3 ᠰᠠᠷ᠎ᠠ ᠶᠢᠨ 28 ᠤ ᠡᠳᠦᠷ᠂ ᠠᠯᠠᠱᠠ ᠶᠢᠨ ᠨᠠᠢᠮᠠᠳᠤᠭᠠᠷ ᠬᠤᠭᠤᠴᠠᠭᠠᠨ ᠤ ︽ᠤᠩᠭᠤᠨ ᠪᠤᠤᠷ᠎ᠠ︾ | ᠶᠢᠨ ᠲᠠᠬᠢᠯᠭ᠎ᠠ ᠶᠢᠨ ᠠᠵᠢᠯᠯᠠᠭ᠎ᠠ ᠬᠢᠭᠡᠳ ᠬᠠᠶᠢᠰᠤᠨ ᠴᠢᠯᠠᠭᠤ ᠶᠢᠨ ᠨᠠᠭᠠᠳᠤᠮ ᠠᠯᠲᠠᠨᠴᠤᠭ ᠰᠤᠮᠤᠨ ᠤ | ᠨᠤᠭᠤᠭᠠᠨᠪᠤᠯᠠᠭ ᠭᠠᠴᠠᠭᠠᠨ ᠤ ᠮᠠᠯᠴᠢᠨ ᠪᠠᠲᠤᠪᠠᠭᠠᠲᠤᠷ ᠤᠨ ᠬᠡᠷ ᠲᠤ ᠶᠠᠪᠤᠭᠳᠠᠵᠤ᠂ ᠳᠤᠮᠳᠠᠳᠤ ᠤᠯᠤᠰ ᠤᠨ | ᠲᠡᠮᠡᠭᠡᠲᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠳᠡᠯᠡᠬᠡᠶ ᠶᠢᠨ ᠳᠤᠮᠳᠠᠳᠤ ᠶᠢᠨ ᠬᠤᠳᠠᠯᠳᠤᠭᠠᠴᠢᠳ ᠤᠨ | ᠬᠤᠯᠪᠣᠭᠠᠲᠤ ᠬᠤᠷᠠᠯ ᠤᠨ ᠲᠡᠷᠢᠭᠦᠯᠡᠭᠴᠢ ᠦ᠊ · ᠪᠠᠭᠠᠳᠤᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠨᠠᠰᠤᠨᠬᠦᠦ ᠵᠡᠷᠭᠡ ᠬᠦᠨᠳᠦᠲᠦ ᠵᠣᠴᠢᠳ ᠠᠵᠢᠯᠯᠠᠭ᠎ᠠ ᠳᠤ ᠣᠷᠣᠯᠴᠠᠵᠠᠶ᠃ | | | | | | ᠠᠯᠠᠱᠠ ᠶᠢᠨ ᠨᠠᠢᠮᠠᠳᠤᠭᠠᠷ ᠬᠤᠭᠤᠴᠠᠭᠠᠨ ᠤ ︽ᠤᠩᠭᠤᠨ ᠪᠤᠤᠷ᠎ᠠ︾ ᠶᠢᠨ ᠳᠠᠬᠢᠯᠭ᠎ᠠ ᠶᠢᠨ ᠨᠠᠭᠠᠳᠤᠮ ᠢ | ᠥᠪᠥᠷ ᠮᠣᠩᠭᠤᠯ ᠤᠨ ᠵᠥᠩ ᠲᠦᠸᠧ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠠᠴᠠ ᠭᠤᠤᠯᠯᠠᠨ ᠡᠷᠭᠢᠯᠡᠵᠦ᠂ | ᠠᠯᠠᠱᠠ ᠪᠠᠷᠠᠭᠤᠨ ᠬᠤᠰᠢᠭᠤᠨ ᠤ ᠴᠠᠭᠠᠨ ᠲᠡᠮᠡᠭᠡ ᠲᠡᠵᠢᠭᠡᠨ ᠦᠷᠡᠵᠢᠭᠦᠯᠬᠦ ᠬᠤᠷᠰᠢᠶᠠᠵᠢᠯ ᠤᠨ ᠬᠡᠷᠡᠭ | ᠡᠷᠬᠢᠯᠡᠭᠴᠢᠳ ᠤᠨ ᠳᠠᠷᠤᠭ᠎ᠠ ᠪᠠᠲᠤᠪᠠᠭᠠᠲᠤᠷ ᠬᠠᠮᠵᠢᠨ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠪᠣᠯ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢᠨ ᠰᠢᠷᠢᠰ ᠰᠣᠶᠣᠯ ᠤᠨ ᠠᠵᠢᠯᠯᠠᠭᠠᠨ ᠤ ᠨᠢᠭᠡ ᠮᠥᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠠᠯᠠᠱᠠ ᠶᠢᠨ ᠲᠡᠮᠡᠭᠡᠨ ᠤ | ᠰᠣᠶᠣᠯ ᠢ ᠤᠯᠠᠮᠵᠢᠯᠠᠨ ᠪᠠᠳᠠᠷᠠᠭᠤᠯᠬᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠪᠠᠷ ᠵᠣᠷᠢᠯᠭ᠎ᠠ ᠪᠣᠯᠭᠠᠭᠰᠠᠨ ᠲᠡᠮᠡᠭᠡᠨ ᠤ ᠰᠣᠶᠣᠯ ᠤᠨ ᠨᠠᠭᠠᠳᠤᠮ ᠪᠣᠯᠤᠨ᠎ᠠ᠃ ᠪᠡᠭᠡᠵᠢᠩ᠂ | ᠬᠥᠬᠡᠬᠤᠲᠠ ᠵᠢᠴᠢ ᠠᠯᠠᠱᠠ ᠶᠢᠨ ᠡᠯ᠎ᠡ ᠬᠤᠰᠢᠭᠤ ᠣᠷᠣᠨ ᠤ ᠮᠠᠯᠴᠢᠨ ᠲᠠᠷᠢᠶᠠᠴᠢᠨ᠂ ᠲᠡᠮᠡᠭᠡᠨ ᠳᠤ ᠪᠠᠭ᠋ᠠᠲᠠᠢ 500 | ᠭᠠᠷᠤᠢ ᠬᠥᠮᠦᠨ ᠣᠷᠣᠯᠴᠠᠪᠠ᠃ | | | | | | | | | | | | ᠬᠦᠴᠦᠨ ᠴᠢᠳᠠᠯ᠂ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠢᠯᠡᠷᠡᠭᠦᠯᠦᠭᠰᠡᠨ ᠡᠯ᠎ᠡ ᠵᠦᠢᠯ ᠤᠨ | ᠤᠷᠤᠯᠳᠤᠭᠠᠨ ᠤ ᠲᠦᠷᠦᠯ ᠵᠦᠢᠯ ᠨᠢ ᠨᠠᠭᠠᠳᠤᠮᠴᠢᠨ ᠤᠯᠠᠨ ᠤ ᠰᠡᠳᠬᠢᠯ ᠢ ᠬᠠᠮᠤᠭ ᠠᠴᠠ ᠢᠯᠡᠭᠦᠦ | ᠳᠣᠭᠳᠣᠯᠤᠭᠤᠯᠳᠠᠭ ᠵᠤᠶᠢᠯ ᠪᠣᠯᠤᠨ᠎ᠠ᠃ ᠠᠷᠪᠠᠨ ᠺᠢᠯᠤᠮᠧᠲᠷ ᠤᠨ ᠠᠲᠠᠨ ᠲᠡᠮᠡᠭᠡᠨ ᠤ ᠬᠡᠭᠡᠷ᠎ᠡ ᠶᠢᠨ ᠤᠷᠤᠯᠳᠤᠭᠠᠨ ᠳᠤ | ᠂ ᠲᠡᠮᠡᠭᠡᠨ ᠤ ᠲᠡᠰᠪᠦᠷᠢ ᠪᠠ ᠬᠤᠷᠳᠤᠴᠠ ᠶᠢ ᠤᠷᠤᠯᠳᠤᠭᠤᠯᠵᠤ᠂ ᠤᠨᠤᠭᠠᠴᠢ ᠶᠢᠨ ᠲᠡᠰᠪᠦᠷᠢ ᠪᠠ ᠤᠷ᠎ᠠ ᠮᠡᠷᠭᠡᠵᠢᠯ ᠢ | ᠰᠢᠯᠭᠠᠵᠤ᠂ ᠭᠤᠶᠢᠳᠠ ᠰᠠᠶᠢᠬᠠᠨ ᠲᠡᠮᠡᠭᠡᠨ ᠤᠷᠤᠯᠳᠤᠭᠠᠨ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠢ | ᠤᠤᠬᠠᠶᠢᠯᠠᠭᠤᠯᠵᠤ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠵᠡᠨ᠎ᠡ ᠬᠤᠰᠢᠭᠤᠨ ᠠᠴᠠ ᠢᠷᠡᠭᠰᠡᠨ | ᠤᠨᠤᠭᠠᠴᠢ ᠪᠢᠯᠢᠭ ᠤᠨ ᠲᠡᠮᠡᠭᠡ ᠮᠠᠩᠯᠠᠶᠢᠯᠠᠪᠠ᠃ | ᠲᠤᠰ ᠤᠳᠠᠭᠠᠨ ᠤ ᠠᠵᠢᠯᠯᠠᠭᠠᠨ ᠳᠤ ᠪᠠᠰᠠ 25 ᠮᠧᠲᠷ ᠤᠨ ᠵᠣᠭᠰᠤᠭ᠎ᠠ ᠰᠤᠷ ᠬᠠᠷᠪᠤᠯᠲᠠ ᠶᠢᠨ | ᠤᠷᠤᠯᠳᠤᠭᠠᠨ᠂ ᠮᠣᠩᠭᠤᠯ ᠪᠥᠬᠡ ᠶᠢᠨ ᠤᠷᠤᠯᠳᠤᠭᠠᠨ᠂ ᠠᠷᠪᠠᠨ ᠬᠥᠮᠦᠨ ᠤ ᠳᠦᠷᠢᠮᠲᠦ ᠲᠡᠮᠡᠭᠡᠨ ᠪᠥᠮᠪᠦᠭᠡ ᠶᠢᠨ | ᠦᠵᠡᠭᠦᠯᠦᠯᠭᠡ ᠶᠢᠨ ᠤᠷᠤᠯᠳᠤᠭᠠᠨ ᠲᠣᠬᠢᠷᠠᠭᠤᠯᠤᠭᠰᠠᠨ ᠪᠠᠶᠢᠨ᠎ᠠ᠃ | | | | | | | | | ᠪᠥᠬᠡ ᠶᠢᠨ ᠪᠠᠷᠢᠯᠳᠤᠭᠠᠨ ᠪᠣᠯ ᠨᠢᠭᠡ ᠵᠦᠢᠯ ᠤᠨ ᠤᠬᠠᠭᠠᠨ ᠪᠠ ᠡᠷ᠎ᠡ ᠵᠤᠷᠢᠭ ᠤᠨ ᠦᠵᠡᠯᠴᠡᠭᠡᠨ ᠮᠥᠨ᠂ | ᠪᠥᠬᠡᠴᠢᠨ ᠬᠦᠳᠡᠷ ᠴᠢᠭᠢᠷᠠᠭ ᠪᠡᠶ᠎ᠡ ᠮᠠᠬᠠᠪᠣᠳ ᠲᠠᠢ ᠪᠠᠶᠢᠬᠤ ᠪᠠᠷ ᠪᠠᠷᠠᠬᠤ ᠦᠭᠡᠶ᠂ ᠪᠠᠰᠠ ᠪᠣᠯᠪᠠᠰᠤᠷᠠᠩᠭᠤᠶ | ᠪᠥᠬᠡ ᠶᠢᠨ ᠤᠷ᠎ᠠ ᠮᠡᠷᠭᠡᠵᠢᠯ ᠲᠠᠢ ᠪᠠᠶᠢᠬᠤ ᠬᠡᠷᠡᠭᠲᠡᠶ᠂ ᠪᠥᠬᠡᠴᠢᠳ ᠤᠷᠠᠨ ᠰᠠᠶᠢᠬᠠᠨ ᠪᠠᠷᠢᠯᠳᠤᠵᠤ᠂ ᠠᠯᠠᠱᠠ ᠵᠡᠭᠦᠨ | ᠬᠤᠰᠢᠭᠤᠨ ᠠᠴᠠ ᠢᠷᠡᠭᠰᠡᠨ ᠮᠠᠨᠳᠤᠯ ᠲᠡᠷᠢᠭᠦᠯᠡᠪᠡ᠃ | | | | | | | | | ᠰᠤᠷ ᠬᠠᠷᠪᠤᠯᠲᠠ ᠪᠣᠯ ᠮᠣᠩᠭᠤᠯ ᠦᠨᠳᠦᠰᠦᠲᠡᠨ ᠤ ︽ᠡᠷ᠎ᠡ ᠶᠢᠨ ᠭᠤᠷᠪᠠᠨ ᠨᠠᠭᠠᠳᠤᠮ︾ ᠤᠨ ᠨᠢᠭᠡ | ᠪᠣᠯᠬᠤ ᠪᠥᠭᠡᠳ ᠥᠨᠢ ᠤᠳᠠᠭᠠᠨ ᠲᠡᠦᠬᠡ ᠰᠣᠶᠣᠯ ᠲᠠᠢ ᠶᠤᠮ᠂ ᠤᠷᠤᠯᠳᠤᠭᠠᠨ ᠳᠤ ᠣᠷᠣᠯᠴᠠᠭᠰᠠᠳ ᠨᠢᠭᠡ | ᠨᠢᠭᠡ ᠪᠠᠷ ᠢᠶᠠᠨ ᠴᠤᠭ ᠵᠢᠪᠬᠤᠭ᠎ᠠ ᠲᠠᠢ᠂ ᠰᠦᠷ ᠬᠦᠴᠦᠨ ᠲᠡᠭᠦᠯᠳᠡᠷ ᠪᠠᠶᠢᠵᠤ᠂ 30 ᠭᠠᠷᠤᠢ ᠨᠤᠮᠤ ᠬᠠᠷᠪᠤᠭᠴᠢ | ᠭᠤᠷᠪᠠᠨ ᠡᠭᠡᠯᠵᠢ ᠶᠢᠨ ᠮᠥᠷᠦ᠋ᠢᠴᠡᠭᠡᠨ ᠢᠶᠠᠷ ᠳᠠᠮᠵᠢᠨ᠂ ᠡᠴᠦᠰ ᠲᠡᠭᠡᠨ ᠡᠵᠡᠨ᠎ᠡ ᠬᠤᠰᠢᠭᠤᠨ ᠤ ᠨᠠᠶᠠᠨᠴᠡᠴᠡᠭ | ᠮᠠᠩᠯᠠᠶᠢᠯᠠᠪᠠ᠃ | | | | | | | | | | | | ᠨᠠᠭᠠᠳᠤᠮ ᠤᠨ ᠠᠭᠤᠯᠭ᠎ᠠ ᠪᠠᠶᠠᠯᠢᠭ᠂ ᠤᠷᠤᠯᠳᠤᠭᠠᠨ ᠭᠤᠶᠢᠳᠠ ᠰᠠᠶᠢᠬᠠᠨ᠂ ᠤᠷᠤᠯᠳᠤᠭᠠᠨ ᠳᠤ | ᠣᠷᠣᠯᠴᠠᠭᠰᠠᠳ ᠪᠠ ᠠᠬᠤᠶ ᠲᠠᠯᠠᠪᠠᠶ ᠶᠢᠨ ᠦᠵᠡᠭᠴᠢᠳ ᠪᠠᠶᠠᠷ ᠬᠥᠷ ᠲᠠᠢ ᠨᠢᠭᠡ ᠡᠳᠦᠷ ᠢ ᠥᠩᠭᠡᠷᠡᠭᠦᠯᠵᠦ᠂ | ᠲᠡᠮᠡᠭᠡᠨ ᠤ ᠰᠣᠶᠣᠯ ᠴᠡᠴᠡᠭᠯᠡᠨ ᠬᠦᠭᠵᠢᠭᠰᠡᠨ᠂ ᠮᠠᠯᠴᠢᠨ ᠲᠦᠮᠡᠨ ᠤ ᠨᠢᠭᠲᠠᠷᠠᠯ ᠤᠨ ᠬᠦᠴᠦᠨ ᠴᠢᠩᠭᠠᠷᠠᠭᠰᠠᠨ | ᠲᠥᠷᠬᠦ ᠪᠠᠶᠢᠳᠠᠯ ᠢ ᠭᠦᠢᠴᠡᠳ ᠬᠠᠷᠠᠭᠤᠯᠤᠭᠰᠠᠨ ᠪᠠᠶᠢᠨ᠎ᠠ᠃ | | | | | | | | | | | | | | | ᠠᠵᠢᠯᠯᠠᠭᠠᠨ ᠤ ᠬᠤᠭᠤᠴᠠᠭᠠᠨ ᠳᠤ᠂ ᠤᠯᠠᠭᠠᠨᠮᠥ᠋ᠴᠢᠷ ︽ᠲᠠᠯ᠎ᠠ ᠨᠤᠲᠤᠭ ᠤᠨ ᠬᠦᠩᠭᠡᠨ ᠮᠣᠷᠢᠲᠤ | ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠠᠷᠢᠶᠠᠴᠢᠨ ᠳᠤ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠬᠦᠷᠭᠡᠵᠦ᠂ ᠪᠥᠵᠢᠭ᠂ ᠳᠠᠭᠤᠤ᠂ ᠨᠠᠶᠢᠷᠠᠯ ᠬᠥᠭᠵᠢᠮ ᠵᠡᠷᠭᠡ ᠲᠣᠭᠯᠠᠯᠲᠠ ᠪᠠᠷ | ᠤᠯᠠᠭᠠᠨᠮᠥ᠋ᠴᠢᠷ ᠤᠨ ᠭᠡᠰᠢᠭᠦᠳ ᠪᠣᠯᠤᠨ ᠠᠷᠠᠳ ᠤᠯᠠᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ | ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ | ᠳᠡᠯᠭᠡᠨ ᠦᠵᠡᠭᠦᠯᠵᠦ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠳᠡᠯᠭᠡᠨ ᠦᠵᠡᠭᠦᠯᠵᠡᠢ᠃ | | | | | | | | | | | | | | | | | | | | | | ︽ᠤᠩᠭᠤᠨ ᠪᠤᠤᠷ᠎ᠠ︾ ᠶᠢᠨ ᠲᠠᠬᠢᠯᠭ᠎ᠠ ᠪᠣᠯ ᠠᠯᠠᠱᠠ ᠶᠢᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ | ᠨᠡᠭᠦᠳᠡᠯ ᠰᠣᠶᠣᠯ᠂ ᠰᠣᠶᠣᠯ ᠢᠷᠭᠡᠨᠰᠢᠯ ᠤᠨ ᠣᠨᠴᠠᠯᠢᠭ ᠢ ᠲᠤᠰᠬᠠᠭᠰᠠᠨ ᠠᠷᠠᠳ ᠤᠨ ᠰᠣᠶᠣᠯ ᠤᠨ ᠠᠵᠢᠯᠯᠠᠭ᠎ᠠ | ᠪᠣᠯᠤᠨ᠎ᠠ᠃ ᠣᠶᠢᠷ᠎ᠠ ᠶᠢᠨ ᠵᠢᠯ ᠳᠤ᠂ ᠠᠯᠠᠱᠠ ᠪᠠᠷᠠᠭᠤᠨ ᠬᠤᠰᠢᠭᠤᠨ ᠤ ᠬᠢᠨ ᠲᠡᠮᠡᠭᠡᠨ ᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠮᠠᠯᠴᠢᠨ ᠲᠠᠷᠢᠶᠠᠴᠢᠨ ᠲᠦᠮᠡᠨ ᠤ ᠲᠡᠮᠡᠭᠡ ᠶᠢ ᠬᠠᠮᠠᠭᠠᠯᠠᠬᠤ᠂ ᠲᠡᠮᠡᠭᠡ ᠶᠢ ᠬᠥᠭᠵᠢᠭᠦᠯᠬᠦ ᠤᠬᠠᠮᠰᠠᠷ | ᠢᠯᠡᠳᠲᠡ ᠴᠢᠩᠭᠠᠷᠠᠵᠤ᠂ ᠠᠰᠢᠭ ᠣᠷᠣᠯᠭ᠎ᠠ ᠢᠯᠡᠳᠲᠡ ᠳᠡᠭᠡᠭᠰᠢᠯᠡᠪᠡ᠂ ᠲᠡᠮᠡᠭᠡᠨ ᠤ ᠠᠵᠤ ᠦᠢᠯᠡᠰ ᠤᠨ | ᠬᠥᠭᠵᠢᠯᠲᠡ ᠶᠢ ᠳᠠᠭᠠᠯᠳᠤᠨ᠂ ᠲᠡᠮᠡᠭᠡ ᠤᠷᠤᠯᠳᠤᠬᠤ᠂ ᠲᠡᠮᠡᠭᠡᠨ ᠪᠥᠮᠪᠦᠭᠡ ᠵᠡᠷᠭᠡ ᠤᠯᠠᠮᠵᠢᠯᠠᠯᠲᠤ ᠪᠡᠶ᠎ᠡ ᠶᠢᠨ | ᠲᠠᠮᠢᠷ ᠤᠨ ᠤᠷᠤᠯᠳᠤᠭᠠᠨ ᠨᠢ ᠨᠢᠭᠡᠨᠲᠡ ᠠᠯᠠᠱᠠ ᠪᠠᠷᠠᠭᠤᠨ ᠬᠤᠰᠢᠭᠤᠨ ᠤ ᠣᠯᠠᠨ ᠲᠦᠮᠡᠨ ᠤ ᠰᠣᠶᠣᠯ ᠤᠨ ᠨᠢᠭᠡ | ᠵᠤᠶᠢᠯ ᠤᠨ ᠬᠡᠪᠰᠢᠭᠰᠡᠨ ᠠᠵᠢᠯᠯᠠᠭ᠎ᠠ ᠪᠣᠯᠵᠣ᠂ ᠲᠡᠮᠡᠭᠡᠨ ᠤ ᠰᠣᠶᠣᠯ ᠢ ᠮᠠᠰᠢ ᠰᠠᠶᠢᠨ ᠤᠯᠠᠮᠵᠢᠯᠠᠨ ᠪᠠᠳᠠᠷᠠᠭᠤᠯᠵᠤ᠂ | ᠮᠥᠨ ᠴᠦ ᠠᠯᠠᠱᠠ ᠪᠠᠷᠠᠭᠤᠨ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠪᠠ ᠮᠠᠯᠴᠢᠨ ᠲᠠᠷᠢᠶᠠᠴᠢᠨ ᠤ | ᠣᠷᠣᠯᠭ᠎ᠠ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | | | | | |