12 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠤᠬᠠᠭᠤᠯᠬᠤ ᠬᠡᠯᠳᠡᠰ ᠤᠨ ᠲᠠᠷᠤᠭ᠎ᠠ ᠳ᠋ᠢᠩ ᠨᠢᠩ᠂ ᠬᠤᠰᠢᠭᠤᠨ ᠤ ᠲᠡᠳ᠋ ᠲᠠᠷᠤᠭ᠎ᠠ ᠼᠣᠣ ᠢᠦᠢ ᠹᠧᠢ ᠮᠠᠯᠵᠢᠬᠤ | ᠲᠠᠷᠢᠶᠠᠯᠠᠬᠤ ᠤᠷᠤᠨ ᠤ ︽ᠤᠶᠤᠨᠴᠢᠯᠠᠭᠰᠠᠨ ᠷᠠᠳᠢᠤ᠋ ᠲᠧᠯᠸᠢᠰ︾ ᠤᠨ ᠲᠤᠤᠷ ᠰᠦᠯᠵᠢᠶ᠎ᠡ ᠶᠢ ᠪᠦᠷᠬᠦᠬᠦᠯᠬᠦ ᠪᠤᠯᠤᠨ | ᠦᠢᠯᠡᠴᠢᠯᠡᠭᠡ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠ ᠮᠠᠯᠴᠢᠨ ᠲᠠᠷᠢᠶᠠᠴᠢᠳ ᠤᠨ ᠰᠦᠯᠵᠢᠶ᠎ᠡ ᠶᠢ | ᠬᠡᠷᠡᠭᠯᠡᠬᠦ ᠪᠠᠶᠢᠳᠡᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ | ᠳ᠋ᠢᠩ ᠨᠢᠩ᠂ ᠼᠣᠣ ᠢᠦᠢ ᠹᠧᠢ ᠪᠠᠳᠠᠢ ᠶᠢᠨ ᠵᠢᠷᠡᠨ ᠪᠠᠯᠭᠠᠰᠦᠨ ᠤ ᠠᠷᠤᠮᠤᠳᠦ ᠭᠠᠴᠠᠭᠠᠨ ᠳᠤ ᠬᠦᠷᠴᠦ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠮᠠᠯᠵᠢᠬᠤ ᠲᠠᠷᠢᠶᠠᠯᠠᠬᠤ ᠤᠷᠤᠨ | ᠤ ︽ᠤᠶᠤᠨᠴᠢᠯᠠᠭᠰᠠᠨ ᠷᠠᠳᠢᠤ᠋ ᠲᠧᠯᠸᠢᠰ︾ ᠤᠨ ᠲᠤᠤᠷ ᠰᠦᠯᠵᠢᠶ᠎ᠡ ᠶᠢ ᠪᠦᠷᠬᠦᠬᠦᠯᠬᠦ ᠪᠤᠯᠤᠨ ᠦᠢᠯᠡᠴᠢᠯᠡᠭᠡ ᠶᠢᠨ | ᠢᠨᠵᠧᠨᠧᠷᠢᠩ ᠤᠨ ᠠᠬᠢᠴᠠ᠂ ᠣᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ ᠲᠠᠪᠴᠠᠩ ᠤᠨ ᠠᠵᠢᠯᠯᠠᠭᠠᠨ ᠤ | ᠪᠠᠶᠢᠳᠡᠯ ᠢ ᠨᠠᠷᠢᠯᠢᠭ ᠤᠶᠢᠯᠠᠭᠠᠵᠠᠢ᠃ | | | | | ᠳ᠋ᠢᠩ ᠨᠢᠩ᠂ ᠼᠣᠣ ᠢᠦᠢ ᠹᠧᠢ ᠭᠠᠴᠠᠭᠠᠨ ᠤ ᠮᠠᠯᠴᠢᠳ ᠤᠨ ᠭᠡᠷ ᠢᠶᠠᠷ ᠬᠦᠷᠴᠦ᠂ ᠲᠡᠳᠡᠨᠡᠷ ᠲᠠᠢ | ᠶᠠᠷᠢᠯᠴᠠᠨ᠂ ᠲᠡᠳᠡᠨᠡᠷ ᠤᠨ ᠦᠢᠯᠡᠳᠪᠤᠷᠢᠯᠡᠯ ᠠᠮᠢᠳᠤᠷᠠᠯ ᠤᠨ ᠪᠠᠶᠢᠳᠡᠯ᠂ ᠲᠤᠤᠷ ᠰᠦᠯᠵᠢᠶ᠎ᠡ ᠪᠠ ᠷᠠᠳᠢᠤ᠋ ᠲᠧᠯᠸᠢᠰ ᠤᠨ | ᠳᠣᠬᠢᠶ᠎ᠠ ᠰᠦᠯᠵᠢᠶ᠎ᠡ ᠶᠢ ᠬᠦᠯᠢᠶᠡᠨ ᠦᠵᠡᠵᠦ ᠪᠣᠢ ᠪᠠᠶᠢᠳᠠᠯ ᠢ ᠠᠰᠠᠭᠤᠨ ᠤᠶᠢᠯᠠᠭᠠᠵᠦ᠂ ᠬᠠᠮᠳᠦ ᠶᠠᠪᠤᠭ᠎ᠠ ᠠᠵᠢᠯᠳᠠᠨ | ᠲᠠᠢ ᠪᠠᠨ ᠣᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ ᠲᠠᠪᠴᠠᠩ ᠤᠨ ᠠᠭᠤᠯᠭ᠎ᠠ ᠶᠢ ᠨᠡᠮᠡᠬᠦ ᠲᠤᠬᠠᠢ | ᠪᠣᠳᠣᠯ ᠰᠠᠨᠠᠯ ᠢᠶᠠᠨ ᠰᠣᠯᠢᠯᠴᠠᠵᠠᠢ᠃ | | | | | ᠳ᠋ᠢᠩ ᠨᠢᠩ ᠵᠢᠭᠠᠵᠦ ᠭᠠᠷᠭᠠᠭᠰᠠᠨ ᠨᠢ᠂ ᠮᠠᠯᠵᠢᠬᠤ ᠲᠠᠷᠢᠶᠠᠯᠠᠬᠤ ᠤᠷᠤᠨ ᠤ ︽ᠤᠶᠤᠨᠴᠢᠯᠠᠭᠰᠠᠨ ᠷᠠᠳᠢᠤ᠋ | ᠲᠧᠯᠸᠢᠰ︾ ᠤᠨ ᠲᠤᠤᠷ ᠰᠦᠯᠵᠢᠶ᠎ᠡ ᠶᠢ ᠪᠦᠷᠬᠦᠬᠦᠯᠬᠦ ᠪᠤᠯᠤᠨ ᠦᠢᠯᠡᠴᠢᠯᠡᠭᠡ ᠶᠢᠨ ᠢᠨᠵᠧᠨᠧᠷᠢᠩ ᠪᠤᠯ ᠬᠤᠰᠢᠭᠤᠨ ᠤ | ᠨᠠᠮ ᠤᠨ ᠬᠤᠷᠢᠶ᠎ᠠ ᠵᠠᠰᠠᠭ ᠤᠨ ᠤᠷᠳᠤᠨ ᠤ ᠦᠨᠳᠤᠰᠤᠨ ᠱᠠᠳᠤᠨ ᠳᠤ ᠦᠢᠯᠡᠴᠢᠯᠡᠬᠦ᠂ ᠤᠯᠠᠨ ᠲᠦᠮᠡᠨ ᠳᠤ | ᠦᠢᠯᠡᠴᠢᠯᠡᠬᠦ᠂ ᠠᠷᠠᠳ ᠲᠤ ᠪᠤᠳᠠᠳᠠᠢ ᠠᠵᠢᠯ ᠬᠢᠬᠦ ᠪᠤᠳᠠᠳᠠᠢ ᠠᠷᠭ᠎ᠠ ᠪᠠᠷᠢᠯ ᠮᠦᠨ᠂ ᠬᠢᠯᠢ ᠲᠠᠭᠠᠤ ᠰᠠᠭᠤᠷᠢᠰᠢᠵᠤ | ᠪᠣᠢ ᠮᠠᠯᠴᠢᠳ ᠤᠨ ᠠᠮᠢᠳᠤᠷᠠᠯ ᠢ ᠰᠠᠶᠢᠵᠢᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠤᠨ | ᠂ ᠬᠤᠶᠠᠷ ᠪᠤᠯᠪᠠᠰᠤᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠤᠭᠳᠠᠯ | ᠲᠠᠢ᠂ ︽ᠤᠶᠤᠨᠴᠢᠯᠠᠭᠰᠠᠨ ᠷᠠᠳᠢᠤ᠋ ᠲᠧᠯᠸᠢᠰ︾ ᠤᠨ ᠶᠡᠷᠤᠩᠬᠡᠶᠢᠯᠡᠭᠰᠡᠨ ᠲᠠᠪᠠᠭᠤᠯᠢᠭ ᠢ ᠪᠠᠳᠠᠷᠠᠭᠤᠯᠵᠦ᠂ ᠵᠠᠰᠠᠭ ᠤᠨ | ᠶᠠᠪᠤᠳᠠᠯ ᠤᠨ ᠠᠯᠪᠠᠨ ᠠᠵᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠤᠷᠠᠭ ᠵᠠᠩᠬᠢ ᠲᠤᠤᠷ ᠰᠦᠯᠵᠢᠶᠡᠨ | ᠤ ᠲᠠᠪᠴᠠᠩ ᠢ ᠲᠡᠬᠦᠯᠳᠡᠷᠵᠢᠬᠦᠯᠵᠦ᠂ ᠡᠯ᠎ᠡ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠳᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠬᠠᠩᠭᠠᠬᠤ ᠳᠤ ᠲᠤᠭ᠎ᠠ ᠪᠠᠷᠢᠮᠳᠡ ᠶᠢᠨ ᠲᠡᠮᠵᠢᠯᠭᠡ ᠬᠠᠩᠭᠠᠵᠦ᠂ ︽ᠢᠨᠲ᠋ᠧᠷᠨᠧᠲ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠰᠤᠮᠤ ᠪᠠᠯᠭᠠᠰᠦ᠂ ᠭᠠᠴᠠᠭ᠎ᠠ ᠲᠤᠰᠬᠤᠨ ᠪᠠ ᠮᠠᠯᠴᠢᠨ | ᠲᠠᠷᠢᠶᠠᠴᠢᠨ ᠡᠷᠦᠬᠡ ᠬᠦᠷᠳᠡᠯ᠎ᠡ ᠤᠷᠳᠤᠰᠬᠠᠬᠤ ᠶᠢ ᠲᠦᠯᠬᠢᠨ ᠠᠬᠢᠭᠤᠯᠤᠨ᠎ᠡ᠃ ᠠᠭᠤᠯᠭ᠎ᠠ ᠬᠡᠯᠪᠡᠷᠢ ᠶᠢ | ᠪᠠᠶᠠᠯᠢᠭᠵᠢᠭᠤᠯᠵᠦ᠂ ᠦᠨᠳᠤᠰᠤᠨ ᠱᠠᠳᠤᠨ ᠤ ᠨᠠᠮ ᠤᠨ ᠪᠦᠲᠦᠭᠡᠨ ᠪᠠᠶᠢᠭᠤᠯᠤᠯᠲᠠ᠂ ᠰᠢᠨᠵᠢᠯᠡᠭᠡ ᠮᠡᠷᠬᠡᠵᠢᠯ | ᠰᠤᠷᠭᠠᠨ ᠬᠦᠮᠦᠵᠢᠯ᠂ ᠰᠤᠶᠤᠯ ᠵᠢᠭᠤᠯᠴᠢᠯᠠᠯ᠂ ᠡᠮ ᠡᠮᠨᠡᠯᠭᠡ ᠡᠷᠡᠬᠦᠯ ᠬᠠᠮᠠᠭᠠᠯᠠᠯ᠂ ᠮᠠᠯ ᠠᠵᠦ ᠠᠬᠤᠢ ᠶᠢᠨ ᠮᠡᠳᠡᠯᠬᠡ | ᠂ ᠬᠠᠤᠯᠢ ᠴᠠᠭᠠᠵᠠ ᠶᠢᠨ ᠠᠰᠠᠭᠤᠨ ᠯᠠᠪᠯᠠᠯᠲᠠ ᠵᠡᠷᠭᠡ ᠦᠢᠯᠡᠴᠢᠯᠡᠭᠡ ᠶᠢᠨ ᠠᠭᠤᠯᠭ᠎ᠠ ᠶᠢ ᠲᠠᠰᠤᠷᠠᠯᠳᠡ ᠦᠬᠡᠢ | ᠨᠡᠮᠡᠭᠳᠡᠭᠦᠯᠦᠨ᠂ ᠦᠷᠭᠡᠨ ᠤᠯᠠᠨ ᠮᠠᠯᠴᠢᠨ ᠲᠠᠷᠢᠶᠠᠴᠢᠳ ᠢ ᠭᠡᠷ ᠠᠴᠠ ᠪᠠᠨ ᠭᠠᠷᠬᠤ ᠦᠬᠡᠢ ᠪᠠᠷ ᠲᠡᠩᠴᠡᠭᠦᠷᠢᠰᠢᠯ᠂ | ᠤᠯᠠᠨ ᠬᠡᠯᠪᠡᠷᠢᠵᠢᠭᠰᠡᠨ ᠨᠡᠶᠢᠳᠡ ᠶᠢᠨ ᠦᠢᠯᠡᠴᠢᠯᠡᠭᠡ ᠶᠢ ᠡᠳ᠋ᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠵᠤᠯ | ᠵᠢᠷᠭᠠᠯ ᠤᠨ ᠵᠢᠭᠠᠯᠳᠡ ᠲᠤᠭ᠎ᠠ ᠶᠢ ᠲᠠᠰᠤᠷᠠᠯᠳᠡ ᠦᠬᠡᠢ ᠲᠡᠭᠡᠭᠰᠢᠯᠡᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠳᠤ ᠲᠡᠮᠵᠢᠯᠬᠡ ᠦᠵᠡᠬᠦᠯᠦᠨ᠎ᠡ ᠬᠡᠯᠡ᠃ | | | | | ᠤᠳᠤᠬᠠᠨ ᠪᠤᠯᠳᠡᠯ᠎ᠡ᠂ ︽ᠤᠶᠤᠨᠴᠢᠯᠠᠭᠰᠠᠨ ᠷᠠᠳᠢᠤ᠋ ᠲᠧᠯᠸᠢᠰ︾ ᠤᠨ ᠲᠤᠤᠷ ᠰᠦᠯᠵᠢᠶ᠎ᠡ ᠶᠢ ᠪᠦᠷᠬᠦᠬᠦᠯᠬᠦ | ᠪᠡ ᠦᠢᠯᠡᠴᠢᠯᠡᠬᠦ ᠢᠨᠵᠧᠨᠧᠷᠢᠩ ᠨᠢ ᠪᠦᠬᠦ ᠬᠤᠰᠢᠭᠤᠨ ᠳᠤ 32 ᠦᠷᠳᠡᠭᠡ ᠶᠢ ᠪᠠᠶᠢᠭᠤᠯᠬᠤ᠂ ᠭᠡᠷᠡᠯᠯᠢᠭ ᠤᠲᠠᠰᠤ | ᠶᠢ 154 ᠺᠢᠯᠤᠮᠧᠲᠷ ᠲᠠᠳᠠᠨ᠂ ᠪᠦᠬᠦ ᠬᠤᠰᠢᠭᠤᠨ ᠤ 7 ᠰᠤᠮᠤ ᠪᠠᠯᠭᠠᠰᠤ᠂ 40 ᠭᠠᠴᠠᠭ᠎ᠠ ᠶᠢᠨ ᠲᠠᠷᠬᠠᠢ | ᠪᠤᠲᠠᠷᠬᠠᠢ ᠰᠠᠭᠤᠷᠢᠰᠢᠵᠤ ᠪᠤᠢ1092 ᠮᠠᠯᠴᠢᠳ ᠲᠠᠢ ᠬᠤᠯᠪᠤᠭᠳᠠᠵᠤ ᠪᠤᠢ᠃ ᠲᠦᠮᠡᠨ ᠰᠠᠶ᠎ᠡ ᠸᠠᠲ ᠢ | ᠬᠤᠰᠢᠭᠤᠨ ᠳᠤ᠂ ᠮᠢᠩᠭᠠᠨ ᠰᠠᠶ᠎ᠡ ᠸᠠᠲ ᠢ ᠰᠤᠮᠤ ᠪᠠᠯᠭᠠᠰᠤᠨ ᠳᠤ᠂ ᠵᠠᠭᠤᠨ ᠰᠠᠶ᠎ᠡ ᠸᠠᠲ ᠢ ᠭᠠᠴᠠᠭ᠎ᠠ ᠲᠤᠰᠬᠤᠨ | ᠳᠤ ᠂ 20 ᠰᠠᠶ᠎ᠡ ᠸᠠᠲ ᠢ ᠮᠠᠯᠴᠢᠳ ᠤᠨ ᠭᠡᠷ ᠲᠤ ᠬᠦᠷᠭᠡᠬᠦ ᠤᠳᠠᠰᠤᠳᠤ ᠪᠠ ᠤᠳᠠᠰᠤ ᠦᠭᠡᠢ ᠬᠠᠮ ᠲᠣᠣᠷ | ᠰᠦᠯᠵᠢᠶ᠎ᠡ ᠪᠠᠷ ᠲᠠᠮᠵᠢᠨ᠂ ᠵᠠᠰᠠᠭ ᠤᠨ ᠬᠡᠷᠡᠭᠯᠡᠭᠡᠨ᠂ ᠠᠷᠠᠳ ᠤᠨ ᠬᠡᠷᠡᠭᠯᠡᠭᠡᠨ᠂ ᠬᠤᠳᠠᠯᠳᠤᠭᠠᠨ ᠤ ᠬᠡᠷᠡᠭᠯᠡᠭᠡᠨ | ᠣᠯᠠᠨ ᠨᠡᠶᠢᠳᠡ ᠶᠢᠨ ᠦᠢᠯᠡᠴᠢᠯᠡᠭᠡ ᠶᠢᠨ ᠲᠠᠪᠴᠠᠩ ᠢ ᠪᠠᠶᠢᠭᠤᠯᠵᠤ᠂ ᠪᠦᠬᠦ ᠬᠤᠰᠢᠭᠤᠨ ᠤ ᠮᠠᠯᠵᠢᠬᠤ ᠲᠠᠷᠶ᠋ᠢᠠᠯᠠᠬᠤ | ᠤᠷᠤᠨ ᠵᠢᠴᠢ ᠬᠢᠯᠢ ᠬᠢᠵᠠᠭᠠᠷ ᠭᠠᠵᠠᠷ ᠤᠷᠤᠨ ᠤ ᠰᠦᠯᠵᠢᠶ᠎ᠡ ᠶᠢᠨ ᠪᠦᠳᠤᠭᠡᠨ ᠪᠠᠶᠢᠭᠤᠯᠤᠯᠳᠡ ᠶᠢ ᠠᠬᠢᠭᠤᠯᠤᠨ᠂ | ᠮᠠᠯᠵᠢᠬᠤ ᠲᠠᠷᠢᠶᠠᠯᠠᠬᠤ ᠤᠷᠤᠨ ᠤ ᠰᠦᠯᠵᠢᠶ᠎ᠡ ᠶᠢᠨ ᠦᠢᠯᠡᠴᠢᠯᠡᠭᠡ ᠶᠢᠨ ᠬᠠᠮᠤᠭ ᠰᠡᠬᠦᠯᠴᠡᠢ ᠶᠢᠨ ᠨᠢᠭᠡ ᠺᠢᠯᠤᠮᠧᠲᠷ | ᠢ ᠨᠡᠪᠳᠡᠷᠡᠬᠦᠯᠬᠦ ᠶᠢ ᠪᠡᠶᠡᠯᠡᠬᠦᠯᠦᠭᠰᠡᠨ ᠪᠠᠶᠢᠨ᠎ᠠ᠃ | | |