ ᠤᠨ ᠲᠦᠬᠦᠭᠡᠷᠤᠮᠵᠢ ᠶᠢᠨ ᠬᠡᠷᠡᠭᠯᠡᠭᠡ ᠵᠢᠴᠢ ᠬᠠᠮᠢᠶᠠᠷᠤᠯᠳᠡ ᠳᠤ ᠬᠦᠢᠴᠡᠳ ᠦᠨᠡᠯᠡᠯᠳᠡ ᠦᠭᠴᠡᠢ᠃ ᠲᠡᠷᠡ ᠵᠢᠭᠠᠵᠦ ᠭᠠᠷᠭᠠᠭᠰᠠᠨ ᠨᠢ᠂ ᠡᠯ᠎ᠡ ᠰᠤᠷᠭᠠᠭᠤᠯᠢ ᠤᠯᠠᠨ ᠵᠠᠭᠤᠴᠢᠯᠠᠭᠤᠷ ᠤᠨ ᠵᠢᠭᠠᠨ ᠰᠤᠷᠭᠠᠯᠳᠡ  ᠶᠢᠨ ᠠᠵᠢᠯ ᠤᠨ ᠤᠳᠤᠷᠢᠳᠤᠯᠭ᠎ᠠ ᠪᠠ ᠬᠠᠮᠢᠶᠠᠷᠤᠯᠳᠡ ᠶᠢ ᠴᠢᠩᠭᠠᠳᠬᠠᠵᠦ᠂ ᠤᠯᠠᠨ ᠵᠠᠭᠤᠴᠢᠯᠠᠭᠤᠷ ᠤᠨ ᠵᠢᠭᠠᠨ ᠰᠤᠷᠭᠠᠯᠳᠡ ᠶᠢᠨ ᠲᠦᠬᠦᠭᠡᠷᠤᠮᠵᠢ ᠶᠢ ᠬᠡᠷᠡᠭᠯᠡᠬᠦ ᠦᠷ᠎ᠡ ᠠᠰᠢᠭ ᠢ ᠲᠡᠭᠡᠭᠰᠢᠯᠡᠬᠦᠯᠦᠨ᠂ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠳᠡ ᠶᠢᠨ ᠴᠢᠨᠠᠷ ᠴᠢᠨᠰᠠᠭ᠎ᠠ ᠴᠢᠨᠠᠭᠰᠢᠳᠠ ᠲᠡᠭᠡᠭᠰᠢᠯᠡᠬᠦᠯᠦᠨ᠎ᠡ ᠬᠡᠯ᠎ᠡ᠃
     ᠵᠢᠶᠠᠩ ᠪᠢᠩ ᠵᠢᠶᠧ ᠴᠢᠬᠤᠯᠠᠴᠢᠯᠠᠭᠰᠠᠨ ᠨᠢ᠂ ᠤᠯᠠᠨ ᠵᠠᠭᠤᠴᠢᠯᠠᠭᠤᠷ ᠤᠨ ᠵᠢᠭᠠᠨ ᠰᠤᠷᠭᠠᠯᠳᠡ ᠶᠢᠨ ᠲᠦᠬᠦᠭᠡᠷᠤᠮᠵᠢ ᠶᠢ ᠬᠦᠢᠴᠡᠳ ᠠᠰᠢᠭᠯᠠᠨ᠂ ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠳᠡ ᠶᠢᠨ ᠴᠢᠨᠠᠷ ᠴᠢᠨᠰᠠᠭ᠎ᠠ  ᠢ ᠰᠢᠨ᠎ᠡ ᠱᠠᠳᠤᠨ ᠳᠤ ᠠᠬᠢᠭᠤᠯᠵᠦ᠂ ᠰᠤᠷᠠᠭᠠᠭᠤᠯᠢ ᠨᠢ ᠬᠠᠮᠢᠶᠠᠷᠤᠯᠳᠡ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠭᠰᠢ ᠶᠢᠨ ᠪᠤᠯᠪᠠᠰᠤᠷᠠᠯ ᠤᠨ ᠬᠦᠴᠦᠯᠡᠴᠡ ᠶᠢ ᠨᠡᠮᠡᠭᠳᠡᠬᠦᠯᠵᠦ᠂ ᠪᠠᠭᠰᠢ ᠨᠠᠷ ᠰᠢᠨ᠎ᠡ ᠲᠦᠬᠦᠭᠡᠷᠤᠮᠵᠢ ᠶᠢ ᠲᠠᠳᠮᠠᠭᠠᠢ ᠬᠡᠷᠡᠭᠯᠡᠵᠦ ᠰᠤᠷᠤᠨ᠂ ᠤᠯᠠᠨ ᠵᠠᠭᠤᠴᠢᠯᠠᠭᠤᠷ ᠤᠨ ᠵᠢᠭᠠᠨ ᠰᠤᠷᠭᠠᠯᠳᠡ ᠶᠢᠨ ᠲᠦᠬᠦᠭᠡᠷᠤᠮᠵᠢ ᠶᠢᠨ ᠬᠠᠮᠤᠭ ᠶᠡᠭᠡ ᠦᠷ᠎ᠡ ᠠᠰᠢᠭ ᠢ ᠪᠠᠳᠠᠷᠠᠭᠤᠯᠤᠨ᠎ᠡ᠃ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠡ ᠦᠬᠡᠢ ᠲᠡᠬᠦᠯᠳᠡᠷᠵᠢᠬᠦᠯᠵᠦ᠂ ᠬᠠᠳᠠᠭᠤ ᠲᠤᠨᠤᠭ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠬᠤᠯᠠᠴᠢᠯᠠᠬᠤ  ᠶᠢᠨ ᠬᠠᠮᠳᠦ᠂ ᠰᠤᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢ ᠴᠢᠬᠤᠯᠴᠢᠯᠠᠵᠦ᠂ ᠴᠠᠭ ᠤᠨ ᠪᠠᠶᠢᠳᠠᠯ ᠢ ᠲᠠᠨᠢᠵᠦ᠂ ᠵᠢᠭᠠᠨ ᠰᠤᠷᠭᠠᠯᠳᠡ ᠶᠢᠨ ᠦᠵᠡᠯᠳᠡ ᠶᠢ ᠬᠤᠪᠢᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠦᠳᠦᠭᠡᠨ ᠪᠠᠶᠢᠭᠤᠯᠤᠯᠲᠠ ᠶᠢ ᠤᠯᠠᠮ ᠪᠠᠶᠠᠯᠢᠭᠵᠢᠭᠤᠯᠤᠨ᠂ ᠰᠤᠷᠤᠭᠴᠢᠳ ᠲᠤ ᠴᠢᠳᠠᠪᠬᠢ ᠨᠢ ᠪᠦᠷᠢᠨ᠂ ᠰᠢᠯᠢᠳᠡᠭ  ᠰᠤᠷᠤᠯᠴᠠᠬᠤ  ᠤᠷᠴᠢᠨ ᠢ ᠬᠠᠩᠭᠠᠵᠦ᠂ ᠰᠤᠷᠤᠭᠴᠢᠳ ᠲᠤ ᠨᠡᠩ ᠰᠠᠶᠢᠨ ᠨᠡᠩ ᠰᠢᠯᠢᠳᠡᠭ ᠴᠢᠨᠠᠷ ᠤᠨ ᠰᠤᠷᠭᠠᠨ ᠬᠦᠮᠦᠵᠢᠯ ᠢ ᠡᠳ᠋ᠯᠡᠬᠦᠯᠦᠨ᠎ᠡ᠃      ᠵᠢᠶᠠᠩ ᠪᠢᠩ ᠵᠢᠶᠧ ᠵᠢᠭᠠᠵᠦ ᠭᠠᠷᠭᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠬᠡᠪ ᠤᠨ ᠬᠢᠵᠢᠭ ᠤᠨ ᠪᠠᠶᠢᠳᠡᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠦ᠂ ᠡᠯ᠎ᠡ ᠲᠦᠷᠦᠯ ᠤᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠲᠤᠳᠤᠷᠠᠬᠢ ᠠᠮᠤᠷ ᠲᠦᠪᠰᠢᠨ ᠢ ᠪᠠᠳᠤᠯᠠᠨ᠎ᠠ᠃ ᠡᠯ᠎ᠡ ᠰᠤᠷᠭᠠᠭᠤᠯᠢ ︽ᠭᠠᠳᠠᠨ᠎ᠠ ᠠᠴᠠ ᠣᠷᠣᠬᠤ  ᠂ ᠳᠣᠲᠣᠷ᠎ᠠ ᠠᠴᠠ ᠡᠬᠦᠰᠬᠦ ᠶᠢ ᠰᠡᠷᠭᠡᠶᠢᠯᠡᠬᠦ︾ ᠶᠡᠷᠤᠩᠬᠡᠢ ᠱᠠᠭᠠᠷᠳᠠᠯᠭ᠎ᠠ ᠪᠠ ︽ᠲᠦᠷᠪᠡᠨ ᠡᠷᠳᠡ︾ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠳᠤ ᠲᠦᠪᠯᠡᠷᠡᠬᠦᠯᠦᠨ᠂ ᠬᠢᠵᠢᠭ ᠤᠨ ᠪᠠᠶᠢᠳᠡᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠰᠠᠶᠢᠳᠤᠷ ᠠᠳᠬᠤᠨ᠎ᠡ᠃ ᠰᠤᠷᠤᠭᠴᠢᠳ ᠤᠨ ᠸᠠᠺᠽᠢᠨ ᠤ ᠲᠠᠷᠢᠯᠭ᠎ᠠ ᠲᠠᠷᠢᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠡᠯ᠎ᠡ ᠰᠤᠷᠭᠠᠭᠤᠯᠢ ᠰᠤᠷᠤᠭᠴᠢᠳ ᠤᠨ ᠰᠤᠷᠤᠯᠴᠠᠯᠭ᠎ᠠ ᠶᠢᠨ ᠦᠷ᠎ᠡ ᠪᠦᠳᠦᠮᠵᠢ ᠪᠠ ᠬᠤᠪᠢ ᠪᠡᠶ᠎ᠡ ᠶᠢᠨ ᠠᠳᠠᠯᠢ ᠪᠤᠰᠤ ᠶᠢ ᠦᠨᠳᠤᠰᠤᠯᠠᠨ ᠬᠠᠨᠳᠤᠯᠭᠠᠲᠤ ᠴᠢᠨᠠᠷ ᠲᠠᠢ ᠪᠠᠷ ᠵᠢᠭᠠᠨ ᠰᠤᠷᠭᠠᠬᠤ ᠲᠦᠯᠦᠪᠯᠡᠭᠡ ᠶᠢ ᠲᠤᠭᠳᠠᠭᠠᠵᠦ᠂ ᠵᠢᠭᠠᠨ ᠰᠤᠷᠭᠠᠯᠳᠡ ᠶᠢᠨ ᠠᠬᠢᠴᠠ ᠪᠠ ᠵᠢᠭᠠᠨ ᠰᠤᠷᠭᠠᠯᠳᠡ ᠶᠢᠨ ᠵᠤᠬᠢᠶᠠᠨ ᠪᠠᠶᠢᠭᠤᠯᠤᠯᠲᠠ ᠶᠢᠨ ᠠᠷᠭ᠎ᠠ ᠶᠢ ᠲᠤᠬᠢᠷᠠᠭᠤᠯᠤᠨ ᠰᠢᠯᠢᠳᠡᠭᠵᠢᠬᠦᠯᠵᠦ᠂  ᠰᠦᠯᠵᠢᠶᠡᠨ ᠲᠡᠭᠡᠷ᠎ᠡ ᠪᠠ ᠰᠦᠯᠵᠢᠶᠡᠨ‌‍ᠣ ᠭᠠᠳᠠᠨᠠᠬᠢ ᠵᠢᠭᠠᠨ ᠰᠤᠷᠭᠠᠯᠳᠡ ᠶᠢ ᠢᠳᠡᠪᠬᠢᠲᠠᠢ ᠵᠠᠯᠭᠠᠯᠳᠤᠭᠤᠯᠤᠨ᠂ ᠬᠢᠵᠢᠭ ᠤᠨ ᠪᠠᠶᠢᠳᠡᠯ ᠠᠴᠠ ᠰᠤᠷᠭᠠᠨ ᠬᠦᠮᠦᠵᠢᠯ ᠵᠢᠭᠠᠨ ᠰᠤᠷᠭᠠᠯᠳᠡ ᠳᠤ ᠠᠪᠴᠢᠷᠠᠬᠤ ᠨᠦᠯᠦᠭᠡᠯᠡᠯ ᠢ ᠪᠠᠭᠠᠰᠬᠠᠨ᠎ᠠ ᠭᠡᠵᠡᠢ᠃
     ᠵᠢᠶᠠᠩ ᠪᠢᠩ ᠵᠢᠶᠧ ᠴᠢᠬᠤᠯᠠᠴᠢᠯᠠᠭᠰᠠᠨ ᠨᠢ᠂ ︽ᠠᠮᠤᠷ ᠲᠦᠪᠰᠢᠨ ᠨᠢᠭᠡᠳᠦᠭᠡᠷ᠂ ᠤᠷᠢᠳᠴᠢᠯᠡᠨ ᠰᠡᠷᠭᠡᠶᠢᠯᠡᠬᠦ  ᠪᠠᠷ ᠭᠤᠤᠯ ᠪᠤᠯᠭᠠᠬᠤ︾ ᠨᠢ ᠠᠮᠤᠷ ᠲᠦᠪᠰᠢᠨ ᠤ ᠠᠵᠢᠯ ᠢ ᠠᠳᠬᠤᠬᠤ ᠳᠤ ᠡᠷᠬᠡᠪᠰᠢ ᠪᠣᠢ ᠪᠣᠯᠭᠠᠬᠤ ᠤᠶᠢᠯᠠᠭᠠᠭᠳᠠᠬᠤᠨ ᠮᠥᠨ᠃ ᠰᠤᠷᠭᠠᠭᠤᠯᠢ ᠨᠢ ᠠᠮᠤᠷ ᠲᠦᠪᠰᠢᠨ ᠤ ᠠᠵᠢᠯ ᠳᠤ ᠠᠮᠠ ᠬᠠᠭᠠᠵᠤ ᠠᠯᠪᠠ ᠬᠠᠰᠢᠬᠤ ᠦᠵᠡᠯ ᠰᠠᠨᠠᠭ᠎ᠠ ᠶᠢ ᠦᠬᠡᠶᠢᠰᠭᠡᠨ᠂ ᠠᠮᠤᠷ ᠲᠦᠪᠰᠢᠨ ᠤ ᠰᠡᠷᠬᠡᠶᠢᠯᠡᠯᠳᠡ ᠶᠢᠨ ᠤᠬᠠᠮᠰᠠᠷ ᠢ ᠪᠡᠳᠦ ᠪᠠᠬᠢ ᠱᠤᠭᠤᠵᠦ᠂ ᠦᠷᠭᠡᠨ ᠤᠯᠠᠨ ᠰᠤᠷᠤᠭᠴᠢᠳ ᠢ ᠠᠮᠤᠷ ᠲᠦᠪᠰᠢᠨ ᠰᠠᠶᠢᠨ ᠰᠠᠶᠢᠬᠠᠨ ᠤᠷᠴᠢᠨ ᠳᠤ ᠡᠷᠡᠬᠦᠯ ᠢᠶᠠᠷ ᠦᠰᠦᠨ ᠪᠣᠶᠢᠵᠢᠭᠤᠯᠬᠤ ᠪᠣᠯ ᠪᠦᠬᠦ ᠨᠡᠶᠢᠬᠡᠮ ᠤᠨ ᠬᠠᠷᠢᠭᠤᠴᠠᠯᠭ᠎ᠠ᠃ ᠡᠯ᠎ᠡ ᠰᠤᠷᠭᠠᠭᠤᠯᠢ ᠲᠤᠭᠳᠠᠭᠰᠠᠨ ᠬᠤᠭᠤᠴᠠᠭᠠᠨ ᠳᠤ ᠰᠤᠷᠭᠠᠭᠤᠯᠢ ᠶᠢᠨ ᠬᠦᠷᠢᠶᠡᠨ ᠳᠤ ᠠᠮᠤᠷ ᠲᠦᠪᠰᠢᠨ ᠤ ᠲᠠᠯᠳᠡ ᠬᠡᠮ ᠢ ᠪᠠᠶᠢᠴᠠᠭᠠᠵᠦ᠂ ᠴᠠᠭ ᠲᠤᠬᠠᠢ ᠳᠤᠨᠢ ᠲᠤᠳᠠᠭᠳᠠᠯ ᠢᠶᠠᠨ ᠨᠦᠬᠦᠪᠤᠷᠢᠯᠡᠨ᠂  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠢᠨ᠎ᠡ ᠱᠠᠳᠤᠨ  ᠳᠤ  ᠭᠠᠷᠭᠠᠨ᠎ᠠ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号