ᠠᠯᠠᠱᠠ ᠪᠠᠷᠠᠭᠤᠨ ᠬᠤᠰᠢᠭᠤ ︽5 · 1︾ ᠤ ᠬᠤᠭᠤᠴᠠᠭᠠᠨ ᠳᠤ ᠡᠯ᠎ᠡ ᠲᠦᠷᠦᠯ ᠤᠨ ᠵᠤᠭᠠᠴᠠᠭᠰᠠᠳ ᠢ 2.4 ᠲᠦᠮᠡᠨ ᠬᠥᠮᠦᠨ ᠤᠳᠠᠭ᠎ᠠ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2021/5/19
       ᠲᠠᠪᠤᠨ ᠰᠠᠷ᠎ᠠ ᠶᠢᠨ ᠨᠢᠭᠡᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠠᠯᠠᠱᠠ ᠪᠠᠷᠠᠭᠤᠨ ᠬᠤᠰᠢᠭᠤᠨ ᠤ ᠡᠯ᠎ᠡ ᠲᠥᠷᠥᠯ ᠤᠨ ᠵᠤᠭᠠᠴᠠᠭᠰᠠᠳ ᠢ ᠨᠡᠶᠢᠲᠡ 2.402 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 2334.7 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢᠷᠢ ᠲᠦᠪᠰᠢᠨ ᠳᠤ ᠬᠦᠷᠴᠦ᠂ ᠪᠥᠬᠦ ᠬᠤᠰᠢᠭᠤᠨ ᠤ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ ᠵᠣᠴᠢᠨ ᠤ ᠥᠷᠥᠭᠡ ᠳᠤ ᠰᠠᠭᠤᠭᠰᠠᠨ ᠨᠣᠷᠮ᠎ᠠ 90% ᠶᠢ ᠳᠠᠪᠠᠵᠤ᠂ ᠣᠶᠢᠷ᠎ᠠ ᠶᠢᠨ ᠭᠤᠷᠪᠠᠨ ᠵᠢᠯ ᠤᠨ ᠲᠡᠤᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃        5 ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠤ ᠵᠤᠭᠠᠴᠠᠯ ᠤᠨ ᠦᠵᠡᠮᠵᠢ ᠶᠢᠨ ᠣᠷᠣᠨ ᠳᠤ 2021 · ᠲᠠᠪᠤᠳᠤᠭᠠᠷ ᠬᠤᠭᠤᠴᠠᠭᠠᠨ ᠤ ᠪᠠᠳᠠᠢ ᠶᠢᠨ ᠵᠢᠷᠠᠨ ᠤ ᠡᠯᠡᠰᠦᠨ ᠴᠣᠬᠢᠶᠠᠨ ᠤ ᠶᠡᠭᠡ ᠴᠤᠭᠯᠠᠭᠠᠨ ᠵᠢᠴᠢ ᠲᠠᠮᠢᠷ ᠤᠨ ᠴᠤᠭᠯᠠᠭᠠᠨ ᠤ ᠨᠠᠶᠢᠷ ᠨᠠᠭᠠᠳᠤᠮ ᠤᠨ ᠠᠵᠢᠯᠯᠠᠭ᠎ᠠ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠤᠨ ᠠᠶᠠᠯᠠᠯ ᠳᠤ ᠪᠠᠭ᠋ᠠᠲᠠᠢ᠂ ᠬᠡᠭᠡᠷ᠎ᠡ ᠶᠢᠨ ᠠᠶᠠᠯᠠᠯ ᠳᠤ ᠪᠠᠭ᠋ᠠᠲᠠᠢ ᠨᠠᠶᠢᠵᠠ ᠨᠠᠷ ᠴᠤᠭᠯᠠᠷᠠᠵᠤ᠂ ᠪᠠᠳᠠᠢ ᠶᠢᠨ ᠵᠢᠷᠠᠨ ᠤ ᠭᠠᠶᠢᠬᠠᠮᠰᠢᠭ ᠬᠢᠭᠡᠳ ᠦᠵᠡᠰᠭᠦᠯᠡᠩ ᠰᠠᠶᠢᠬᠠᠨ ᠢ ᠪᠠᠭ᠋ᠠᠳᠤᠨ ᠰᠣᠨᠢᠷᠬᠠᠪᠠ᠃
       ᠳᠤᠭᠤᠶ ᠲᠡᠷᠭᠡᠨ ᠤ ᠡᠯᠡᠰᠦᠷᠬᠡᠭ ᠭᠠᠵᠠᠷ ᠤᠨ ᠬᠡᠭᠡᠷ᠎ᠡ ᠶᠢᠨ ᠤᠷᠤᠯᠳᠤᠭᠠᠨ ᠪᠠᠳᠠᠶ ᠶᠢᠨ ᠵᠢᠷᠠᠨ ᠡᠯᠡᠰᠦᠨ ᠤ ᠭᠠᠵᠠᠷ ᠰᠢᠨᠵᠢᠯᠡᠭᠡᠨ ᠤ ᠴᠡᠴᠡᠷᠯᠢᠭ ᠠᠴᠠ ᠡᠬᠢᠯᠡᠵᠦ᠂ ᠡᠴᠦᠰ ᠤᠨ ᠴᠡᠭ ᠨᠢ ᠪᠠᠳᠠᠢ ᠶᠢᠨ ᠨᠠᠭᠤᠷ ᠤᠨ ᠦᠵᠡᠮᠵᠢ ᠶᠢᠨ ᠣᠷᠣᠨ ᠳᠤ ᠪᠣᠶ᠂ ᠤᠷᠤᠯᠳᠤᠭᠠᠨ ᠤ ᠬᠡᠰᠡᠭ ᠤᠨ ᠪᠥᠬᠦ ᠣᠷᠳᠣ ᠨᠢ 20 ᠺᠢᠯᠣᠮᠧᠲᠷ ᠪᠠᠶᠢᠵᠤ᠂ ᠭᠠᠨᠰᠦ ᠮᠤᠵᠢ ᠶᠢᠨ  ᠶᠢᠨ ᠴᠠᠩ᠂ ᠵᠠᠩ ᠶᠧ ᠵᠢᠴᠢ ᠠᠯᠠᠱᠠ ᠪᠠᠷᠠᠭᠤᠨ ᠬᠤᠰᠢᠭᠤᠨ ᠤ ᠲᠣᠰ ᠭᠠᠵᠠᠷ ᠤᠨ ᠳᠤᠭᠤᠶ ᠲᠡᠷᠭᠡᠨ ᠤ ᠬᠡᠭᠡᠷ᠎ᠡ ᠶᠢᠨ ᠤᠷᠤᠯᠳᠤᠭᠠᠨ ᠳᠤ ᠪᠠᠭ᠋ᠠᠲᠠᠶ 40 ᠭᠠᠷᠤᠶ ᠬᠥᠮᠦᠨ ᠣᠷᠣᠯᠴᠠᠭᠰᠠᠨ ᠪᠠᠶᠢᠨ᠎ᠠ᠃
       ᠳᠤᠭᠤᠶ ᠲᠡᠷᠭᠡᠨ ᠤ ᠡᠯᠡᠰᠦᠷᠬᠡᠭ ᠭᠠᠵᠠᠷ ᠤᠨ ᠬᠡᠭᠡᠷ᠎ᠡ ᠶᠢᠨ ᠤᠷᠤᠯᠳᠤᠭᠠᠨ ᠳᠤ᠂ ᠨᠠᠰᠤ ᠪᠠᠷ ᠬᠠᠮᠤᠭ ᠤᠨ ᠪᠠᠭ᠎ᠠ ᠲᠠᠮᠢᠷᠴᠢᠨ ᠪᠠᠭ᠎ᠠ ᠰᠤᠷᠭᠠᠭᠤᠯᠢ ᠶᠢᠨ ᠰᠣᠷᠣᠭᠴᠢ ᠣᠷᠣᠯᠴᠠᠵᠤ᠂ ᠤᠷᠤᠯᠳᠤᠭᠠᠨ ᠤ ᠪᠠᠲᠤᠯᠠᠭ᠎ᠠ ᠶᠢᠨ ᠠᠩᠭᠢ ᠶᠢᠨ ᠪᠥᠬᠦ ᠶᠠᠪᠤᠴᠠ ᠶᠢᠨ ᠬᠠᠮᠠᠭᠠᠯᠠᠯ ᠳᠣᠤᠷ᠎ᠠ ᠤᠷᠤᠯᠳᠤᠭᠠᠨ ᠢ ᠠᠮᠵᠢᠯᠲᠠ ᠲᠠᠢ ᠪᠡᠶᠡᠯᠡᠭᠦᠯᠵᠡᠶ᠃ ᠲᠡᠷᠡ ᠬᠡᠯᠡᠬᠦ ᠳᠡᠭᠡᠨ᠂ ᠪᠢ ᠡᠨᠡ ᠵᠢᠯ ᠠᠷᠪᠠᠨ ᠨᠠᠰᠤᠲᠠᠶ᠂ ᠡᠨᠡ ᠣᠳᠠᠭᠠᠨ ᠤ ᠤᠷᠤᠯᠳᠤᠭᠠᠨ ᠳᠤ ᠣᠷᠣᠯᠴᠠᠭᠠᠳ ᠶᠠᠮᠠᠷ ᠬᠢᠷᠢ ᠪᠦᠲᠦᠮᠵᠢ ᠠᠪᠬᠤ ᠨᠢ ᠴᠢᠬᠤᠯᠠ ᠪᠢᠰᠢ᠂ ᠤᠷᠤᠯᠳᠤᠭᠠᠨ ᠢ  ᠳᠠᠭᠤᠰᠬᠠᠭᠰᠠᠨ ᠨᠢ ᠬᠠᠮᠤᠭ ᠤᠨ ᠶᠡᠭᠡ ᠣᠯᠤᠯᠲᠠ ᠪᠣᠯᠤᠨ᠎ᠠ ᠭᠡᠵᠡᠶ᠃        ᠲᠣᠰ ᠤᠳᠠᠭᠠᠨ ᠤ ᠡᠯᠡᠰᠦᠨ ᠴᠣᠬᠢᠶᠠᠨ ᠤ ᠶᠡᠭᠡ ᠴᠤᠭᠯᠠᠭᠠᠨ ᠳᠤ ᠬᠡᠭᠡᠷ᠎ᠡ ᠶᠢᠨ ᠮᠠᠰᠢᠨ ᠲᠡᠷᠭᠡᠨ ᠤ ᠡᠯᠡᠰᠦᠨ ᠴᠤᠬᠢᠶᠠᠨ ᠳᠤ ᠭᠠᠷᠬᠤ ᠲᠡᠮᠡᠴᠡᠭᠡᠨ᠂ UTV ᠡᠯᠡᠰᠦᠨ ᠴᠤᠬᠢᠶᠠᠨ ᠤ ᠲᠡᠮᠡᠴᠡᠭᠡᠨ᠂ 1/4 ᠡᠯᠡᠰᠦᠨ ᠴᠥᠯ ᠤᠨ ᠮᠠᠷᠠᠽᠤᠨ ᠤ ᠶᠠᠪᠠᠭᠠᠨ ᠶᠠᠪᠤᠬᠤ ᠠᠶᠠᠯᠠᠯ ᠤᠨ ᠤᠷᠤᠯᠳᠤᠭᠠᠨ᠂ ᠳᠤᠭᠤᠶ ᠲᠡᠷᠭᠡᠨ ᠤ ᠡᠯᠡᠰᠦᠷᠬᠡᠭ ᠭᠠᠵᠠᠷ ᠤᠨ ᠬᠡᠭᠡᠷ᠎ᠡ ᠶᠢᠨ ᠤᠷᠤᠯᠳᠤᠭᠠᠨ ᠵᠡᠷᠭᠡ ᠤᠷᠤᠯᠳᠤᠭᠠᠨ ᠤ ᠠᠵᠢᠯᠯᠠᠭ᠎ᠠ ᠪᠠ ᠬᠠᠮᠲᠤ ᠶᠢᠨ ᠳᠡᠭᠡᠰᠦ ᠲᠠᠲᠠᠬᠤ ᠨᠥᠬᠦᠷᠰᠡᠭ ᠤᠷᠤᠯᠳᠤᠭᠠᠨ᠂ ᠡᠯᠡᠰᠦᠨ ᠴᠤᠬᠢᠶᠠᠨ ᠳᠤ ᠶᠠᠪᠠᠭᠠᠨ ᠭᠠᠷᠬᠤ ᠤᠷᠤᠯᠳᠤᠭᠠᠨ᠂ ᠡᠯᠡᠰᠦᠨ ᠴᠥᠯ ᠤᠨ ᠲᠦᠳᠡᠭ ᠭᠠᠯ ᠳᠠᠭᠤᠤ ᠬᠥᠭᠵᠢᠮ ᠤᠨ ᠴᠤᠭᠯᠠᠭᠠᠨ᠂ ᠡᠯᠡᠰᠦᠨ ᠴᠥᠯ ᠳᠤ ᠬᠡᠭᠡᠷ᠎ᠡ ᠪᠠᠭᠤᠳᠠᠯᠯᠠᠬᠤ ᠵᠡᠷᠭᠡ ᠰᠣᠨᠢᠷᠬᠠᠯᠲᠠᠶ ᠵᠤᠭ᠎ᠠ ᠴᠡᠩᠭᠡᠯ ᠤᠨ ᠵᠤᠶᠢᠯᠡᠰ ᠢ ᠶᠠᠪᠤᠭᠳᠠᠭᠤᠯᠵᠠᠢ᠃ 60 ᠭᠠᠷᠤᠢ ᠬᠡᠭᠡᠷ᠎ᠡ ᠶᠢᠨ ᠮᠠᠰᠢᠨ ᠲᠡᠷᠭᠡ ᠡᠯᠡᠰᠦᠨ ᠴᠤᠬᠢᠶᠠᠨ ᠳᠤ ᠭᠠᠷᠬᠤ ᠪᠠᠷ ᠦᠷᠢᠰᠦᠯᠳᠦᠵᠦ᠂ 300 ᠭᠠᠷᠤᠢ ᠶᠠᠪᠠᠭᠠᠨ ᠶᠠᠪᠤᠬᠤ ᠳᠤᠷᠠᠲᠠᠢ ᠬᠥᠮᠦᠰ ᠡᠯᠡᠰᠦᠨ ᠴᠦᠯ ᠤᠨ ᠮᠠᠷᠠᠽᠤᠨ ᠤ ᠶᠠᠪᠠᠭᠠᠨ ᠶᠠᠪᠤᠬᠤ ᠤᠷᠤᠯᠳᠤᠭᠠᠨ ᠳᠤ ᠣᠷᠣᠯᠴᠠᠵᠤ᠂ ᠪᠦᠬᠦ ᠤᠯᠤᠰ ᠤᠨ ᠡᠯ᠎ᠡ ᠭᠠᠵᠠᠷ ᠤᠨ ᠵᠤᠭᠠᠴᠠᠭᠰᠠᠳ᠂ ᠬᠡᠭᠡᠷᠡᠯᠡᠨ ᠠᠶᠠᠯᠠᠭᠴᠢᠳ ᠡᠨᠡ ᠳᠤ ᠢᠷᠡᠵᠦ ᠦᠪᠡᠷ ᠤᠨ ᠪᠡᠶ᠎ᠡ ᠪᠠᠷ ᠢᠶᠠᠨ ᠤᠷᠤᠯᠴᠠᠵᠤ ᠂ ︽ᠬᠡᠭᠡᠷᠯᠡᠬᠦ ᠠᠶᠠᠯᠠᠯ︾ ᠤᠨ ᠴᠠᠭ ᠮᠥᠴᠡ ᠶᠢ ᠭᠡᠷᠡᠴᠢᠯᠡᠵᠡᠢ᠃
       ︽5 · 1︾ ᠤ ᠠᠮᠠᠷᠠᠯᠲᠠ ᠶᠢᠨ ᠬᠤᠭᠤᠴᠠᠭᠠᠨ ᠳᠤ᠂ ᠪᠠᠳᠠᠢ ᠶᠢᠨ ᠵᠢᠷᠠᠨ ᠤ ᠡᠯᠡᠰᠦᠨ ᠴᠦᠯ᠂ ᠬᠠᠶᠢᠰᠤᠨ ᠴᠢᠯᠠᠭᠤ ᠬᠠᠴᠢᠨ ᠴᠢᠯᠠᠭᠤᠨ ᠤ ᠦᠵᠡᠮᠵᠢ ᠶᠢᠨ ᠣᠷᠣᠨ᠂ ᠡᠯᠡᠰᠦᠨ ᠴᠦᠯ ᠤᠨ ᠨᠠᠭᠤᠷ᠂ ᠶᠢᠰᠦᠨ ᠮᠤᠳᠤ ᠵᠡᠷᠭᠡ ᠦᠵᠡᠮᠵᠢ ᠶᠢᠨ ᠣᠷᠣᠨ ᠳᠤ ᠵᠤᠭᠠᠴᠠᠭᠰᠠᠳ ᠴᠤᠭᠯᠠᠷᠠᠵᠤ᠂ ᠲᠠᠪᠤᠨ ᠡᠳᠦᠷ ᠤᠨ ᠳᠣᠲᠣᠷ᠎ᠠ ᠮᠠᠰᠢᠨ ᠲᠡᠷᠭᠡ ᠪᠠᠷ ᠵᠤᠭᠠᠴᠠᠭᠰᠠᠳ ᠢ ᠲᠦᠮᠡ ᠰᠢᠬᠠᠮ ᠬᠥᠮᠦᠨ ᠤᠳᠠᠭ᠎ᠠ ᠳᠤ ᠬᠦᠯᠢᠶᠡᠨ ᠠᠪᠴᠤ᠂ ᠵᠤᠭᠠᠴᠠᠭᠰᠠᠳ ᠤᠨ ᠶᠡᠷᠦᠩᠬᠡᠢ ᠲᠣᠭᠠᠨ ᠤ 