ᠠᠯᠠᠱᠠ ᠪᠠᠷᠠᠭᠤᠨ ᠬᠤᠰᠢᠭᠤ ᠲᠦᠰᠤᠯ ᠢᠶᠠᠷ ᠠᠵᠤ ᠠᠬᠤᠢ ᠨᠡᠶᠢᠭᠡᠮ ᠤᠨ ᠦᠨᠳᠦᠷ ᠴᠢᠨᠠᠷ ᠰᠠᠶᠢᠳᠠᠢ | ᠬᠦᠭᠵᠢᠯᠳᠡ ᠶᠢ ᠳᠠᠭᠠᠭᠤᠯᠤᠨ᠂ ᠭᠤᠤᠯᠳᠠᠯᠭᠠᠳᠤ ᠲᠦᠰᠤᠯ ᠤᠨ ᠪᠦᠳᠤᠭᠡᠨ ᠪᠠᠶᠢᠭᠤᠯᠤᠯᠤᠳᠡ ᠶᠢ ᠪᠦᠬᠦ ᠬᠦᠴᠤ ᠪᠠᠷ | ᠠᠬᠢᠭᠤᠯᠵᠤ᠂ 2021 ᠤᠨ ᠳᠤ ᠠᠯᠠᠱᠠ ᠪᠠᠷᠠᠭᠤᠨ ᠬᠤᠰᠢᠭᠤ 52 ᠲᠦᠷᠤᠯ ᠤᠨ ᠭᠤᠤᠯᠳᠠᠯᠭᠠᠳᠤ ᠲᠦᠰᠤᠯ ᠤᠨ | ᠪᠦᠳᠤᠭᠡᠨ ᠪᠠᠶᠢᠭᠤᠯᠤᠯᠲᠠ ᠶᠢ ᠪᠠᠶᠢᠭᠤᠯᠬᠤ ᠪᠠᠷ ᠲᠤᠭᠳᠠᠵᠤ᠂ ᠪᠦᠬᠦ ᠵᠢᠯ ᠳᠤ 37.4 ᠳ᠋ᠥᠩᠰᠢᠭᠤᠷ ᠲᠦᠬᠦᠷᠢᠭ | ᠤᠨ ᠪᠡᠯᠡ ᠤᠷᠤᠭᠤᠯᠬᠤ ᠪᠠᠷ ᠲᠥᠯᠥᠪᠯᠡᠨ᠂ ᠤᠳᠤᠬᠠᠨ ᠪᠤᠯᠬᠤ ᠳᠤ ᠨᠢᠭᠡᠨᠳᠡ 27 ᠳ᠋ᠥᠩᠰᠢᠭᠤᠷ ᠲᠦᠬᠦᠷᠢᠭ ᠤᠨ | ᠪᠡᠯᠡ ᠤᠷᠤᠭᠤᠯᠤᠯᠳᠡ ᠶᠢ ᠪᠡᠶᠡᠯᠡᠬᠦᠯᠦᠭᠰᠡᠨ ᠪᠠᠶᠢᠨ᠎ᠠ᠃ | | | | | ᠠᠶᠢᠮᠠᠭ ᠤᠨ ᠭᠤᠤᠯᠳᠠᠯᠭᠠᠳᠤ ᠲᠦᠰᠤᠯ ᠪᠤᠯᠬᠤ ᠠᠯᠠᠱᠠ ᠪᠠᠷᠠᠭᠤᠨ ᠬᠤᠰᠢᠭᠤᠨ ᠤ ᠶᠠᠪᠠᠷᠠᠢ ᠠᠵᠤ | ᠦᠢᠯᠡᠳᠪᠦᠷᠢ ᠶᠢᠨ ᠲᠥᠪᠯᠡᠷᠡᠯ ᠤᠨ ᠤᠷᠤᠨ ᠤ ᠨᠢᠭᠡᠳᠦᠯᠲᠡᠢ ᠢᠯᠴᠢ ᠬᠠᠩᠭᠠᠬᠤ ᠪᠠᠷᠢᠯᠭ᠎ᠠ ᠶᠢᠨ ᠲᠤᠬᠠᠢ ᠶᠢᠨ ᠲᠠᠯᠠᠪᠠᠢ | ᠳᠤ᠂ ᠠᠵᠢᠯᠳᠠᠳ ᠠᠴᠠ ᠤᠰᠤ ᠬᠠᠩᠭᠠᠬᠤ ᠰᠢᠰᠢᠲ᠋ᠧᠮ ᠢ ᠪᠠᠶᠢᠴᠠᠭᠠᠨ ᠲᠤᠷᠰᠢᠵᠤ ᠪᠠᠶᠢᠯ᠎ᠠ᠃ ᠲᠤᠰ ᠲᠦᠰᠤᠯ ᠳᠤ | 6433 ᠲᠦᠮᠡᠨ ᠲᠦᠬᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠨ᠂ ᠤᠳᠤ ᠪᠤᠯᠬᠤ ᠳᠤ ᠨᠢᠭᠡᠨᠳᠡ 2200 | ᠲᠦᠮᠡᠨ ᠲᠦᠬᠦᠷᠢᠩ ᠤᠨ ᠪᠡᠯᠡ ᠤᠷᠤᠭᠤᠯᠵᠤ᠂ ᠭᠤᠤᠯᠳᠠᠭᠤ 20 ᠲᠤᠨ ᠪᠠ 35 ᠲᠤᠨ ᠤ ᠬᠤᠶᠠᠷ | ᠬᠦᠬᠦᠷᠵᠢᠬᠦᠯᠬᠦ ᠵᠤᠤᠬ᠎ᠠ ᠪᠠᠶᠢᠭᠤᠯᠬᠤ ᠶᠢᠨ ᠬᠠᠮᠳᠤ ᠬᠦᠬᠦᠷ ᠦᠭᠡᠶᠢᠳᠡᠬᠦᠯᠬᠦ ᠨᠢᠲᠷᠣ᠋ ᠦᠭᠡᠶᠢᠳᠡᠬᠦᠯᠬᠦ ᠲᠦᠬᠦᠭᠡᠷᠤᠮᠵᠢ | ᠶᠢ ᠲᠣᠬᠢᠷᠠᠭᠤᠯᠤᠨ᠎ᠠ᠂ ᠲᠦᠰᠤᠯ ᠠᠰᠢᠭᠯᠠᠯᠳᠠ ᠳᠤ ᠤᠷᠤᠪᠠᠯ ᠶᠠᠪᠠᠷᠠᠢ ᠠᠵᠤ ᠦᠢᠯᠡᠳᠪᠦᠷᠢ ᠶᠢᠨ ᠲᠥᠪᠯᠡᠷᠡᠯ ᠤᠨ | ᠤᠷᠤᠨ ᠤ ᠭᠡᠰᠡᠭ ᠠᠵᠤ ᠠᠬᠤᠶᠢᠯᠠᠯ ᠤᠨ ᠥᠪᠡᠷᠰᠡᠳ ᠢᠶᠠᠨ ᠪᠠᠭ᠎ᠠ ᠵᠤᠤᠬ᠎ᠠ ᠪᠠᠷ ᠲᠤᠯᠠᠭᠠᠯᠭ᠎ᠠ ᠬᠠᠩᠭᠠᠵᠤ ᠪᠣᠢ | ᠪᠠᠶᠢᠳᠠᠯ ᠢ ᠦᠭᠡᠷᠡᠴᠢᠯᠡᠨ᠎ᠡ᠃ | | | | | | | | ᠶᠠᠪᠠᠷᠠᠢ ᠠᠵᠤ ᠦᠢᠯᠡᠳᠪᠦᠷᠢ ᠶᠢᠨ ᠲᠥᠪᠯᠡᠷᠡᠯ ᠤᠨ ᠤᠷᠤᠨ ᠤ ᠡᠮᠤᠨᠡᠳᠤ ᠲᠠᠯ᠎ᠠ ᠶᠢᠨ ᠠᠵᠤ ᠦᠢᠡᠯᠰ ᠤᠨ | ᠲᠦᠪᠯᠡᠷᠡᠩᠬᠦᠢ ᠤᠷᠤᠨ ᠳᠤ᠂ ᠪᠠᠭ᠎ᠠ ᠬᠡᠯᠪᠡᠷᠢ ᠶᠢᠨ ᠵᠤᠤᠬ᠎ᠠ ᠨᠢ ᠤᠯᠠᠩᠬᠢ ᠨᠢ ᠵᠠᠯᠭᠠᠭ᠎ᠠ ᠲᠠᠢ ᠵᠤᠤᠬ᠎ᠠ ᠪᠣᠢ᠂ | ᠰᠢᠲᠠᠭᠠᠯᠭ᠎ᠠ ᠶᠢᠨ ᠨᠡᠬᠦᠷᠡᠰᠤ ᠶᠡᠭᠡ ᠬᠡᠷᠡᠭᠰᠡᠬᠦ ᠮᠦᠷᠳᠡᠭᠡᠨ ᠪᠤᠬᠢᠷᠳᠡᠯ ᠶᠡᠭᠡ᠃ ᠲᠦᠰᠤᠯ ᠨᠢ ᠪᠠᠶᠢᠭᠤᠯᠤᠭᠳᠡᠪᠡᠯ᠂ | ᠬᠦᠬᠦᠷᠵᠢᠬᠦᠯᠬᠦ ᠵᠤᠤᠬ᠎ᠠ ᠶᠢ ᠠᠰᠢᠭᠯᠠᠨ᠎ᠠ᠂ ᠡᠨᠡᠬᠦ ᠵᠤᠤᠬ᠎ᠠ ᠨᠢ ᠨᠡᠬᠦᠷᠡᠰᠤᠨ ᠤ ᠬᠡᠷᠡᠭᠴᠡᠭᠡ ᠪᠠᠭ᠎ᠠ᠂ ᠨᠡᠭᠦᠷᠡᠰᠦ | ᠰᠢᠲᠠᠭᠰᠠᠨ ᠤ ᠲᠠᠷᠠᠭ᠎ᠠ ᠵᠤᠤᠬ᠎ᠠ ᠶᠢᠨ ᠨᠤᠷᠮ᠎ᠠ ︵nurma︶ ᠶᠢᠨ ᠢᠯᠴᠢ ᠶᠢᠨ ᠭᠡᠮᠵᠢᠶ᠎ᠡ ᠨᠢ 6% ᠳᠤ ᠬᠦᠷᠴᠦ | ᠂ ᠡᠨᠧᠷᠬᠢ ᠠᠷᠪᠢᠯᠠᠬᠤ ᠮᠦᠷᠳᠡᠭᠡᠨ ᠦᠷ᠎ᠡ ᠠᠰᠢᠭ ᠪᠠᠷ ᠦᠨᠳᠤᠷ ᠃ | | | | | | | | ᠶᠠᠪᠠᠷᠠᠢ ᠶᠢᠨ ᠪᠣᠬᠢᠷ ᠤᠰᠤ ᠶᠢ ᠰᠢᠢᠳᠪᠦᠷᠢᠯᠡᠬᠦ ᠮᠡᠷᠭᠡᠵᠢᠯ ᠤᠨ ᠦᠭᠡᠷᠡᠴᠢᠯᠡᠯᠳᠡ ᠶᠢᠨ ᠢᠨᠵᠧᠨᠧᠷᠢᠩ ᠪᠤᠯ | ᠠᠯᠠᠱᠠ ᠪᠠᠷᠠᠭᠤᠨ ᠬᠤᠰᠢᠭᠤᠨ ᠤ 2021 ᠤᠨ ᠤ ᠭᠤᠤᠯᠳᠠᠯᠭᠠᠳᠤ ᠲᠦᠰᠤᠯ ᠤᠨ ᠪᠦᠳᠤᠭᠡᠨ ᠪᠠᠶᠢᠭᠤᠯᠤᠯᠳᠡ ᠶᠢᠨ | ᠨᠢᠭᠡ ᠪᠠᠶᠢᠵᠤ᠂ ᠮᠦᠨᠴᠤ ᠠᠶᠢᠠᠮᠭ ᠤᠨ ᠲᠡᠰ ᠤᠨ ᠭᠤᠤᠯᠳᠠᠯᠭᠠᠳᠤ ᠲᠦᠰᠤᠯ ᠪᠤᠯᠤᠨ᠎ᠡ ᠃ ᠡᠨᠡᠬᠦ ᠢᠨᠵᠧᠨᠧᠷᠢᠩ ᠨᠢ | ᠤᠤᠯ ᠤᠨ ᠶᠠᠪᠠᠷᠠᠢ ᠠᠵᠤ ᠦᠢᠯᠡᠳᠪᠦᠷᠢ ᠶᠢᠨ ᠲᠥᠪᠯᠡᠷᠡᠯ ᠤᠨ ᠤᠷᠤᠨ ᠤ ᠪᠣᠬᠢᠷ ᠤᠰᠤ ᠶᠢ ᠰᠢᠢᠳᠪᠦᠷᠢᠯᠡᠬᠦ | ᠦᠢᠯᠡᠳᠪᠦᠷᠢ ᠳᠤ ᠮᠡᠷᠭᠡᠵᠢᠯ ᠤᠨ ᠦᠭᠡᠷᠡᠴᠢᠯᠡᠯᠳᠡ ᠬᠢᠵᠤ᠂ ᠮᠡᠷᠭᠡᠵᠢᠯ ᠤᠨ ᠦᠭᠡᠷᠡᠴᠢᠯᠡᠯᠳᠡ ᠪᠠᠷ ᠲᠠᠮᠵᠢᠨ | ᠤᠰᠤᠨ ᠤ ᠳᠣᠲᠣᠷᠠᠬᠢ ᠦᠯᠡᠳᠡᠭᠳᠡᠯ ᠲᠠᠪᠤᠰᠤ ᠶᠢ ᠢᠯᠭᠠᠷᠠᠭᠤᠯᠵᠤ ᠭᠠᠷᠭᠠᠨ᠂ ᠤᠰᠤ ᠶᠢ ᠲᠠᠬᠢᠨ ᠠᠰᠢᠭᠯᠠᠬᠤ | ᠪᠠᠷᠢᠮᠵᠢᠶᠠᠨ ᠳᠤ ᠬᠦᠷᠭᠡᠨ᠎ᠡ᠃ ᠤᠳᠤ ᠨᠢᠭᠡᠨᠳᠡ ᠨᠢᠭᠡᠳᠤᠭᠡᠷ ᠬᠤᠭᠤᠴᠭᠠᠨ ᠤ ᠪᠠᠷᠢᠯᠭ᠎ᠠ ᠲᠠᠭᠤᠰᠴᠤ᠂ ᠡᠳᠤᠷ ᠲᠤ | ᠪᠠᠨ 100 ᠲᠤᠨ ᠤᠰᠤ ᠰᠢᠢᠳᠪᠦᠷᠢᠯᠡᠵᠤ ᠪᠤᠢ᠃ | | | | | | | | ᠦᠪᠡᠷᠳᠡᠭᠡᠨ ᠵᠠᠰᠠᠬᠤ ᠤᠷᠤᠨ ᠠᠴᠠ ᠠᠯᠠᠱᠠ ᠪᠠᠷᠠᠭᠤᠨ ᠬᠤᠰᠢᠭᠤᠨ ᠳᠤ ᠬᠢᠨᠠᠯᠲᠠ ᠲᠠᠯᠪᠢᠵᠤ ᠪᠠᠶᠢᠭ᠎ᠠ | ᠲᠦᠰᠤᠯ 9 ᠪᠣᠢ᠃ ᠨᠡᠶᠢᠳᠡ 199.8 ᠳ᠋ᠥᠩᠰᠢᠭᠤᠷ ᠲᠦᠬᠦᠷᠢᠭ ᠤᠨ ᠪᠡᠯᠡ ᠤᠷᠤᠭᠤᠯᠤᠳᠡ ᠲᠠᠢ᠂ ᠵᠢᠯ ᠳᠤ ᠪᠠᠨ | 22.9 ᠳ᠋ᠥᠩᠰᠢᠭᠤᠷ ᠲᠦᠬᠦᠷᠢᠭ ᠤᠨ ᠪᠡᠯᠡ ᠤᠷᠤᠭᠤᠯᠵᠤ ᠪᠠᠷ ᠲᠦᠯᠤᠪᠯᠡᠵᠡᠢ᠃ 11 ᠰᠠᠷ᠎ᠠ ᠶᠢᠨ ᠰᠡᠬᠦᠯᠴᠢ | ᠪᠤᠯᠬᠤ ᠳᠤ᠂ ᠲᠥᠰᠥᠯ ᠤᠨ ᠠᠵᠢᠯ ᠡᠬᠢᠨᠯᠵᠤ᠂ 15.9 ᠳ᠋ᠥᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠵᠢᠯ | ᠤᠨ ᠪᠡᠯᠡ ᠣᠷᠣᠭᠤᠯᠤᠯᠲᠠ ᠶᠢᠨ ᠬᠠᠷᠠᠯᠳᠠ ᠶᠢᠨ 69.4% ᠶᠢ ᠪᠡᠶᠡᠡᠯᠬᠦᠯᠵᠡᠢ᠃ ᠠᠯᠠᠱᠠ ᠪᠠᠷᠠᠭᠤᠨ ᠬᠤᠰᠢᠭᠤᠨ ᠤ | ᠬᠢᠨᠠᠯᠲᠠ ᠲᠠᠯᠪᠢᠵᠤ ᠪᠠᠶᠢᠭ᠎ᠠ ᠠᠶᠢᠮᠠᠭ ᠤᠨ ᠲᠡᠰ ᠤᠨ ᠭᠤᠤᠯᠳᠠᠯᠭᠠᠳᠤ ᠲᠦᠰᠤᠯ ᠨᠢ 100% ᠪᠠᠷ ᠠᠵᠢᠯ ᠡᠬᠢᠨᠯᠵᠤ | ᠂ ᠪᠦᠬᠦ ᠪᠡᠯᠡ ᠤᠷᠤᠭᠤᠯᠤᠯᠳᠡ 15.9 ᠳ᠋ᠥᠩᠰᠢᠭᠤᠷ ᠲᠦᠬᠦᠷᠢᠭ ᠶᠢ ᠪᠡᠶᠡᠯᠡᠭᠦᠯᠵᠡᠢ᠃ | | | | | |