ᠯᠢᠦ ᠴᠦᠩ ᠰᠢᠶᠣᠣ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/24
     12 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠦᠩ ᠰᠢᠶᠣᠣ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠲᠦᠪ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠦ᠂ ᠤᠷᠴᠢᠮ ᠤᠨ ᠬᠤᠭᠤᠴᠠᠭᠠᠨ ᠤ ᠭᠤᠤᠯᠳᠠᠯᠭᠠᠳᠦ ᠠᠵᠢᠯ ᠢ ᠰᠤᠳᠤᠯᠤᠨ ᠪᠠᠶᠢᠷᠢᠯᠠᠭᠤᠯᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠷᠤᠯᠠᠭᠴᠢ ᠬᠤᠰᠢᠭᠤ ᠲᠠᠷᠤᠭ᠎ᠠ ᠵᠢᠶᠠᠩ ᠪᠢᠩ ᠵᠢᠶᠧ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ ᠸᠠᠩ ᠳ᠋ᠦᠩ ᠵᠡᠷᠭᠡ ᠬᠤᠰᠢᠭᠤᠨ ᠳᠤ ᠪᠠᠶᠢᠭ᠎ᠠ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠬᠤᠷᠠᠯ ᠳᠤ ᠤᠷᠤᠯᠴᠠᠵᠦ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠯᠢ ᠶᠦᠨ ᠵᠡᠷᠭᠡ ᠬᠤᠰᠢᠭᠤᠨ ᠳᠤ ᠪᠠᠶᠢᠭ᠎ᠠ ᠬᠤᠰᠢᠭᠤᠨ ᠤ ᠭᠠᠵᠠᠷ  ᠤᠨ ᠲᠡᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠦ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠪᠠᠷ ᠤᠷᠤᠯᠴᠠᠵᠠᠢ᠃
     ᠬᠤᠷᠠᠯ ᠨᠢ ᠲᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠲᠦᠪ ᠤᠨ ᠪᠦᠬᠦ ᠲᠠᠯ᠎ᠠ ᠪᠠᠷ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠵᠦᠪᠯᠡᠯ ᠤᠨ ᠬᠤᠷᠢᠨ ᠭᠤᠷᠪᠠᠳᠤᠭᠠᠷ ᠤᠳᠠᠭᠠᠨ ᠤ ᠬᠤᠷᠠᠯ᠂ ᠠᠮᠤᠷ ᠲᠠᠶᠢᠪᠤᠩ ᠲᠤᠮᠳᠡᠳᠦ ᠤᠯᠤᠰ ᠤᠨ ᠪᠦᠳᠦᠬᠡᠨ ᠪᠠᠶᠢᠭᠤᠯᠤᠯᠲᠠ ᠶᠢᠨ ᠰᠠᠶᠢᠰᠢᠶᠠᠨ ᠬᠥᠬᠢᠭᠦᠯᠬᠦ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠰᠢ ᠶᠢᠨ ᠫᠢᠩ ᠶᠡᠷᠤᠩᠬᠡᠢ ᠱᠦᠵᠢ ᠶᠢᠨ ᠲᠤᠮᠳᠡᠳᠦ ᠤᠯᠤᠰ ᠤᠨ ᠡᠪ ᠬᠠᠮᠳᠦ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠭᠤᠴᠢᠨ ᠲᠠᠪᠤᠳᠤᠭᠠᠷ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ᠂ ᠪᠦᠬᠦ ᠤᠯᠤᠰ ᠤᠨ ᠱᠠᠰᠢᠨ ᠰᠤᠷᠳᠠᠬᠤᠨ ᠤ ᠠᠵᠢᠯ ᠤᠨ ᠬᠤᠷᠠᠯ᠂ ᠲᠤᠮᠳᠡᠳᠦ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠬᠤᠷᠠᠯ᠂ ᠲᠤᠮᠳᠡᠳᠦ ᠤᠯᠤᠰ ᠤᠨ ᠵᠤᠬᠢᠶᠠᠯᠴᠢᠳ ᠤᠨ ᠨᠡᠶᠢᠬᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠦᠯᠦᠭᠡᠯᠡᠭᠴᠢᠳ ᠤᠨ ᠬᠤᠷᠠᠯ ᠤᠨ ᠡᠬᠢᠯᠯᠡᠳᠡ ᠶᠢᠨ ᠶᠤᠰᠤᠯᠠᠯ ᠲᠡᠭᠡᠷᠡᠬᠢ ᠶᠠᠷᠢᠶᠠᠨ  ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠪᠦᠬᠦ ᠬᠤᠰᠢᠭᠤᠨ ᠤ ᠨᠠᠮ ᠤᠨ ᠰᠤᠷᠳᠡᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠤᠯᠲᠠ ᠪᠡ ᠠᠪᠢᠯᠭᠠᠯ ᠢ ᠡᠰᠡᠷᠬᠦᠴᠡᠬᠦ᠂ ᠤᠯᠤᠰ ᠲᠦᠷᠦ ᠶᠢᠨ ᠵᠦᠪᠯᠯᠡᠭᠡᠨ ᠤ ᠠᠵᠢᠯ᠂ ᠱᠠᠰᠢᠨ ᠰᠤᠷᠳᠠᠬᠤᠨ ᠤ ᠠᠵᠢᠯ᠂ ᠨᠠᠮ ᠤᠨ ᠲᠤᠳᠤᠭᠠᠳᠡᠬᠢ ᠬᠠᠤᠯᠢ ᠲᠦᠷᠢᠮ ᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠤᠭᠳᠠᠭᠠᠯ ᠵᠡᠷᠭᠡ ᠠᠵᠢᠯ ᠤᠨ ᠪᠠᠶᠢᠳᠡᠯ ᠢ ᠲᠤᠤᠱᠯᠠᠭᠤᠯᠵᠦ ᠨᠠᠶᠢᠳᠠᠪᠤᠷᠢᠵᠢᠭᠤᠯᠤᠭᠰᠠᠨ ᠬᠠᠷᠢᠭᠤ ᠮᠡᠳᠡᠬᠦᠯᠦᠯᠳᠡ ᠶᠢ ᠰᠤᠨᠤᠰᠴᠦ᠂  ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠤᠨ ᠲᠤᠬᠢᠷᠠᠭᠤᠯᠵᠠᠢ᠃      ᠯᠢᠦ ᠴᠦᠩ ᠰᠢᠶᠣᠣ ᠴᠢᠬᠤᠯᠠᠴᠢᠯᠠᠭᠰᠠᠨ ᠨᠢ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠪᠤᠯ ᠨᠠᠮ  ᠤᠨ ᠠᠷᠪᠠᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠲᠠᠷᠠᠭᠠᠬᠢ ᠲᠦᠪ ᠬᠤᠷᠢᠶᠠᠨ ᠠᠴᠠ ᠬᠤᠷᠠᠯᠳᠤᠭᠰᠠᠨ ᠨᠢᠭᠡᠨ ᠤᠳᠠᠭᠠᠨ ᠤ ᠴᠢᠬᠤᠯᠠ ᠬᠤᠷᠠᠯ᠂ ᠰᠢ ᠶᠢᠨ ᠫᠢᠩ ᠶᠡᠷᠤᠩᠬᠡᠢ ᠱᠦᠵᠢ ᠬᠤᠷᠠᠯ ᠲᠡᠭᠡᠷ᠎ᠡ ᠶᠠᠷᠢᠭᠰᠠᠨ ᠴᠢᠬᠤᠯᠠ ᠶᠠᠷᠢᠶ᠎ᠠ ᠨᠢ ᠦᠨᠦ ᠵᠢᠯ ᠤᠨ ᠠᠵᠦ ᠠᠬᠤᠢ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠤᠳᠤᠬᠠᠨ ᠤ ᠤᠯᠠᠨ ᠤᠯᠤᠰ ᠤᠨ ᠪᠠ ᠤᠯᠤᠰ ᠤᠨ ᠲᠤᠳᠤᠷᠠᠬᠢ ᠠᠵᠦ ᠠᠬᠤᠢ ᠶᠢᠨ ᠪᠠᠶᠢᠳᠠᠯ ᠢ ᠬᠦᠨᠵᠡᠬᠡᠢ ᠵᠠᠳᠠᠯᠵᠦ ᠂ ᠲᠠᠷᠠᠭ᠎ᠠ ᠵᠢᠯ ᠤᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠦ᠂ ᠨᠢᠭᠡᠨ ᠰᠢᠷᠢᠰ ᠴᠢᠬᠤᠯᠠ ᠲᠦᠷᠦ ᠶᠢᠨ ᠪᠤᠳᠤᠯᠭ᠎ᠠ ᠶᠢᠨ ᠰᠤᠷᠠᠭ ᠶᠢ ᠢᠯᠡ ᠪᠣᠯᠭᠠᠭᠰᠠᠨ᠂ ᠪᠢᠳᠡᠨ ᠤ ᠲᠠᠨᠢᠯᠳᠡ ᠶᠢ ᠨᠢᠭᠲᠠᠷᠠᠭᠤᠯᠤᠨ᠂ ᠢᠲᠡᠭᠡᠯ ᠵᠤᠷᠢᠭ ᠢ ᠬᠥᠪᠴᠢᠯᠡᠨ᠂ ᠲᠠᠷᠠᠭ᠎ᠠ ᠵᠢᠯ ᠤᠨ ᠠᠵᠦ ᠠᠬᠤᠢ ᠶᠢᠨ ᠠᠵᠢᠯ ᠢ ᠯᠠᠪᠳᠠᠭᠤᠨ ᠰᠠᠶᠢᠳᠤᠷ ᠬᠢᠬᠦ ᠳᠤ ᠴᠢᠬᠤᠯᠠ ᠮᠥᠷᠳᠡᠯᠭᠡ ᠶᠢ ᠬᠠᠩᠭᠠᠵᠠᠢ᠃ ᠡᠯ᠎ᠡ ᠱᠠᠳᠦ ᠡᠯ᠎ᠡ ᠰᠠᠯᠠᠭ᠎ᠠ ᠮᠦᠴᠢᠷ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠳᠤ ᠲᠤᠷᠠᠳᠤᠭᠰᠠᠨ ︽ᠲᠦᠷᠪᠡᠨ ᠡᠷᠬᠡᠪᠰᠢ︾ ᠶᠢᠨ ᠵᠢᠮ᠎ᠠ ᠶᠤᠰᠤᠴᠢ ᠴᠢᠨᠠᠷ ᠤᠨ ᠲᠠᠨᠢᠯᠳᠡ᠂ ᠲᠤᠯᠤᠭᠠᠨ ᠶᠡᠭᠡ ᠲᠦᠷᠦ ᠶᠢᠨ ᠪᠤᠳᠤᠯᠭ᠎ᠠ ᠶᠢᠨ ᠬᠠᠨᠳᠤᠰᠢ᠂ ᠲᠠᠪᠤᠨ ᠲᠠᠯ᠎ᠠ ᠶᠢᠨ ᠴᠢᠬᠤᠯᠠ ᠤᠨᠤᠯ ᠪᠠ ᠦᠢᠯᠡᠳᠦᠯᠬᠡ ᠶᠢᠨ ᠠᠰᠠᠭᠤᠳᠠᠯ ᠢ ᠤᠨᠤᠪᠴᠢᠲᠠᠢ ᠠᠳᠬᠤᠵᠦ᠂ ᠨᠠᠮ ᠤᠨ ᠲᠦᠪ ᠬᠤᠷᠢᠶ᠎ᠠ ᠠᠴᠠ ᠤᠳᠤᠬᠠᠨ ᠤ ᠠᠵᠦ ᠠᠬᠤᠢ ᠶᠢᠨ ᠪᠠᠶᠢᠳᠡᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠬᠤ ᠶᠢ ᠬᠦᠨᠵᠡᠬᠡᠢ ᠲᠠᠨᠢᠵᠦ᠂ ᠬᠦᠭᠵᠢᠯᠳᠡ ᠶᠢᠨ ᠤᠷᠴᠢᠨ ᠤ ᠰᠢᠨ᠎ᠡ ᠬᠤᠪᠢᠷᠠᠯᠳᠡ᠂ ᠰᠢᠨ᠎ᠡ ᠦᠷᠢᠰᠦᠯᠳᠦᠬᠡᠨ ᠢ ᠢᠳᠡᠪᠬᠢᠲᠠᠢ ᠠᠷᠭᠠᠴᠠᠭᠠᠵᠦ᠂ ᠠᠵᠦ ᠠᠬᠤᠢ ᠶᠢᠨ ᠲᠤᠭᠳᠠᠭᠤᠨ ᠡᠷᠬᠢᠯᠳᠡ᠂ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠪᠠᠳᠤᠯᠠᠨ᠎ᠠ᠃ ᠨᠠᠮ ᠤᠨ ᠲᠦᠪ ᠬᠤᠷᠢᠶ᠎ᠠ ᠶᠢᠨ ᠲᠠᠷᠠᠭ᠎ᠠ ᠵᠢᠯ ᠤᠨ ᠠᠵᠦ ᠠᠬᠤᠢ ᠶᠢᠨ ᠠᠵᠢᠯ ᠤᠨ ᠶᠡᠷᠤᠩᠬᠡᠢ ᠱᠠᠭᠠᠷᠯᠳᠠᠯᠭ᠎ᠠ ᠪᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠬᠦᠨᠵᠡᠬᠡᠢ ᠤᠶᠢᠯᠠᠭᠠᠵᠦ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠵᠦ᠂ ᠨᠤᠭᠤᠭᠠᠨ ᠬᠦᠭᠵᠢᠯᠳᠡ ᠪᠠᠷ ᠵᠢᠯᠤᠭᠤᠳᠤᠮᠵᠢ ᠪᠤᠯᠭᠠᠭᠰᠠᠨ ᠦᠨᠳᠦᠷ ᠴᠢᠨᠠᠷ ᠰᠠᠶᠢᠨᠳᠡᠢ ᠬᠦᠭᠵᠢᠯᠳᠡ ᠶᠢᠨ ᠰᠢᠨ᠎ᠡ ᠵᠠᠮ ᠢᠶᠠᠷ ᠭᠤᠶᠢᠪᠠᠰᠢ ᠦᠬᠡᠢ ᠵᠠᠮᠨᠠᠨ᠂ ᠬᠤᠰᠢᠭᠤ ᠲᠣᠭᠤᠷᠢᠭ ᠤᠨ ᠠᠵᠦ ᠠᠬᠤᠢ ᠶᠢᠨ ᠶᠠᠰᠤ ᠴᠢᠨᠠᠷ ᠲᠣᠭᠲᠠᠭᠤᠨ ᠲᠡᠭᠡᠭᠰᠢᠯᠡᠯᠳᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠲᠦᠯᠬᠢᠨ ᠠᠬᠢᠭᠤᠯᠤᠨ᠎ᠡ᠃
     ᠯᠢᠦ ᠴᠦᠩ ᠰᠢᠶᠣᠣ ᠵᠢᠭᠠᠵᠦ ᠭᠠᠷᠭᠠᠭᠰᠠᠨ ᠨᠢ᠂ ᠮᠠᠨ ᠤ ᠬᠤᠰᠢᠭᠤᠨ ᠤ ᠪᠦᠬᠦ ᠲᠠᠯ᠎ᠠ ᠪᠠᠷ ᠦᠬᠡᠷᠡᠴᠢᠯᠡᠯᠳᠡ  ᠶᠢ ᠬᠦᠨᠵᠡᠬᠡᠶᠢᠷᠡᠬᠦᠯᠬᠦ ᠡᠯ᠎ᠡ ᠲᠦᠷᠦᠯ ᠤᠨ ᠠᠵᠢᠯ ᠢ ᠪᠦᠬᠦ ᠬᠦᠴᠦ ᠪᠠᠷ ᠰᠠᠶᠢᠳᠤᠷ ᠠᠳᠬᠤᠨ᠂ ᠦᠬᠡᠷᠡᠴᠢᠯᠡᠯᠳᠡ ᠶᠢ ᠨᠠᠶᠢᠳᠠᠪᠤᠷᠢᠵᠢᠭᠤᠯᠬᠤ᠂ ᠦᠬᠡᠷᠡᠴᠢᠯᠡᠯᠳᠡ ᠶᠢᠨ ᠬᠦᠴᠢᠷ ᠠᠰᠠᠭᠤᠳᠠᠯ ᠢ ᠰᠢᠢᠳᠪᠤᠷᠢᠯᠡᠬᠦ᠂ ᠦᠬᠡᠷᠡᠴᠢᠯᠡᠯᠳᠡ ᠶᠢᠨ ᠠᠷᠭ᠎ᠠ ᠪᠠᠷᠢᠯ ᠢ ᠰᠢᠨᠡᠴᠢᠯᠡᠬᠦ ᠶᠢ ᠲᠦᠯᠬᠢᠨ ᠠᠬᠢᠭᠤᠯᠬᠤ ᠲᠡᠭᠡᠷ᠎ᠡ ᠬᠦᠴᠦ ᠲᠠᠯᠪᠢᠵᠦ᠂ ᠦᠬᠡᠷᠡᠴᠢᠯᠡᠯᠳᠡ ᠶᠢᠨ ᠠᠰᠢᠭ  ᠢ ᠡᠯ᠎ᠡ ᠦᠨᠳᠤᠰᠤᠲᠠᠨ ᠤ ᠤᠯᠠᠨ ᠲᠦᠮᠡᠨ ᠳᠤ ᠬᠦᠷᠳᠡᠭᠡᠨ᠎ᠡ᠃ ᠶᠠᠰᠤ ᠴᠢᠨᠠᠷ ᠢ ᠲᠡᠭᠡᠭᠰᠢᠯᠡᠬᠦᠯᠬᠦ ᠶᠢ ᠰᠤᠶᠤᠯ ᠤᠨ ᠪᠦᠳᠦᠭᠡᠯ ᠤᠨ ᠠᠮᠢᠨ ᠰᠤᠳᠠᠰᠤ ᠪᠤᠯᠭᠠᠵᠦ᠂ ᠤᠯᠠᠨ ᠠᠷᠪᠢᠨ ᠰᠢᠯᠢᠳᠡᠭ ᠪᠦᠳᠦᠬᠡᠯ ᠢ ᠴᠢᠷᠮᠠᠶᠢᠨ ᠪᠦᠳᠦᠭᠡᠨ᠎ᠡ᠃ ᠰᠤᠶᠤᠯ ᠪᠡᠶ᠎ᠡ ᠶᠢᠨ ᠲᠠᠮᠢᠷ ᠤᠨ ᠲᠦᠬᠦᠭᠡᠷᠤᠮᠵᠢ ᠶᠢᠨ ᠲᠤᠳᠠᠭᠳᠠᠯ ᠢ ᠨᠦᠬᠦᠪᠤᠷᠢᠯᠡᠵᠦ᠂ ᠬᠤᠰᠢᠭᠤ᠂ ᠰᠤᠮᠤ ᠪᠠᠯᠭᠠᠰᠦ ᠂ ᠭᠠᠴᠠᠭ᠎ᠠ ᠨᠡᠶᠢᠬᠡᠮ ᠲᠣᠭᠤᠷᠢᠭ ᠭᠡᠬᠦ ᠭᠤᠷᠪᠠᠨ ᠱᠠᠳᠤᠨ ᠤ ᠣᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠦᠨᠳᠤᠷ ᠪᠠᠷᠢᠮᠵᠢᠶ᠎ᠠ ᠲᠠᠢ ᠲᠦᠬᠦᠭᠡᠷᠤᠮᠵᠢ ᠶᠢ ᠪᠦᠳᠦᠭᠡᠨ ᠪᠠᠶᠢᠭᠤᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ  ᠢ ᠪᠠᠶᠠᠯᠢᠭᠵᠢᠭᠤᠯᠤᠨ᠎ᠠ᠃      ᠦᠨᠦ ᠵᠢᠯ ᠤᠨ ᠡᠯ᠎ᠡ ᠲᠦᠷᠦᠯ ᠤᠨ ᠬᠠᠷᠠᠯᠳᠡ ᠡᠬᠦᠷᠭᠡ ᠶᠢ ᠠᠮᠵᠢᠯᠲᠠᠲᠠᠢ ᠪᠡᠶᠡᠯᠡᠬᠦᠯᠵᠦ᠂ ᠲᠠᠷᠠᠭ᠎ᠠ ᠵᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠲᠤᠬᠠᠢ ᠯᠢᠦ ᠴᠦᠩ ᠰᠢᠶᠣᠣ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠦ ᠡᠯ᠎ᠡ ᠰᠠᠯᠠᠭ᠎ᠠ ᠮᠦᠴᠢᠷ ᠵᠢᠯ ᠤᠨ ᠡᠬᠢᠨ ᠳᠤ ᠲᠤᠭᠳᠠᠭᠠᠭᠰᠠᠨ ᠬᠠᠷᠠᠯᠳᠡ ᠡᠬᠦᠷᠭᠡ ᠳᠤ ᠬᠠᠷᠭᠤᠭᠤᠯᠤᠨ᠂ ᠲᠤᠳᠠᠭᠳᠠᠯ ᠲᠠᠢ ᠲᠠᠯ᠎ᠠ ᠪᠠᠨ ᠨᠦᠬᠦᠪᠤᠷᠢᠯᠡᠵᠦ᠂  ᠪᠤᠳᠠᠳᠠᠢ ᠦᠷ᠎ᠡ ᠪᠦᠳᠦᠮᠵᠢ ᠪᠠᠷ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠤᠯᠤᠨ ᠪᠦᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠳᠡᠢ ᠬᠠᠷᠢᠭᠤᠯᠳᠡ ᠲᠤᠰᠢᠶᠡᠨ᠎ᠡ᠃ ᠰᠤᠮᠤ ᠪᠠᠯᠭᠠᠰᠦᠨ ᠤ ᠰᠢᠨ᠎ᠡ ᠨᠢᠬᠡ ᠡᠬᠡᠯᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ ᠠᠵᠢᠯ ᠢ ᠰᠠᠶᠢᠳᠤᠷ ᠬᠢᠵᠦ᠂ ᠬᠤᠰᠢᠭᠤᠨ ᠤ ᠭᠠᠵᠠᠷ ᠤᠨ ᠲᠡᠰ ᠤᠨ ᠤᠳᠤᠷᠢᠳᠤᠯᠭ᠎ᠠ ᠪᠦᠬᠦ ᠶᠠᠪᠤᠴᠠ ᠳᠤ ᠤᠷᠤᠯᠴᠠᠨ  ᠵᠢᠯᠣᠭᠤᠳᠴᠤ᠂ ᠬᠠᠷᠢᠯᠴᠠᠬᠤ ᠪᠠᠷ ᠲᠠᠭᠠᠭᠠᠵᠦ ᠠᠪᠤᠭᠰᠠᠨ ᠰᠤᠮᠤ ᠪᠠᠯᠭᠠᠰᠦᠨ ᠤ ᠬᠢᠨᠠᠨ ᠵᠢᠯᠤᠭᠤᠳᠬᠤ ᠠᠵᠢᠯ ᠢ ᠰᠠᠶᠢᠳᠤᠷ ᠬᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠠᠮᠵᠢᠯᠲᠠᠲᠠᠢ ᠪᠡᠶᠡᠯᠡᠬᠦᠯᠬᠦ ᠶᠢ ᠪᠠᠳᠤᠯᠠᠨ᠎ᠠ᠃ ᠰᠤᠮᠤ ᠪᠠᠯᠭᠠᠰᠦᠨ ᠤ ᠨᠠᠮ ᠤᠨ ᠬᠤᠷᠢᠶᠠᠨ ᠤ ᠱᠦᠵᠢ ᠨᠢᠭᠡᠳᠦᠭᠡᠷ ᠬᠠᠷᠢᠭᠤᠴᠠᠭᠴᠢ ᠪᠣᠯᠣᠭᠰᠠᠨ ᠤ ᠬᠤᠪᠢ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠦᠪᠡᠷ ᠤᠨ ᠪᠡᠶ᠎ᠡ ᠪᠠᠷ ᠢᠶᠠᠨ ᠭᠤᠣᠯᠯᠠᠨ᠂ ᠵᠠᠩᠬᠢᠯᠠᠭ᠎ᠠ ᠶᠢ ᠠᠳᠬᠤᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠣᠰᠣᠭᠠᠷ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠭᠤᠭᠴᠤᠭ᠎ᠠ᠂ ᠡᠯ᠎ᠡ ᠶᠠᠪᠤᠴᠠ ᠶᠢ ᠬᠢᠨᠠᠮᠠᠭᠠᠢ  ᠲᠣᠬᠢᠷᠠᠭᠤᠯᠵᠤ᠂ ᠬᠤᠷᠠᠯ ᠤᠨ ᠠᠮᠵᠢᠯᠲᠠᠲᠠᠢ ᠬᠤᠷᠠᠯᠳᠤᠬᠤ ᠶᠢ ᠪᠠᠳᠤᠯᠠᠨ᠎ᠠ᠃ ᠬᠤᠰᠢᠭᠤᠨ ᠤ ︽ᠲᠦᠷᠪᠡᠨ ᠬᠤᠷᠠᠯ︾ ᠤᠨ ᠪᠡᠯᠡᠳᠭᠡᠯ ᠠᠵᠢᠯ ᠢ ᠨᠠᠷᠢᠯᠢᠭ ᠬᠢᠵᠦ᠂ ᠡᠯ᠎ᠡ ᠱᠠᠳᠦ ᠡᠯ᠎ᠡ ᠰᠠᠯᠠᠭ᠎ᠠ ᠮᠦᠴᠢᠷ ᠨᠢᠭᠳᠠ ᠰᠦᠪᠡᠭᠴᠢᠯᠡᠨ᠂ ᠬᠤᠷᠠᠯ ᠤᠨ ᠶᠠᠪᠤᠳᠠᠯ ᠢ ᠨᠢᠭᠡᠳᠦᠯᠳᠡᠢ ᠲᠦᠯᠦᠪᠯᠡᠬᠦ᠂ ᠪᠢᠴᠢᠭ ᠮᠠᠲ᠋ᠧᠷᠢᠶᠠᠯ ᠢ ᠲᠣᠭᠤᠷᠪᠢᠨ᠂ ᠬᠤᠷᠠᠯ  ᠤᠨ ᠰᠤᠩᠭᠤᠭᠤᠯᠢ᠂ ᠤᠬᠠᠭᠤᠯᠤᠨ ᠮᠡᠳᠡᠭᠡᠯᠡᠬᠦ᠂ ᠠᠮᠤᠷ ᠢ ᠬᠠᠮᠠᠭᠠᠯᠠᠬᠤ ᠵᠠᠬᠢᠳᠡᠯ ᠰᠤᠷᠪᠤᠯᠵᠢᠯᠠᠭ᠎ᠠ᠂ ᠠᠷᠤ ᠶᠢᠨ ᠦᠢᠯᠡᠴᠢᠯᠡᠭᠡᠨ ᠤ ᠪᠠᠳᠤᠯᠠᠭ᠎ᠠ ᠵᠡᠷᠭᠡ ᠡᠯ᠎ᠡ ᠲᠦᠷᠦᠯ ᠤᠨ ᠠᠵᠢᠯ ᠢ ᠯᠠᠪᠳᠠᠭᠤᠨ ᠲᠦᠯᠬᠢᠨ ᠠᠬᠢᠭᠤᠯᠵᠦ᠂ ᠬᠠᠤᠯᠢ ᠶᠢᠨ ᠶᠠᠪᠤᠴᠠ ᠶᠤᠰᠤᠭᠠᠷ ᠬᠤᠷᠠᠯ ᠤᠨ ᠡᠯ᠎ᠡ ᠲᠦᠷᠦᠯ ᠤᠨ ᠡᠬᠦᠷᠭᠡ ᠶᠢ ᠪᠡᠶᠡᠯᠡᠬᠦᠯᠦᠨ᠎ᠡ᠃ ᠬᠡᠪ ᠤᠨ ᠪᠠᠶᠢᠳᠡᠯ  ᠤᠨ ᠬᠢᠵᠢᠭ ᠤᠨ ᠪᠠᠶᠢᠳᠡᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠪᠠᠷᠢᠯ ᠢ ᠰᠤᠯᠠᠷᠠᠭᠤᠯᠤᠯ ᠦᠬᠡᠢ ᠠᠳᠬᠤᠵᠦ᠂ ᠬᠤᠷᠠᠯ ᠤᠨ ᠡᠮᠬᠢ ᠵᠢᠷᠤᠮ ᠲᠠᠢ ᠬᠤᠷᠠᠯᠳᠤᠬᠤ ᠶᠢ ᠪᠠᠳᠤᠯᠠᠨ᠎ᠠ᠃ ᠲᠠᠷᠠᠭ᠎ᠠ ᠵᠢᠯ ᠤᠨ ᠠᠵᠦ ᠠᠬᠤᠢ  ᠶᠢᠨ ᠠᠵᠢᠯ ᠤᠨ ᠶᠡᠷᠤᠩᠬᠡᠢ ᠡᠬᠦᠷᠭᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂ ᠲᠠᠷᠠᠭ᠎ᠠ ᠵᠢᠯ ᠤᠨ ᠭᠤᠤᠯᠳᠠᠯᠭᠠᠳᠦ ᠲᠦᠰᠦᠯ᠂ ᠭᠤᠤᠯᠳᠠᠯᠭᠠᠳᠦ ᠢᠨᠵᠧᠨᠧᠷᠢᠩ᠂ ᠴᠢᠬᠤᠯᠠ ᠠᠵᠢᠯ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠳᠡᠢ ᠲᠦᠯᠦᠪᠯᠡᠨ᠂ ᠲᠦᠰᠦᠯ ᠤᠨ ᠨᠤᠳᠠᠯᠯᠠᠳᠡ᠂ ᠲᠦᠯᠦᠪᠵᠢᠬᠦᠯᠬᠡ  ᠶᠢᠨ ᠵᠢᠷᠤᠭ ᠲᠥᠯᠥᠪᠯᠡᠭᠡ᠂ ᠵᠠᠰᠠᠭ ᠵᠠᠬᠢᠷᠭᠠᠨ ᠤ ᠵᠦᠪᠰᠢᠶᠡᠷᠡᠯ᠂ ᠡᠬᠢ ᠪᠠᠶᠠᠯᠢᠭ ᠤᠨ ᠡᠯᠧᠮᠧᠨ᠋ᠲ ᠤᠨ ᠪᠠᠳᠤᠯᠠᠭ᠎ᠠ ᠵᠡᠷᠭᠡ ᠪᠡᠯᠡᠳᠭᠡᠯ ᠠᠵᠢᠯ ᠢ ᠤᠷᠢᠳᠴᠢᠯᠡᠨ ᠬᠢᠵᠦ᠂ ᠲᠦᠰᠦᠯ ᠪᠤᠯᠭᠠᠨ ᠨᠢ ᠦᠷ᠎ᠡ ᠠᠰᠢᠭ ᠤᠯᠬᠤ ᠶᠢ ᠪᠠᠳᠤᠯᠠᠨ᠎ᠠ᠃ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠬᠦᠴᠢᠷᠳᠡᠯᠳᠡᠢ ᠤᠯᠠᠨ ᠲᠦᠮᠡᠨ ᠢ ᠬᠠᠪᠰᠤᠷᠤᠨ ᠲᠡᠳᠬᠦᠵᠦ᠂  ᠲᠣᠬᠤᠨᠢᠭᠤᠯᠤᠨ 2022 ᠤᠨ ᠤ ᠠᠷᠠᠳ ᠲᠤ ᠪᠡᠶᠡᠯᠡᠬᠦᠯᠬᠦ ᠪᠤᠳᠠᠳᠦ ᠶᠠᠪᠤᠳᠠᠯ ᠤᠨ ᠲᠦᠰᠦᠯ ᠢ ᠬᠢᠨᠠᠮᠠᠭᠠᠢ ᠰᠦᠪᠡᠭᠴᠢᠯᠡᠵᠦ᠂ ᠠᠷᠠᠳ  ᠤᠨ ᠠᠮᠢᠳᠤᠷᠠᠯ ᠤᠨ ᠰᠠᠭᠤᠷᠢ ᠱᠤᠭᠤᠮ ᠢ ᠪᠠᠬᠢᠵᠢᠬᠦᠯᠦᠨ᠎ᠡ ᠬᠡᠰᠡᠨ ᠪᠠᠶᠢᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号