85% ᠠᠴᠠ ᠳᠡᠭᠡᠭᠰᠢᠬᠢ ᠶᠢ ᠡᠵᠡᠯᠡᠨ᠎ᠡ᠃ ᠡᠯ᠎ᠡ ᠭᠤᠤᠯᠳᠠᠯᠭ᠎ᠠ ᠲᠠᠢ ᠦᠵᠡᠮᠵᠢ ᠶᠢᠨ ᠣᠷᠣᠨ ᠳᠤ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ᠂ ᠦᠨᠳᠦᠰᠦᠲᠡᠨ ᠤ ᠭᠠᠷ ᠤᠷᠠᠯᠠᠯ᠂ ᠬᠠᠯᠬ᠎ᠠ ᠶᠢᠨ ᠮᠣᠩᠭᠤᠯ ᠬᠤᠪᠴᠠᠰᠤ ᠵᠠᠰᠠᠯ ᠵᠡᠷᠭᠡ ᠥᠪ ᠬᠥᠷᠥᠩᠭᠡ ᠶᠢᠨ ᠪᠤᠰᠤ ᠪᠦᠲᠦᠭᠡᠭᠳᠡᠬᠦᠨ ᠪᠠ ︽ᠡᠯᠡᠰᠦᠨ ᠵᠢᠷᠤᠭ︾ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠣᠷᠣᠨ ᠨᠤᠲᠤᠭ ᠤᠨ ᠰᠣᠶᠣᠯ᠂ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠤᠯᠠᠮ ᠨᠢᠭᠡ ᠠᠯᠬᠤᠮ ᠢᠯᠡᠷᠡᠭᠦᠯᠪᠡ᠃
       ᠠᠯᠠᠱᠠ ᠪᠠᠷᠠᠭᠤᠨ ᠬᠤᠰᠢᠭᠤ ︽ᠪᠦᠬᠦ ᠣᠷᠣᠨ ᠪᠦᠰᠡ ᠶᠢᠨ ᠵᠢᠭᠤᠯᠴᠢᠯᠠᠯ︾ ᠤᠨ ᠬᠥᠭᠵᠢᠯᠲᠡ ᠶᠢᠨ ᠬᠠᠷᠠᠯᠲᠠ ᠶᠢ ᠪᠠᠷᠢᠮᠲᠠᠯᠠᠵᠤ᠂ ︽ᠦᠵᠡᠰᠭᠦᠯᠡᠩᠲᠦ ᠪᠠᠳᠠᠢ︾ ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ ᠡᠭᠦᠳᠴᠦ᠂ ᠨᠢᠭᠡᠨᠲᠡ ᠳᠥᠷᠪᠡᠨ ᠬᠤᠭᠤᠴᠠᠭᠠᠨ ᠤ ᠪᠠᠳᠠᠶ ᠶᠢᠨ ᠵᠢᠷᠠᠨ ᠤ ᠡᠯᠡᠰᠦᠨ ᠴᠤᠬᠢᠶᠠᠨ ᠤ ᠶᠡᠭᠡ ᠴᠤᠭᠯᠠᠭᠠᠨ ᠤ ᠠᠵᠢᠯᠯᠠᠭ᠎ᠠ ᠶᠢ ᠦᠷᠭᠦᠯᠵᠢᠯᠡᠨ ᠬᠢᠵᠦ᠂ ︽ᠠᠯᠠᠱᠠ ᠶᠢᠨ ᠨᠢᠭᠤᠴᠠ ᠶᠢ ᠬᠠᠶᠢᠬᠤ︾᠂ ︽ᠬᠤᠶᠢᠲᠤ ᠲᠣᠷᠭᠠᠨ ᠵᠠᠮ ᠤᠨ ᠰᠣᠨᠢᠨ ᠭᠠᠶᠢᠬᠠᠮᠰᠢᠭ ᠢ ᠬᠠᠶᠢᠬᠤ︾ ᠪᠠ ︽ ᠦᠵᠡᠰᠭᠦᠯᠡᠩᠲᠦ ᠪᠠᠳᠠᠢ︾ ᠵᠡᠷᠭᠡ ᠬᠤᠰᠢᠭᠤᠨ ᠤ ᠳᠣᠲᠣᠨ᠎ᠠ ᠭᠠᠳᠠᠨᠠᠬᠢ ᠶᠢ ᠬᠤᠯᠪᠣᠭᠰᠠᠨ 3 ᠰᠣᠳᠣᠨ ᠵᠢᠭᠤᠯᠴᠢᠯᠠᠯ ᠤᠨ ᠵᠠᠮ ᠱᠤᠭᠤᠮ ᠳᠤ ᠲᠦᠰᠢᠭᠯᠡᠨ᠂ ᠪᠥᠬᠦ ᠬᠤᠰᠢᠭᠤᠨ ᠤ ᠳᠠᠪᠠᠭᠤᠯᠢᠭ ᠵᠢᠭᠤᠯᠴᠢᠯᠠᠯ ᠤᠨ ᠡᠬᠢ ᠪᠠᠶᠠᠯᠢᠭ ᠪᠠ ᠬᠤᠪᠢ ᠶᠢᠨ ᠮᠠᠰᠢᠨ ᠲᠡᠷᠭᠡᠨ ᠤ ᠲᠦᠪ᠂ ᠵᠢᠭᠤᠯᠴᠢᠯᠠᠯ ᠤᠨ ᠥᠷᠲᠡᠭᠡ ᠲᠠᠢ ᠤᠶᠠᠯᠳᠤᠭᠤᠯᠤᠨ᠂ ᠪᠥᠬᠦ ᠬᠤᠰᠢᠭᠤ ᠶᠢ ᠬᠠᠮᠤᠷᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠰᠦᠯᠵᠢᠶᠡᠨ ᠤ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠪᠠᠳᠠᠶ ᠶᠢᠨ ᠵᠢᠷᠠᠨ᠂ ᠬᠠᠳᠤᠨ ᠭᠤᠤᠯ ᠤᠨ ᠪᠠᠷᠠᠭᠤᠨ ᠡᠷᠭᠢ ᠶᠢᠨ ᠦᠵᠡᠮᠵᠢ ᠶᠢᠨ ᠬᠤᠩᠭᠢᠯ ᠢᠶᠠᠷ ᠭᠤᠤᠯᠯᠠᠭᠤᠯᠤᠭᠰᠠᠨ ︽ᠲᠣᠷᠭᠠᠨ ᠵᠠᠮ ᠢᠶᠠᠷ ᠳᠠᠬᠢᠨ ᠵᠠᠮᠨᠠᠬᠤ︾ ᠵᠢᠭᠤᠯᠴᠢᠯᠠᠯ ᠤᠨ ᠨᠠᠷᠠᠲᠤ ᠲᠡᠮᠳᠡᠭ ᠤᠨ ᠳᠠᠪᠠᠭᠤᠯᠢᠭ ᠨᠢᠭᠡᠨᠲᠡ ᠲᠣᠪᠤᠶᠢᠮ᠎ᠠ ᠪᠣᠯᠵᠣ᠂ ᠣᠶᠢᠷ᠎ᠠ ᠶᠢᠨ ᠵᠢᠯ ᠳᠤ ᠬᠥᠮᠦᠰ ᠤᠨ ᠬᠦᠷᠢᠶᠡᠯᠡᠯ ᠢ ᠬᠠᠮᠤᠭ ᠠᠴᠠ ᠢᠯᠡᠭᠦᠤ ᠣᠯᠤᠭᠰᠠᠨ᠂ ᠬᠠᠯᠠᠭᠤᠷᠠᠯ ᠤᠨ ᠬᠡᠮᠵᠢᠶ᠎ᠡ ᠪᠠᠷ ᠬᠠᠮᠤᠭ ᠤᠨ ᠥᠨᠳᠥᠷ ᠪᠠᠷᠠᠭᠤᠨ ᠣᠷᠣᠨ ᠤ ᠰᠣᠳᠣᠨ ᠵᠢᠭᠤᠯᠴᠢᠯᠠᠯ ᠤᠨ ᠵᠠᠮ ᠱᠤᠭᠤᠮ ᠪᠣᠯᠤᠭᠰᠠᠨ ᠪᠠᠶᠢᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号