ᠠᠯᠠᠱᠠ ᠪᠠᠷᠠᠭᠤᠨ ᠬᠤᠰᠢᠭᠤᠨ ᠤ ᠺᠠᠳ᠋ᠷ ᠤᠯᠠᠨ ᠲᠦᠮᠡᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠬᠥᠭᠵᠢᠶᠡᠨᠲᠡᠢ ᠶᠠᠷᠢᠯᠴᠠᠵᠤ ᠪᠤᠢ
ᠨᠡᠶᠢᠲᠡᠯᠡᠭᠰᠡᠨ ᠴᠠᠭ᠄
2021/12/7
     11 ᠳ᠋ᠤᠭᠡᠷ ᠰᠠᠷ᠎ᠠ ᠶᠢᠨ 27 ᠤ ᠡᠳᠦᠷ᠂ ᠣᠯᠠᠨ ᠤ ᠠᠩᠬᠠᠷᠤᠯ ᠢ ᠶᠡᠬᠡᠳᠡ ᠲᠠᠲᠠᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠂ ᠡᠨᠡ ᠪᠣᠯ ᠪᠥᠬᠦ ᠣᠷᠣᠨ ᠤ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠪᠠᠶᠠᠷᠲᠤ ᠶᠠᠪᠤᠳᠠᠯ ᠪᠣᠯᠤᠨ᠎ᠠ᠃ ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠠᠶᠠᠷᠯᠠᠨ ᠳᠣᠭᠳᠣᠯᠤᠭᠰᠠᠨ ᠰᠡᠳᠬᠢᠯᠭᠡ ᠪᠠᠷ ᠲᠧᠯᠸᠢᠰ᠂ ᠰᠦᠯᠵᠢᠶ᠎ᠡ᠂ ᠷᠠᠳᠢᠣ᠋᠂ ᠭᠠᠷ ᠤᠲᠠᠰᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠶᠡᠭᠡ ᠬᠤᠷᠠᠯ ᠤᠨ ᠡᠬᠢᠯᠡᠯᠲᠡ ᠶᠢᠨ ᠦᠪᠡᠳᠡᠭᠰᠢ ᠪᠠᠶᠢᠳᠠᠯ ᠢ ᠨᠠᠷᠢᠨ ᠬᠢᠨᠠᠮᠠᠭᠠᠶ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠤᠨ ᠬᠢᠭᠰᠡᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠢᠯᠡᠳᠬᠡᠯ ᠳᠤ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠥᠪᠥᠷ ᠮᠣᠩᠭᠤᠯ ᠤᠨ ᠣᠯᠤᠭᠰᠠᠨ ᠯᠤᠲᠤ ᠶᠡᠭᠡ ᠬᠥᠭᠵᠢᠯᠲᠡ ᠶᠢᠨ ᠠᠮᠵᠢᠯᠲᠠ ᠶᠢ ᠦᠨᠡᠨ ᠢ ᠪᠠᠷᠢᠮᠲᠠᠯᠠᠨ ᠳ᠋ᠦᠩᠨᠡᠵᠦ᠂ ᠢᠷᠡᠭᠡᠳᠦᠢ ᠶᠢᠨ 5 ᠵᠢᠯ ᠤᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠪᠣᠳᠠᠲᠠᠢ ᠶᠢ ᠡᠷᠬᠢᠮᠯᠡᠨ ᠳᠤᠷᠠᠳᠴᠤ᠂ ᠰᠠᠶᠢᠨ ᠰᠠᠶᠢᠬᠠᠨ ᠵᠢᠷᠤᠭ ᠲᠥᠰᠦᠪ ᠨᠢ ᠬᠥᠮᠦᠰ ᠢ ᠵᠣᠷᠢᠭᠵᠢᠭᠤᠯᠤᠨ᠎ᠠ ᠭᠡᠵᠦ ᠢᠯᠡᠳᠬᠡᠵᠡᠭᠡᠪᠡ᠃
     ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠨᠠᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠣᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠦᠨᠳᠦᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠦᠨᠳᠦᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃ ᠡᠬᠢᠯᠡᠯᠲᠡ ᠶᠢᠨ ᠬᠤᠷᠠᠯ ᠤᠨ ᠦᠪᠡᠳᠡᠭᠰᠢ ᠪᠠᠶᠢᠳᠠᠯ ᠢ ᠭᠥᠯᠢᠶᠡᠨ ᠠᠪᠴᠤ ᠦᠵᠡᠬᠦ ᠪᠠᠷ ᠳᠡᠮᠵᠢᠨ᠂ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠵᠠᠪᠠᠯ ᠠᠵᠢᠯ ᠤᠨ ᠪᠠᠶᠢᠷᠢ ᠳᠠᠭᠠᠨ ᠰᠠᠭᠤᠷᠢᠯᠠᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠬᠤᠰᠢᠭᠤᠨ ᠤ ᠠᠵᠤ ᠠᠬᠤᠶ ᠨᠡᠶᠢᠭᠡᠮ ᠤᠨ ᠦᠨᠳᠦᠷ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃
     ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠢ ᠴᠢᠩᠭ᠎ᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠶ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠳᠤ ᠨᠡᠶᠢᠴᠡᠭᠦᠯᠵᠦ᠂ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠷᠢᠯᠢᠭ ᠤᠨᠤᠪᠴᠢᠲᠠᠢ ᠪᠣᠯᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠠᠯᠠᠱᠠ ᠪᠠᠷᠠᠭᠤᠨ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠵᠤ᠂ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号