ᠣᠶᠢᠷ᠎ᠠ ᠳᠤ᠂ ᠤᠯᠤᠰ ᠠᠴᠠ ᠦᠢᠯᠡᠳᠬᠦ ᠦᠢᠯᠡᠰ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠳᠤ | ᠱᠠᠳᠣᠴᠢ ᠴᠢᠨᠠᠷᠲᠠᠶ ᠭᠠᠶᠢᠯᠢ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠨᠠᠮᠳᠠᠭᠤᠯᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠪᠠᠶᠢᠷᠢᠯᠠᠭᠤᠯᠪᠠ᠃ ᠱᠠᠲᠤᠴᠢ ᠴᠢᠨᠠᠷᠲᠠᠶ | ᠭᠠᠶᠢᠯᠢ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ | ᠬᠦᠢᠴᠡᠳᠬᠡᠬᠦ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠬᠡᠨ ᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ | ᠥᠭᠪᠡ᠃ ᠣᠳᠣᠬᠠᠨ ᠳᠤ᠂ ᠬᠠᠷᠢᠶ᠎ᠠ ᠣᠷᠣᠨ ᠤ 9 ᠠᠵᠤ ᠠᠬᠤᠶᠢᠯᠠᠯ ᠳᠤ ᠭᠠᠶᠢᠯᠢ ᠶᠢᠨ ᠰᠦᠢᠳᠬᠡᠯ ᠢ ᠨᠡᠶᠢᠲᠡ | 54 . 83 ᠲᠦᠮᠡᠨ ᠲᠥᠭᠦᠷᠢᠭ ᠬᠤᠶᠢᠰᠢᠯᠠᠭᠤᠯᠤᠨ ᠲᠤᠰᠢᠶᠠᠵᠤ ᠥᠭᠴᠡᠶ᠃ | 11 ᠰᠠᠷ᠎ᠠ ᠳᠤ ᠱᠠᠲᠤᠴᠢ ᠴᠢᠨᠠᠷᠲᠠᠶ ᠭᠠᠶᠢᠯᠢ ᠶᠢᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠠᠯᠠᠱᠠ ᠪᠠᠷᠠᠭᠤᠨ ᠬᠤᠰᠢᠭᠤᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠲᠡᠷᠡ ᠳᠠᠷᠤᠶ ᠳᠤᠨᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠠᠶᠢᠯᠪᠤᠷᠢᠯᠠᠵᠤ᠂ ︽ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ | ᠪᠠᠲᠤᠯᠠᠬᠤ ᠪᠠ ᠦᠢᠯᠡᠳᠬᠦ ᠦᠢᠯᠡᠰ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠭᠠᠶᠢᠯᠢ ᠶᠢᠨ ᠰᠦᠢᠳᠬᠡᠯ | ᠲᠤᠰᠢᠶᠠᠬᠤ ᠶᠢ ᠬᠤᠶᠢᠰᠢᠯᠠᠭᠤᠯᠬᠤ ᠲᠤᠰᠬᠠᠶ ᠠᠵᠢᠯ ᠤᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ︾ ᠶᠢ | ᠪᠠᠶᠢᠭᠤᠯᠵᠤ᠂ ᠡᠭᠦᠷᠭᠡ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠳᠦᠷᠦᠬᠦᠦ ᠬᠠᠷᠢᠭᠤᠴᠠᠯᠭᠠᠳᠠᠨ ᠪᠥᠬᠦ ᠲᠠᠯ᠎ᠠ ᠶᠢ ᠡᠵᠡᠮᠳᠡᠨ᠂ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠣᠰ | ᠲᠣᠰ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠨ ᠠᠵᠢᠯ ᠤᠨ ᠪᠠᠶᠢᠳᠠᠯ ᠢ ᠪᠣᠶ ᠪᠣᠯᠭᠠᠪᠠ᠃ ᠡᠩ | ᠲᠡᠷᠢᠬᠦᠨ ᠳᠤ ᠠᠰᠠᠭᠤᠨ ᠯᠠᠪᠯᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠡᠮᠦᠨ᠎ᠡ ᠲᠠᠪᠴᠠᠩ | + ᠠᠷᠤ ᠲᠠᠪᠴᠠᠩ + ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ︾ ᠤᠨ ᠭᠤᠷᠪᠠᠨ ᠱᠠᠲᠤ | ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠭᠤᠶᠤᠴᠢᠯᠠᠨ | ᠮᠡᠳᠡᠭᠦᠯᠵᠦ ᠬᠠᠪᠰᠤᠷᠤᠨ ᠵᠢᠯᠣᠭᠤᠳᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠦᠢᠯᠡᠴᠢᠯᠡᠵᠦ ᠠᠰᠠᠭᠤᠨ | ᠰᠣᠷᠪᠣᠯᠵᠢᠯᠠᠬᠤ︾ ᠪᠥᠬᠦ ᠴᠤᠪᠤᠷᠠᠯ ᠤᠨ ᠦᠢᠯᠡᠴᠢᠯᠡᠬᠡᠨ ᠤ ᠵᠠᠭᠪᠤᠷ ᠢ ᠲᠡᠭᠦᠯᠳᠡᠷᠵᠢᠭᠦᠯᠵᠦ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠦᠨ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠪᠥᠭᠡᠳ ᠲᠦᠷᠭᠡᠨ ᠡᠳ᠋ᠯᠡᠬᠦ ᠶᠢ ᠦᠨᠡᠨ ᠬᠦ ᠪᠠᠳᠣᠯᠠᠪᠠ᠃ | ᠡᠭᠦᠨ ᠤ ᠬᠠᠮᠲᠤ᠂ ᠳᠡᠭᠡᠳᠦ ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ | ᠭᠠᠶᠢᠯᠢ ᠶᠢ ᠬᠤᠶᠢᠰᠢᠯᠠᠭᠤᠯᠬᠤ ᠵᠦᠢᠯᠡᠰ ᠢ ᠬᠦᠢᠴᠡᠳᠬᠡᠬᠦ ᠴᠤᠪᠤᠷᠠᠯ ᠢ ᠳᠥᠭᠦᠮᠴᠢᠯᠡᠵᠦ᠂ ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠶᠠᠪᠣᠭᠳᠠᠭᠤᠯᠬᠤ᠂ ᠨᠢᠭᠤᠷᠳᠠᠨ ᠵᠣᠯᠭᠠᠬᠤ ᠥᠬᠡᠶ ᠪᠠᠷ ᠬᠤᠶᠢᠰᠢᠯᠠᠭᠤᠯᠤᠨ ᠲᠤᠰᠢᠶᠠᠬᠤ ᠶᠢ | ᠪᠡᠶᠡᠯᠡᠭᠦᠯᠵᠦ᠂ ᠦᠢᠯᠡᠴᠢᠯᠡᠬᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠲᠥᠷᠥ ᠶᠢᠨ | ᠪᠣᠳᠣᠯᠭ᠎ᠠ ᠳᠤ ᠬᠤᠯᠪᠣᠭᠳᠠᠭᠰᠠᠨ 164 ᠦᠢᠯᠡᠳᠬᠦ ᠦᠢᠯᠡᠰ ᠤᠨ ᠭᠠᠶᠢᠯᠢ ᠲᠤᠰᠢᠶᠠᠭᠴᠢ ᠳᠤ ︽ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠵᠢᠯᠣᠭᠤᠳᠬᠤ ᠲᠣᠭᠲᠠᠴᠠ ᠶᠢ | ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠬᠤ ᠠᠵᠤ ᠠᠬᠤᠶᠢᠯᠠᠯ ᠤᠨ ᠸᠢᠴᠠᠲ ᠤᠨ ᠴᠤᠭᠯᠠᠷᠠᠯ᠂ ᠳ᠋ᠢᠩ ᠳ᠋ᠢᠩ ᠵᠡᠷᠭᠡ | ᠠᠷᠭ᠎ᠠ ᠵᠠᠮ ᠢᠶᠠᠷ ᠳᠠᠮᠵᠢᠭᠤᠯᠤᠨ᠂ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠳᠣᠬᠠᠨ ᠳᠤ ᠬᠠᠷᠢᠶ᠎ᠠ ᠣᠷᠣᠨ ᠤ ᠳᠣᠲᠣᠷᠠᠬᠢ ᠨᠥᠬᠦᠴᠡᠯ ᠳᠤ ᠨᠡᠶᠢᠴᠡᠬᠦ | ᠠᠵᠤ ᠠᠬᠤᠶᠢᠯᠠᠯ ᠤᠨ ᠲᠤᠰᠢᠶᠠᠬᠤ ᠴᠠᠭ ᠢ ᠨᠢ ᠴᠥᠮ ᠬᠤᠶᠢᠰᠢᠯᠠᠭᠤᠯᠵᠤ᠂ ᠲᠤᠰᠢᠶᠠᠬᠤ ᠴᠠᠭ ᠢ ᠨᠢ ᠵᠠᠭᠤᠨ ᠤ | ᠵᠠᠭᠤ ᠪᠠᠷ ᠬᠤᠶᠢᠰᠢᠯᠠᠭᠤᠯᠪᠠ᠃ | | |