ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠶᠠᠪᠤᠳᠠᠯ ᠪᠦᠬᠦᠨ ᠰᠡᠳᠬᠢᠯ ᠠᠴᠠ ᠵᠠᠭᠤᠷᠠᠨᠠ᠃ | ᠠᠯᠠᠱᠠ ᠪᠠᠷᠠᠭᠤᠨ ᠬᠤᠰᠢᠭᠤᠨ ᠤ ᠮᠠᠨᠳᠣᠯ ᠰᠤᠮᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠰᠥᠪ ᠢ | ᠢᠳᠡᠪᠬᠢᠲᠡᠶ ᠨᠠᠶᠢᠳᠠᠪᠤᠷᠢᠵᠢᠭᠤᠯᠵᠤ᠂ ᠣᠳᠣᠬᠠᠨ ᠳᠤ ᠨᠡᠶᠢᠲᠡ 563 ᠲᠦᠮᠡᠨ ᠲᠥᠭᠦᠷᠢᠭ ᠤᠨ ᠪᠠᠯᠠ | ᠣᠷᠣᠭᠤᠯᠤᠭᠰᠠᠨ 2021 ᠣᠨ ᠤ ᠠᠷᠠᠳ ᠳᠤ ᠪᠣᠳᠠᠲᠠᠶ ᠶᠠᠪᠤᠳᠠᠯ ᠬᠢᠵᠦ ᠥᠭᠬᠦ ᠨᠠᠢᠮᠠᠨ ᠵᠤᠶᠢᠯ ᠤᠨ ᠠᠵᠢᠯ ᠢ | ᠪᠦᠬᠦᠨ ᠢ ᠪᠡᠶᠡᠯᠡᠭᠦᠯᠪᠡ᠃ | | | | | ᠮᠠᠨᠳᠤᠯ ᠰᠤᠮᠤ ᠶᠢᠨ ᠵᠡᠭᠡᠯᠢ ᠭᠤᠳᠤᠮᠵᠢᠨ ᠳᠤ᠂ ᠨᠡᠷᠡᠨ ᠤ ᠡᠨᠧᠷᠭᠢ ᠶᠢᠨ ᠵᠠᠮ ᠤᠨ ᠳ᠋ᠧᠩ ᠢ ᠨᠢᠭᠡᠨᠲᠡ | ᠲᠤᠬᠠᠢ ᠶᠢᠨ ᠲᠠᠯᠠᠪᠠᠢ ᠳᠤ ᠬᠦᠷᠭᠡᠵᠦ᠂ ᠪᠠᠷᠢᠯᠭ᠎ᠠ ᠶᠢᠨ ᠠᠵᠢᠯᠲᠠᠳ ᠶᠠᠭ ᠵᠠᠮ ᠤᠨ ᠳ᠋ᠧᠩ ᠢ ᠤᠭᠰᠠᠷᠠᠨ᠎ᠠ᠃ ᠡᠨᠡ ᠪᠣᠯ | ᠮᠠᠨᠳᠣᠯ ᠰᠤᠮᠤ ᠶᠢᠨ ᠨᠡᠷᠡᠨ ᠤ ᠡᠨᠧᠷᠭᠢ ᠶᠢᠨ ᠵᠠᠮ ᠤᠨ ᠳ᠋ᠧᠩ ᠢ ᠰᠡᠯᠪᠢᠨ ᠵᠠᠰᠠᠬᠤ ᠲᠥᠰᠥᠪ ᠪᠣᠯᠬᠤ ᠪᠥᠭᠡᠳ ᠮᠠᠨᠳᠤᠯ | ᠰᠤᠮᠤ ᠶᠢᠨ ᠡᠨᠡ ᠵᠢᠯ ᠤᠨ ᠬᠠᠮᠤᠭ ᠤᠨ ᠰᠡᠭᠦᠯᠴᠢ ᠶᠢᠨ ᠬᠡᠷᠡᠭᠵᠢᠭᠦᠯᠬᠦ ᠠᠷᠠᠳ ᠳᠤ ᠪᠣᠳᠠᠲᠠᠶ ᠠᠵᠢᠯ ᠬᠢᠬᠦ ᠲᠥᠰᠥᠪ | ᠪᠣᠯᠤᠨ᠎ᠠ᠃ | | | | | ᠵᠠᠮ ᠬᠠᠷᠢᠯᠴᠠᠭᠠᠨ ᠤ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠨᠢ ᠰᠤᠮᠤᠨ ᠤ | ᠰᠠᠭᠤᠭ᠎ᠠ ᠭᠠᠵᠠᠷ ᠤᠨ 117 ᠡᠷᠦᠬᠡ ᠮᠠᠯᠴᠢᠳ ᠪᠠ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ | ᠦᠵᠡᠭᠦᠯᠦᠭᠰᠡᠨ ᠪᠥᠭᠡᠳ ᠵᠡᠭᠡᠯᠢ ᠭᠤᠳᠤᠮᠵᠢ ᠶᠢᠨ ᠪᠦᠬᠦ᠋ᠢᠯᠡ ᠳᠦᠷᠢ ᠲᠥᠷᠬᠦ ᠶᠢ ᠴᠦ ᠳᠡᠭᠡᠭᠰᠢᠯᠡᠭᠦᠯᠦᠭᠰᠡᠨ ᠪᠠᠶᠢᠨ᠎ᠠ | ᠃ | | | | | 2021 ᠣᠨ ᠳᠤ᠂ ᠮᠠᠨᠳᠤᠯ ᠰᠤᠮᠤ ᠪᠠᠰᠠ ᠰᠣᠮᠣᠨ ᠤ ᠲᠦᠷᠢ ᠲᠦᠷᠬᠦ ᠶᠢ ᠳᠡᠭᠡᠭᠰᠢᠯᠡᠭᠦᠯᠬᠦ ᠲᠥᠰᠥᠪ ᠢ | ᠬᠡᠷᠡᠭᠵᠢᠭᠦᠯᠵᠦ᠂ ᠰᠤᠮᠤ ᠶᠢᠨ ᠰᠠᠭᠤᠭ᠎ᠠ ᠭᠠᠵᠠᠷ ᠤᠨ ᠬᠠᠶᠠᠭᠳᠠᠮᠠᠯ ᠬᠠᠭᠤᠴᠢᠨ ᠵᠣᠷᠯᠣᠩ᠂ ᠬᠠᠭᠤᠷᠠᠢ ᠬᠤᠳᠳᠤᠭ | ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠰᠤᠮᠤ ᠲᠥᠪᠯᠡᠷᠡᠭᠰᠡᠨ ᠣᠷᠣᠨ ᠤ | ᠣᠷᠴᠢᠨ ᠲᠣᠭᠤᠷᠢᠨ ᠤ ᠴᠡᠪᠡᠷ ᠴᠡᠮᠴᠡᠭᠡᠷ ᠪᠠᠶᠢᠳᠠᠯ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠣᠮᠣᠨ ᠤ ᠲᠦᠷᠢ | ᠲᠦᠷᠬᠦ ᠲᠡᠷᠢ ᠲᠡᠭᠰᠢ ᠪᠤᠯᠵᠤ᠂ ᠦᠵᠡᠰᠬᠦᠯᠡᠩᠲᠦ ᠰᠠᠶᠢᠬᠠᠨ ᠮᠠᠨᠳᠤᠯ ᠰᠣᠮᠣ ᠶᠢ ᠴᠣᠭᠴᠠᠯᠠᠪᠠ᠃ | | | | | ᠣᠳᠣᠬᠠᠨ ᠳᠤ ᠮᠠᠨᠳᠤᠯ ᠰᠤᠮᠤᠨ ᠤ ᠲᠦᠷᠢ ᠲᠦᠷᠬᠦ ᠳᠡᠭᠡᠭᠰᠢᠯᠡᠵᠦ᠂ ᠮᠠᠨᠳᠤᠯ ᠰᠤᠮᠤ ᠶᠢᠨ ᠰᠠᠭᠤᠭ᠎ᠠ | ᠭᠠᠵᠠᠷ ᠤᠨ ᠠᠮᠢᠳᠤᠷᠠᠯ ᠤᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠢᠯᠴᠢ ᠬᠠᠩᠭᠠᠬᠤ | ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠬᠦ᠂ ᠨᠡᠷᠡᠨ ᠤ ᠡᠨᠧᠷᠭᠢ ᠶᠢᠨ ᠵᠠᠮ ᠤᠨ ᠳ᠋ᠧᠩ ᠢ ᠰᠡᠯᠪᠢᠨ ᠵᠠᠰᠠᠬᠤ᠂ | ᠵᠡᠭᠡᠯᠢ ᠭᠤᠳᠤᠮᠵᠢ ᠶᠢ ᠭᠡᠷᠡᠯᠲᠦᠭᠦᠯᠦᠨ ᠭᠤᠶᠤᠵᠢᠭᠤᠯᠬᠤ᠂ ︽ᠤᠶᠤᠨᠲᠤ ᠷᠠᠳᠢᠣ᠋ ᠲᠧᠯᠸᠢᠰ︾ ᠤᠨ ᠥᠷᠭᠡᠨ ᠪᠦᠰᠡᠲᠦ | ᠰᠦᠯᠵᠢᠶ᠎ᠡ ᠶᠢ ᠪᠦᠷᠬᠦᠭᠦᠯᠬᠦ ᠪᠠ ᠦᠢᠯᠡᠴᠢᠯᠡᠬᠦ ᠢᠨᠵᠧᠨᠧᠷᠢᠩ᠂ ᠮᠠᠨᠳᠤᠯ ᠰᠤᠮᠤ ᠶᠢᠨ ᠱᠠᠯᠢᠮ ᠭᠠᠴᠠᠭᠠᠨ ᠤ 500 ᠮᠥ | ᠰᠢᠬᠢᠷ ᠡᠪᠡᠰᠦ ᠳᠠᠷᠢᠬᠤ ᠲᠥᠰᠥᠪ᠂ ᠮᠠᠨᠳᠤᠯ ᠰᠤᠮᠤ ᠶᠢᠨ ᠰᠢᠯᠢ ᠶᠢᠨ ᠪᠤᠯᠠᠭ ᠭᠠᠴᠠᠭᠠᠨ ᠤ ᠲᠡᠷᠭᠡᠨ ᠵᠣᠭᠰᠣᠭᠠᠯ ᠢ | ᠬᠠᠲᠠᠭᠤᠷᠠᠭᠤᠯᠬᠤ ᠲᠥᠰᠥᠪ ᠵᠡᠷᠭᠡ ᠠᠷᠠᠳ ᠤᠨ ᠠᠮᠢᠳᠤᠷᠠᠯ ᠲᠠᠢ ᠬᠤᠯᠪᠤᠭᠳᠠᠭᠰᠠᠨ ᠨᠠᠢᠮᠠᠨ ᠵᠤᠶᠢᠯ ᠤᠨ ᠠᠵᠢᠯ ᠢ | ᠪᠦᠬᠦᠨ ᠢ ᠭᠦᠢᠴᠡᠳᠬᠡᠵᠦ ᠳᠠᠭᠤᠰᠬᠠᠪᠠ᠃ ᠵᠠᠮ ᠤᠨ ᠳ᠋ᠧᠩ ᠠᠰᠠᠵᠤ᠂ ᠣᠷᠴᠢᠨ ᠲᠣᠭᠤᠷᠢᠨ ᠭᠤᠶᠣ ᠰᠠᠶᠢᠬᠠᠨ | ᠪᠣᠯᠵᠤ᠂ ᠳᠣᠯᠠᠭᠠᠯᠭ᠎ᠠ ᠬᠠᠯᠠᠭᠤᠨ ᠪᠣᠯᠵᠤ᠂ ᠬᠥᠭᠵᠢᠯᠲᠡ ᠶᠢᠨ ᠨᠥᠭᠡᠴᠡ ᠬᠦᠴᠦᠨ ᠨᠡᠩ ᠲᠡᠭᠦᠯᠳᠡᠷ ᠪᠣᠯᠵᠠᠶ ᠁ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠬᠡᠷᠡᠭᠵᠢᠭᠦᠯᠦᠭᠰᠡᠨ ᠶᠠᠪᠤᠳᠠᠯ ᠨᠢ ᠠᠷᠠᠳ ᠤᠨ ᠰᠡᠳᠬᠢᠯ ᠢ | ᠳᠤᠯᠠᠭᠠᠴᠠᠭᠤᠯᠵᠤ᠂ ᠬᠥᠮᠦᠰ ᠤᠨ ᠰᠡᠳᠬᠢᠯ ᠢ ᠨᠢᠭᠲᠠᠷᠠᠭᠤᠯᠤᠭᠰᠠᠨ ᠪᠠᠶᠢᠨ᠎ᠠ᠃ | | |