11 ᠰᠠᠷ᠎ᠠ ᠶᠢᠨ 29 ᠤ ᠡᠳᠦᠷ᠂ ᠠᠯᠠᠱᠠ ᠪᠠᠷᠠᠭᠤᠨ ᠬᠤᠰᠢᠭᠤ ᠮᠠᠯᠴᠢᠨ ᠲᠠᠷᠢᠶᠠᠴᠢᠨ ᠬᠦᠯᠦᠰᠦᠨ | ᠠᠵᠢᠯᠴᠢᠨ ᠤ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠵᠠᠭᠤᠨ ᠡᠳᠦᠷ ᠤᠨ ᠪᠤᠭᠤᠮᠳᠠ | ᠰᠢᠪᠳᠤᠯᠬᠤ︾ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤᠨ ᠤ ᠳᠡᠳ᠋ ᠳᠠᠷᠤᠭ᠎ᠠ ᠰᠢᠶᠤ ᠹᠠᠩ ᠷᠧᠨ ᠬᠤᠷᠠᠯ ᠢ ᠡᠷᠭᠢᠯᠡᠨ | ᠶᠠᠷᠢᠶ᠎ᠠ ᠲᠠᠯᠪᠢᠵᠤ᠂ ᠬᠤᠰᠢᠭᠤᠨ ᠤ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠲᠤᠰᠬᠠᠶ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | | | | | ᠬᠤᠷᠠᠯ ᠠᠴᠠ ︽ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠢᠲᠡᠭᠡᠯ | ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠤᠯᠠᠮᠵᠢᠯᠠᠨ ᠰᠤᠷᠤᠯᠴᠠᠵᠤ᠂ 2021 ᠣᠨ ᠤ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠠᠵᠢᠯ ᠤᠨ ᠪᠠᠶᠢᠳᠠᠯ ᠢ ᠨᠡᠶᠢᠲᠡᠯᠡᠵᠡᠢ᠃ ᠬᠤᠷᠠᠯ ᠠᠴᠠ᠂ ᠮᠠᠯᠴᠢᠨ ᠲᠠᠷᠢᠶᠠᠴᠢᠨ | ᠬᠦᠯᠦᠰᠦᠨ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠨᠢ ᠮᠠᠯᠴᠢᠨ | ᠲᠠᠷᠢᠶᠠᠴᠢᠨ ᠬᠦᠯᠦᠰᠦᠨ ᠠᠵᠢᠯᠴᠢᠨ ᠤ ᠤᠨ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ | ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠯᠤᠰ | ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠳᠬᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ | ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠤᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠴᠠᠯᠢᠩ ᠥᠷᠢᠲᠦᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯᠴᠢᠨ | ᠲᠠᠷᠢᠶᠠᠴᠢᠨ ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ᠬᠤᠷᠠᠯ ᠠᠴᠠ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠨᠢᠭᠡᠴᠡ ᠪᠣᠯᠤᠨ ᠠᠵᠢᠯ ᠲᠦᠷᠦᠯ ᠤᠨ ᠠᠵᠤ ᠠᠬᠤᠶᠢᠯᠠᠯ ᠤᠨ | ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠥᠪ ᠤᠨ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠬᠤ ᠶᠢ ᠱᠠᠯᠠᠪᠳᠠᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠯ᠎ᠡ ᠵᠦᠢᠯ ᠤᠨ | ᠲᠦᠷᠢᠮ ᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ | ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠬᠡᠷᠡᠭᠲᠡᠢ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠶᠡᠬᠡᠪᠡᠷ ᠵᠢᠷᠤᠮᠵᠢᠭᠤᠯᠵᠤ᠂ ᠲᠦᠰᠢᠵᠦ ᠳᠠᠭᠠᠭᠠᠴᠢᠯᠠᠬᠤ᠂ ᠬᠠᠤᠯᠢ ᠠᠴᠠ ᠵᠥᠷᠢᠴᠡᠨ | ᠬᠤᠪᠢᠶᠠᠨ ᠳᠠᠭᠠᠭᠠᠴᠢᠯᠠᠬᠤ᠂ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠬᠤ᠂ ᠪᠠᠯᠠ ᠮᠥᠩᠭᠦ ᠶᠢ ᠣᠷᠣᠯᠠᠨ | ᠪᠠᠷᠢᠯᠭ᠎ᠠ ᠪᠠᠷᠢᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠥᠲᠥᠭᠡᠨ ᠪᠠᠶᠢᠭᠤᠯᠤᠯᠲᠠ ᠶᠢᠨ ᠪᠠᠯᠠ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ | ᠴᠠᠯᠢᠩ ᠢ ᠰᠠᠯᠭᠠᠨ ᠥᠭᠬᠦ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠠᠷᠢᠯᠭ᠎ᠠ ᠪᠠᠷᠢᠬᠤ | ᠨᠢᠭᠡᠴᠡ ᠶᠢᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠤᠨ ᠲᠤᠰᠬᠠᠶ ᠲᠠᠩᠰᠠᠨ ᠡᠷᠦᠬᠡ ᠳᠤ | ᠴᠠᠯᠢᠩ ᠤᠨ ᠵᠣᠭᠤᠰ ᠢ ᠰᠠᠷ᠎ᠠ ᠪᠦᠷᠢ ᠴᠠᠭ ᠲᠤᠬᠠᠶ ᠳᠤᠨᠢ ᠰᠠᠯᠭᠠᠨ ᠥᠭᠴᠦ᠂ ᠪᠠᠷᠢᠯᠭ᠎ᠠ ᠶᠢᠨ ᠵᠣᠭᠤᠰ ᠢ ᠥᠷᠢᠲᠦᠵᠦ | ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ | ᠴᠢᠩᠭᠠᠳᠬᠠᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ | ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ︽ᠵᠠᠭᠤᠨ ᠡᠳᠦᠷ ᠤᠨ | ᠪᠣᠭᠤᠮᠲᠠ ᠰᠢᠪᠲᠤᠯᠬᠤ︾ ᠠᠵᠢᠯᠯᠠᠭ᠎ᠠ ᠶᠢ ᠦᠨᠡᠨᠬᠦ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠳᠦᠷ ᠲᠤᠲᠤᠮ ᠤᠨ | ᠴᠢᠬᠤᠯᠠ ᠵᠥᠪᠯᠡᠬᠦ ᠵᠤᠶᠢᠯ ᠳᠡᠭᠡᠨ ᠣᠷᠣᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠴᠠᠯᠢᠩ ᠥᠷᠢᠲᠦᠬᠦ᠂ | ᠴᠠᠯᠢᠩ ᠥᠭᠬᠦ ᠲᠦᠷᠢᠮ ᠢ ᠨᠠᠶᠢᠳᠠᠪᠤᠷᠢᠵᠢᠭᠤᠯᠬᠤ ᠶᠢ ᠪᠠᠲᠤᠯᠠᠬᠤ᠂ ᠴᠠᠯᠢᠩ ᠥᠷᠢᠲᠦᠬᠦ ᠰᠦᠪᠡᠭᠴᠢ ᠶᠢ ᠪᠠᠶᠢᠴᠠᠭᠠᠨ | ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠠᠷᠭ᠎ᠠ ᠵᠠᠮ ᠰᠠᠭᠠᠳ ᠥᠬᠡᠶ ᠪᠠᠶᠢᠬᠤ᠂ ᠳᠠᠯᠳᠠ ᠬᠡᠮ ᠢ ᠵᠢᠭᠰᠠᠭᠠᠨ | ᠪᠠᠶᠢᠴᠠᠭᠠᠬᠤ ︽ᠲᠠᠪᠤ︾ ᠶᠢᠨ ᠲᠤᠰᠬᠠᠶ ᠵᠠᠰᠠᠯᠲᠠ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠶ᠃ ᠬᠤᠰᠢᠭᠤᠨ ᠤ | ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠢ ᠥᠷᠢᠲᠦᠭᠰᠡᠨ ᠢ ᠦᠨᠳᠦᠰᠦᠨ ᠠᠴᠠ ᠨᠢ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢᠳᠡᠪᠬᠢᠲᠡᠶ ᠪᠠᠷ ᠠᠵᠢᠯᠯᠠᠵᠤ᠂ ᠴᠠᠯᠢᠩ ᠥᠷᠢᠲᠦᠭᠰᠡᠨ | ᠰᠦᠪᠡᠭᠴᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠴᠤᠭᠯᠠᠭᠤᠯᠵᠤ᠂ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠴᠠᠭ ᠲᠤᠬᠠᠶ ᠳᠤᠨᠢ ᠰᠠᠯᠭᠠᠨ ᠲᠣᠬᠢᠷᠠᠭᠤᠯᠵᠤ᠂ ᠴᠠᠯᠢᠩ ᠥᠷᠢᠲᠦᠭᠰᠡᠨ ᠢ ᠢᠯᠡᠴᠢᠯᠡᠨ | ᠮᠡᠳᠡᠭᠦᠯᠵᠦ ᠵᠠᠭᠠᠯᠳᠤᠭᠰᠠᠨ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠶᠢ ᠪᠠᠲᠤᠯᠠᠵᠤ᠂ ᠮᠠᠯᠴᠢᠨ ᠲᠠᠷᠢᠶᠠᠴᠢᠨ | ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠵᠤ᠂ ︽ᠵᠠᠭᠤᠨ | ᠡᠳᠦᠷ ᠤᠨ ᠪᠣᠭᠤᠮᠲᠠ ᠰᠢᠪᠲᠤᠯᠬᠤ︾ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ᠃ | | |