ᠠᠯᠠᠱᠠ ᠪᠠᠷᠠᠭᠤᠨ ᠬᠤᠰᠢᠭᠤᠨ ᠤ ᠰᠢᠨ᠎ᠡ ᠲᠡᠳᠡᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠤ ᠠᠷᠭᠠᠴᠠᠨ ᠰᠢᠢᠳᠪᠦᠷᠢᠯᠡᠬᠦ ᠴᠢᠳᠠᠪᠦᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠬᠦᠷᠤᠯᠴᠡᠬᠦ | ᠦᠭᠡᠢ ᠲᠠᠯ᠎ᠠ ᠪᠠ ᠡᠮᠵᠡᠭ ᠲᠠᠢ ᠲᠠᠯ᠎ᠠ ᠪᠠᠨ ᠡᠷᠢᠵᠤ᠂ ᠠᠷᠭ᠎ᠠ ᠪᠠᠷᠢᠯ ᠪᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ | ᠤᠨ ᠰᠡᠷᠭᠡᠶᠢᠯᠡᠨ ᠡᠵᠡᠮᠳᠡᠬᠦ ᠠᠵᠢᠯ ᠢ ᠴᠢᠬᠤᠯᠠᠴᠢᠯᠠᠵᠤ᠂ 12 ᠰᠠᠷ᠎ᠠ ᠶᠢᠨ 18 ᠤ ᠡᠳᠤᠷ᠂ ᠠᠯᠠᠱᠠ ᠪᠠᠷᠠᠭᠤᠨ | ᠬᠤᠰᠢᠭᠤ ᠰᠢᠨ᠎ᠡ ᠲᠡᠳᠡᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠪᠠᠴᠢᠮ ᠪᠠᠶᠢᠳᠠᠯ | ᠢ ᠬᠤᠯᠪᠣᠭᠠᠯᠠᠨ ᠠᠷᠭᠠᠴᠠᠬᠤ ᠰᠤᠷᠢᠯᠳᠠ ᠬᠢᠵᠡᠢ᠃ | | | | | | ᠰᠤᠷᠢᠯᠳᠠ ᠳᠤ᠂ ᠠᠯᠠᠱᠠ ᠪᠠᠷᠠᠭᠤᠨ ᠬᠤᠰᠢᠭᠤᠨ ᠤ ᠬᠢᠵᠢᠭ ᠤᠨ ᠡᠵᠡᠮᠰᠢᠯ ᠤᠨ ᠲᠦᠪ ᠤᠨ ᠪᠠᠶᠢᠴᠠᠭᠠᠯᠳᠠ | ᠳᠤ ᠨᠢᠭᠡᠨ ᠬᠦᠢᠳᠡᠨ ᠢᠶᠠᠷ ᠬᠠᠳᠠᠭᠠᠯᠠᠬᠤ ᠢᠳᠡᠭᠡᠨ ᠤ ᠡᠵᠡᠩᠨᠡᠯᠳᠡ ᠶᠢᠨ ᠪᠠᠶᠢᠭᠤᠯᠭ᠎ᠠ ᠶᠢᠨ ᠨᠡᠶᠢᠯᠡᠬᠦᠯᠦᠭᠰᠡᠨ | ᠪᠠᠶᠢᠴᠠᠭᠠᠯᠳᠠ ᠳᠤ ᠠᠷᠭ᠎ᠠ ᠴᠢᠨᠠᠷ ᠤᠨ ᠳ᠋ᠦᠩ ᠢᠯᠡᠷᠡᠵᠤ᠂ ᠮᠡᠳᠡᠬᠦᠯᠤᠳᠡ ᠶᠢ ᠲᠤᠰᠤᠭᠰᠠᠨ ᠤ ᠲᠠᠷᠠᠭ᠎ᠠ | ᠵᠢᠯᠣᠭᠤᠳᠬᠤ ᠭᠡᠯᠳᠡᠰ ᠠᠴᠠ ᠪᠦᠭᠡᠮ ᠬᠦᠴᠢᠯ ᠤᠨ ᠪᠠᠶᠢᠴᠠᠭᠠᠯᠳᠠ ᠬᠢᠭᠰᠡᠨ ᠬᠦᠮᠤᠰ ᠢ ᠲᠦᠪᠯᠡᠷᠡᠬᠦᠯᠤᠨ | ᠲᠤᠰᠠᠭᠠᠷᠯᠠᠬᠤ ᠭᠠᠵᠠᠷ ᠲᠤ ᠰᠢᠯᠵᠢᠬᠦᠯᠵᠤ ᠲᠠᠬᠢᠨ ᠪᠦᠬᠡᠮ ᠬᠦᠴᠢᠯ ᠤᠨ ᠪᠠᠶᠢᠴᠠᠭᠠᠯᠳᠠ ᠬᠢᠬᠦ ᠵᠢᠭᠠᠪᠤᠷᠢ ᠶᠠᠪᠤᠭᠤᠯᠵᠤ | ᠂ ᠲᠠᠬᠢᠨ ᠪᠠᠶᠢᠴᠠᠭᠠᠯᠳᠠ ᠪᠠᠷ ᠲᠠᠮᠵᠢᠨ ᠠᠷᠭ᠎ᠠ ᠴᠢᠨᠠᠷ ᠤᠨ ᠳ᠋ᠦᠩ ᠲᠠᠢ ᠬᠠᠯᠳᠠᠪᠤᠷᠢᠯᠠᠭᠰᠠᠳ ᠢ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠴᠢᠯᠡᠭᠡ ᠬᠢᠵᠤ᠂ ᠪᠢᠯᠢᠭ ᠴᠢᠨᠠᠷ ᠤᠨ ᠳ᠋ᠦᠩ ᠭᠠᠷᠤᠭᠰᠠᠨ | 9 ᠨᠢᠭ᠌ᠳᠡ ᠬᠠᠪᠢᠳᠠᠭᠴᠢ ᠢ ᠲᠤᠰ ᠭᠠᠵᠠᠷ ᠲᠤ ᠨᠢ ᠲᠤᠰᠠᠭᠠᠷᠯᠠᠨ ᠬᠠᠮᠢᠶᠠᠷᠴᠡᠢ᠃ ᠵᠢᠯᠣᠭᠤᠳᠬᠤ ᠭᠡᠯᠳᠡᠰ ᠠᠴᠠ | ᠬᠠᠮᠢᠶᠠᠳᠠᠢ ᠰᠤᠷᠠᠭ ᠵᠠᠩᠬᠢ ᠶᠢ ᠬᠠᠷᠭᠤᠭᠤᠯᠵᠤ᠂ ᠡᠯ᠎ᠡ ᠠᠵᠢᠯᠯᠠᠬᠤ ᠲᠤᠭᠤᠶᠢᠯᠠᠩ ᠪᠠᠴᠢᠮ ᠪᠠᠶᠢᠳᠠᠯ ᠢ ᠠᠷᠠᠭᠠᠴᠠᠬᠤ | ᠪᠠᠶᠢᠳᠠᠯ ᠳᠤ ᠤᠷᠤᠵᠤ᠂ ᠬᠠᠮᠢᠶᠠᠳᠠᠢ ᠱᠠᠭᠠᠷᠳᠠᠯᠭ᠎ᠠ ᠶᠤᠰᠤ ᠪᠠᠷ ᠡᠯ᠎ᠡ ᠲᠦᠷᠤᠯ ᠤᠨ ᠰᠡᠷᠭᠡᠶᠢᠯᠡᠨ ᠡᠵᠡᠮᠳᠡᠬᠦ ᠠᠷᠭ᠎ᠠ | ᠪᠠᠷᠢᠯ ᠢ ᠴᠢᠩᠭ᠎ᠠ ᠨᠠᠶᠢᠳᠠᠪᠦᠷᠢᠵᠢᠭᠤᠯᠵᠡᠢ᠃ | | | | | | ᠰᠤᠷᠢᠯᠳᠠ ᠨᠢ ᠣᠳᠣᠬᠠᠨ ᠤ ᠬᠢᠵᠢᠭ ᠤᠨ ᠪᠠᠶᠢᠳᠠᠯ ᠠᠴᠠ ᠡᠬᠦᠰᠴᠤ᠂ ᠬᠦᠮᠤᠰ ᠢ ᠲᠤᠰᠠᠭᠠᠷᠯᠠᠬᠤ᠂ ᠨᠢᠭᠲᠠ | ᠬᠠᠪᠢᠳᠠᠭᠴᠢ ᠳᠤ ᠰᠢᠨᠵᠢᠯᠡᠭᠡ ᠬᠢᠬᠦ᠂ ᠶᠠᠪᠤᠭᠰᠠᠨ ᠵᠠᠮ ᠱᠤᠭᠤᠮ ᠢ ᠮᠦᠷᠳᠡᠬᠦ ᠪᠠ ᠬᠠᠮᠢᠶᠠᠷᠬᠤ᠂ ᠠᠷᠢᠭᠤᠳᠬᠯ ᠬᠢᠬᠦ᠂ | ᠬᠢᠵᠢᠭ ᠤᠨ ᠴᠡᠭ ᠢ ᠪᠢᠳᠠᠬᠦᠮᠵᠢᠬᠦᠯᠬᠦ᠂ ᠪᠦᠭᠡᠮ ᠬᠦᠴᠢᠯ ᠤᠨ ᠪᠠᠶᠢᠴᠠᠭᠠᠯᠳᠠ ᠬᠢᠬᠦ᠂ ᠶᠠᠷᠢᠶ᠎ᠡ ᠭᠡᠯᠡᠯᠴᠡᠭᠡ ᠶᠢ | ᠬᠠᠮᠢᠶᠠᠷᠤᠨ ᠡᠵᠡᠮᠳᠡᠬᠦ᠂ ᠰᠤᠨᠢᠨ ᠮᠡᠳᠡᠭᠡᠨ ᠤ ᠨᠡᠶᠢᠳᠡᠯᠡᠯ ᠬᠢᠬᠦ ᠵᠡᠷᠭᠡ ᠶᠠᠪᠤᠴᠠ ᠳᠤ ᠡᠯ᠎ᠡ ᠲᠦᠷᠤᠯ ᠤᠨ ᠰᠡᠷᠭᠡᠶᠢᠯᠡᠨ | ᠡᠵᠡᠮᠳᠡᠬᠦ ᠠᠵᠢᠯ ᠢ ᠨᠠᠶᠢᠳᠠᠪᠦᠷᠵᠢᠭᠤᠯᠵᠡᠢ᠃ ᠲᠤᠰ ᠤᠳᠠᠭᠠᠨ ᠤ ᠰᠤᠷᠢᠯᠳᠡ ᠪᠠᠷ ᠲᠠᠮᠵᠢᠨ᠂ ᠪᠦᠬᠦ ᠬᠤᠰᠢᠭᠤᠨ ᠤ | ᠭᠡᠨᠡᠳᠳᠡ ᠶᠢᠨ ᠬᠢᠵᠢᠭ ᠡᠭᠦᠰᠬᠦ ᠪᠠᠶᠢᠳᠠᠯ ᠤᠨ ᠲᠦᠷᠭᠡᠨ ᠬᠦᠳᠡᠯᠤᠯᠴᠡᠬᠦ ᠪᠠ ᠪᠠᠴᠢᠮ ᠪᠠᠶᠢᠳᠠᠯ ᠢ ᠠᠷᠭᠠᠴᠠᠬᠤ | ᠴᠢᠳᠠᠪᠦᠷᠢ ᠶᠢ ᠲᠡᠭᠡᠭᠰᠢᠯᠡᠬᠦᠯᠦᠭᠰᠡᠨ ᠪᠠᠶᠢᠨ᠎ᠠ᠃ | | | | | | | | |