ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠄ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ ᠦᠨᠳᠦᠰᠦᠲᠡᠨ ᠤ ᠪᠦᠯᠬᠦᠮᠳᠡᠯ ᠢ ᠳᠡᠮᠵᠢᠪᠡ
ᠨᠡᠶᠢᠲᠡᠯᠡᠭᠰᠡᠨ ᠴᠠᠭ᠄
2021/12/8
     ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ︽ᠶᠡᠭᠡ ᠪᠠᠷ ᠰᠤᠷᠪᠤᠯᠵᠢᠯᠠᠬᠤ ᠂ ᠶᠡᠭᠡ ᠪᠠᠷ ᠪᠠᠶᠢᠴᠠᠭᠠᠨ ᠰᠤᠳᠤᠯᠬᠤ᠂ ᠬᠠᠶᠢᠷ᠎ᠠ ᠬᠠᠯᠠᠮᠵᠢ ᠬᠦᠷᠭᠡᠬᠦ᠂ ᠲᠥᠷᠥ ᠶᠢᠨ ᠪᠣᠳᠣᠯᠭ᠎ᠠ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠵᠠᠭᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠣᠯᠠᠨ ᠵᠤᠶᠢᠯ ᠤᠨ ᠬᠡᠯᠪᠡᠷᠢ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠲᠤᠰᠬᠠᠶ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠪᠡ᠃
     ᠠᠯᠠᠱᠠ ᠪᠠᠷᠠᠭᠤᠨ ᠬᠤᠰᠢᠭᠤᠨ ᠤ ᠲᠠᠮᠰᠤᠭᠪᠤᠯᠠᠭ ᠰᠤᠮᠤᠨ ᠳᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠺᠠᠳ᠋ᠷ ᠠᠵᠢᠯᠲᠠᠨ ᠦᠨᠳᠦᠰᠦᠨ ᠱᠠᠲᠤᠨ ᠤ ᠮᠠᠯᠴᠢᠨ ᠡᠷᠦᠬᠡ ᠳᠤ ᠭᠦᠨᠵᠡᠭᠡᠶᠢᠷᠡᠵᠦ᠂ ᠦᠨᠳᠦᠰᠦᠲᠡᠨ ᠤ ᠣᠨᠣᠯ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠳᠣᠷᠬᠠᠶ ᠶᠠᠷᠢᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠳᠣᠷᠬᠠᠶ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠣᠶᠢᠯᠠᠭᠠᠭᠳᠠᠬᠤᠨ ᠤ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠲᠠᠶᠢᠯᠪᠤᠷᠢᠯᠠᠨ  ᠪᠠᠳᠤᠳᠬᠠᠭᠤᠯᠵᠤ᠂ ᠮᠠᠯᠴᠢᠨ ᠲᠦᠮᠡᠨ ᠳᠤ ︽ᠲᠦᠷᠪᠡᠨ ᠬᠤᠣᠰ ᠴᠢᠬᠤᠯᠠ ᠶᠡᠭᠡ ᠬᠠᠷᠢᠴᠠᠭ᠎ᠠ︾ ᠵᠢᠴᠢ ︽ᠲᠦᠷᠪᠡᠨ ᠬᠠᠮᠲᠤ ᠪᠠᠷ︾ ᠤᠨ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠲᠠᠶᠢᠯᠪᠤᠷᠢᠯᠠᠨ ᠥᠭᠴᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠳᠠᠭᠠᠭᠤᠯᠵᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠪᠠ᠃
     ᠣᠶᠢᠷ᠎ᠠ ᠶᠢᠨ ᠡᠳᠦᠷ ᠤᠳ ᠲᠤ᠂ ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠤᠬᠠᠭᠤᠯᠤᠨ ᠲᠠᠶᠢᠯᠪᠤᠷᠢᠯᠠᠬᠤ ᠪᠦᠯᠬᠦᠮ ᠵᠣᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠯᠠᠱᠠ ᠪᠠᠷᠠᠭᠤᠨ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠰᠠᠬᠢᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ ︾ ᠤᠨ ᠵᠢᠵᠢᠭ ᠪᠢᠴᠢᠭ ᠢ 2000 ᠳᠡᠪᠲᠡᠷ ᠳᠠᠷᠤᠮᠠᠯᠯᠠᠨ ᠲᠠᠷᠬᠠᠭᠠᠵᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶᠂ ᠰᠤᠷᠭᠠᠭᠤᠯᠢ᠂ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠲᠠᠷᠬᠠᠭᠠᠨ᠂ ︽ᠲᠦᠷᠢᠮ︾ ᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠣᠶ ᠪᠤᠯᠭᠠᠪᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号