ᠠᠯᠠᠱᠠ ᠪᠠᠷᠠᠭᠤᠨ ᠬᠤᠰᠢᠭᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/12/8
     12 ᠰᠠᠷ᠎ᠠ ᠶᠢᠨ 4 ᠤ ᠡᠳᠦᠷ ᠪᠣᠯ ᠨᠠᠢᠮᠠᠳᠤᠭᠠᠷ ᠤᠳᠠᠭᠠᠨ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠤᠨ᠎ᠠ᠂ ᠠᠯᠠᠱᠠ ᠪᠠᠷᠠᠭᠤᠨ ᠬᠤᠰᠢᠭᠤᠨ ᠤ ᠡᠯ᠎ᠡ ᠨᠢᠭᠡᠴᠡ ᠣᠯᠠᠨ ᠵᠤᠶᠢᠯ ᠤᠨ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠨ ᠬᠠᠤᠯᠢ ᠬᠠᠤᠯᠢ ᠲᠣᠭᠲᠠᠭᠠᠯ ᠪᠠ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠦᠨ᠎ᠡ᠃      ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ 12 · 4 ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ︽ᠢᠷᠭᠡᠨ ᠤ ᠬᠠᠤᠯᠢ ᠶᠢᠨ ᠪᠢᠴᠢᠭ︾ ᠨᠤᠮ ᠪᠡᠯᠡᠭᠯᠡᠬᠦ ᠠᠵᠢᠯᠯᠠᠭ᠎ᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠠ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠬᠤᠳᠠᠯᠳᠤᠨ ᠠᠪᠤᠭᠰᠠᠨ ᠪᠠ ᠳᠠᠬᠢᠨ ᠬᠡᠪᠯᠡᠵᠦ᠂ ᠡᠭᠦᠨ ᠳᠤ ᠬᠢᠲᠠᠳ ᠬᠡᠯᠡᠨ ᠤ ᠬᠡᠪᠯᠡᠯ 3000᠂ ᠮᠣᠩᠭᠤᠯ ᠬᠡᠯᠡᠨ ᠤ ᠬᠡᠪᠯᠡᠯ 1000 ᠳᠡᠪᠲᠡᠷ ᠢ ᠪᠥᠬᠦ ᠬᠤᠰᠢᠭᠤᠨ ᠤ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠳ ᠲᠤ ᠬᠦᠷᠭᠡᠵᠦ᠂ ᠪᠥᠬᠦ ᠬᠤᠰᠢᠭᠤᠨ ᠤ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠰᠤᠮᠤ ᠪᠠᠯᠭᠠᠰᠤ ᠶᠢᠨ ᠺᠠᠳ᠋ᠷ ᠠᠵᠢᠯᠲᠠᠨ᠂ ᠡᠯ᠎ᠡ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠵᠢᠴᠢ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃
     ᠲᠣᠰ ᠤᠳᠠᠭᠠᠨ ᠤ ᠨᠣᠮ ᠪᠡᠯᠡᠭᠯᠡᠬᠦ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠳᠤ ᠬᠠᠤᠯᠢ ᠪᠠᠷ ᠵᠠᠰᠠᠬᠤ ᠬᠥᠮᠦᠵᠢᠯ ᠤᠨ ᠪᠣᠷᠣ ᠮᠠᠲ᠋ᠧᠷᠢᠶᠠᠯ ᠬᠠᠩᠭᠠᠵᠤ᠂ ᠦᠨᠳᠦᠰᠦᠨ ᠱᠠᠲᠤ ᠬᠥᠳᠡᠭᠡ ᠲᠣᠰᠬᠤᠨ ᠤ ︽ᠬᠠᠤᠯᠢ ᠴᠠᠭᠠᠵᠠ ᠶᠢᠨ ᠮᠡᠷᠭᠡᠨ ᠬᠥᠮᠦᠨ︾ ᠢ ᠬᠥᠮᠦᠵᠢᠭᠦᠯᠬᠦ ᠢᠨᠵᠧᠨᠧᠷᠢᠩ ᠢ ᠳᠥᠯᠭᠢᠨ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠬᠠᠤᠯᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠵᠢᠯ ᠤᠨ ᠡᠩᠨᠡᠭᠡ ᠶᠢ ᠬᠦᠴᠦᠯᠡᠨ ᠬᠥᠮᠦᠵᠢᠭᠦᠯᠬᠦ ᠶᠢᠨ ᠲᠥᠯᠥᠭᠡ ᠶᠤᠮ᠃ ᠰᠤᠮᠤ ᠪᠠᠯᠭᠠᠰᠤ ᠶᠢᠨ ᠺᠠᠳ᠋ᠷ ᠠᠵᠢᠯᠲᠠᠨ ᠠᠵᠢᠯᠴᠢᠨ ᠪᠠ ᠭᠠᠴᠠᠭ᠎ᠠ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ︽ᠢᠷᠭᠡᠨ ᠤ ᠬᠠᠤᠯᠢ ᠶᠢᠨ ᠪᠢᠴᠢᠭ︾ ᠢ ᠬᠡᠷᠡᠭᠯᠡᠨ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠠᠵᠢᠯ ᠶᠠᠪᠤᠳᠠᠯ ᠬᠦᠢᠴᠡᠳᠬᠡᠬᠦ ᠳᠤ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠬᠤ ᠬᠡᠷᠡᠭᠲᠡᠶ᠃
     ᠠᠯᠠᠱᠠ ᠪᠠᠷᠠᠭᠤᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠤᠨ ᠬᠢᠨ ᠪᠠᠳᠠᠢ ᠶᠢᠨ ᠵᠢᠷᠠᠨ ᠪᠠᠯᠭᠠᠰᠤᠨ ᠤ ᠪᠠᠶᠠᠠᠦ᠋ᠨᠳᠦᠷ ᠲᠠᠯᠠᠪᠠᠶ᠂ ᠲᠠᠢ ᠯᠦᠩ ᠵᠠᠬ᠎ᠠ ᠳᠡᠯᠭᠡᠭᠦᠷ ᠤᠨ ᠡᠮᠦᠨ᠎ᠡ ᠵᠡᠷᠭᠡ ᠣᠯᠠᠨ ᠭᠠᠵᠠᠷ ᠲᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠦᠨᠳᠦᠰᠦᠨ ᠬᠠᠤᠯᠢ︾ ᠶᠢᠨ ᠤᠩᠰᠢᠬᠤ ᠪᠢᠴᠢᠭ᠂ ︽ᠬᠠᠤᠯᠢ ᠲᠦᠭᠡᠮᠡᠯᠵᠢᠭᠦᠯᠬᠦ ᠭᠠᠷ ᠠᠪᠤᠯᠭ᠎ᠠ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠤᠬᠠᠭᠤᠯᠭ᠎ᠠ ᠶᠢᠨ ᠭᠠᠷ ᠠᠪᠤᠯᠭ᠎ᠠ︾᠂ ︽ᠲᠡᠮᠡᠭᠡᠨ ᠰᠢᠶᠠᠩ e ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ ᠭᠠᠷ ᠠᠪᠤᠯᠭ᠎ᠠ︾᠂ ︽ᠴᠠᠬᠢᠯᠭᠠᠨ ᠰᠦᠯᠵᠢᠶᠡᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠬᠠᠤᠯᠢ ᠴᠠᠭᠠᠵᠠ ᠶᠢᠨ ᠯᠠᠪᠯᠠᠭ᠎ᠠ  ᠬᠠᠩᠭᠠᠪᠠ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠤᠬᠠᠭᠤᠯᠵᠤ᠂ ᠡᠶ᠎ᠡ ᠵᠣᠬᠢᠴᠠᠯ ᠲᠠᠢ ᠠᠯᠠᠱᠠ ᠪᠠᠷᠠᠭᠤᠨ ᠬᠤᠰᠢᠭᠤ ᠶᠢ ᠪᠠᠶᠢᠭᠤᠯᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号