︽ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/6/21
ᠬᠡᠯᠬᠢᠶᠡᠰᠦ ᠶᠢᠨ ᠨᠣᠮᠧᠷ᠄ 15290000000035/2020-01102 ᠨᠡᠶᠢᠲᠡᠯᠡᠬᠦ ᠪᠠᠶᠢᠭᠤᠯᠤᠮᠵᠢ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠢᠯᠡ ᠪᠣᠯᠭᠠᠬᠤ ᠠᠷᠭ᠎ᠠ ᠮᠠᠶ᠋ᠢᠭ᠄ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ ᠬᠤᠪᠢᠶᠠᠷᠢᠯᠠᠯ ᠤᠨ ᠠᠩᠭᠢᠯᠠᠯ᠄ ᠬᠤᠰᠢᠭᠤᠨ ᠤ ᠪᠢᠴᠢᠭ ᠮᠠᠲ᠋ᠧᠷᠢᠶᠠᠯ ᠥᠰᠥᠭ ᠪᠢᠴᠢᠭ ᠲᠠᠷᠬᠠᠭᠠᠭᠰᠠᠨ ᠳ᠋ᠤᠭᠠᠷ᠄ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠭᠰᠠᠨ ︹ 2020 ︺ 74 ᠳ᠋ᠦᠭᠡᠷ ᠲᠣᠭᠠᠲᠤ ᠪᠢᠴᠢᠭᠯᠡᠭᠰᠡᠨ ᠴᠠᠭ᠄ 2020 — 12 — 31      ︽ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ      ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠳᠡᠭᠡᠳᠦ ᠱᠠᠲᠤᠨ ᠤ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠳᠤ᠄      ︽ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠷᠭ᠎ᠠ︾ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠬᠢᠨᠠᠨ ᠲᠣᠭᠲᠠᠭᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃      ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2020 ᠣᠨ ᠤ 12 ᠰᠠᠷ᠎ᠠ ᠶᠢᠨ 31 ᠤ ᠡᠳᠦᠷ      ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠲᠦᠷᠢᠮ      ᠨᠢᠭᠡᠳᠦᠭᠡᠷ ᠵᠦᠢᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠪᠠ ᠬᠡᠷᠡᠭᠯᠡᠭᠡᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠵᠢᠷᠤᠮᠵᠢᠭᠤᠯᠬᠤ ᠶᠢᠨ ᠲᠥᠯᠥᠭᠡ᠂ ᠪᠦᠬᠦ ᠬᠤᠰᠢᠭᠤᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠯᠲᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠢᠨᠲ᠋ᠤᠷ ᠰᠦᠯᠵᠢᠶᠡᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ︽ᠲᠤᠬᠠᠶ ᠶᠢᠨ ᠴᠠᠭ ᠤᠨ ᠮᠡᠳᠡᠭᠡ ᠬᠤᠯᠪᠣᠭᠠᠨ ᠤ ᠪᠠᠭᠠᠵᠢ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠥᠭᠵᠢᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︽ᠢᠨᠲ᠋ᠤᠷ ᠰᠦᠯᠵᠢᠶᠡᠨ ᠤ ᠬᠡᠷᠡᠭᠯᠡᠭᠴᠢ ᠶᠢᠨ ᠲᠠᠩᠰᠠᠨ ᠨᠣᠮᠧᠷ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠨ ᠤ ᠬᠤᠰᠢᠭᠤᠨ ᠤ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠤᠶᠢᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠭᠡᠳᠡᠭ ᠨᠢ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠶ᠋ᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠤᠨ ᠪᠦᠯᠬᠦᠮ ᠵᠢᠴᠢ ᠲᠡᠭᠦᠨ ᠤ ᠳᠣᠲᠣᠭᠠᠳᠤ ᠶᠢᠨ ᠪᠠᠶᠢᠭᠤᠯᠤᠮᠵᠢ ᠶᠢᠨ ᠪᠢᠴᠢᠯ ᠪᠦᠷᠭᠡ᠂ ᠸᠢᠴᠠᠲ᠂ ᠸᠢᠳᠢᠣ᠋᠂ ᠰᠢᠭᠤᠳ ᠨᠡᠪᠲᠡᠷᠡᠭᠦᠯᠭᠡ ᠵᠡᠷᠭᠡ ᠭᠤᠷᠪᠠᠳᠤᠭᠠᠷ ᠲᠠᠯ᠎ᠠ ᠶᠢᠨ ᠰᠦᠯᠵᠢᠶᠡᠨ ᠤ ᠲᠠᠪᠴᠠᠩ ᠳᠡᠭᠡᠷ᠎ᠡ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ᠂ ᠪᠦᠯᠬᠦᠮ ᠵᠡᠷᠭᠡ ᠶᠢᠨ ᠨᠡᠷ᠎ᠡ ᠪᠠᠷ ᠭᠡᠷᠡᠴᠢᠯᠡᠭᠰᠡᠨ᠂ ᠳᠠᠩᠰᠠᠯᠠᠭᠤᠯᠤᠭᠰᠠᠨ ᠲᠠᠩᠰᠠᠨ ᠨᠣᠮᠧᠷ ᠪᠤᠶᠤ ᠬᠡᠷᠡᠭᠯᠡᠯᠲᠡ ᠵᠢᠴᠢ ᠥᠪᠡᠷᠲᠡᠭᠡᠨ ᠨᠡᠭᠡᠭᠡᠨ ᠬᠥᠭᠵᠢᠭᠦᠯᠵᠦ ᠪᠠᠶᠢᠭᠤᠯᠤᠭᠰᠠᠨ ᠰᠢᠯᠵᠢᠮᠡᠯ ᠬᠡᠷᠡᠭᠯᠡᠭᠴᠢ ᠶᠢᠨ ᠦᠵᠦᠭᠦᠷ᠂ ᠵᠢᠵᠢᠭ ᠫᠷᠤᠭ᠍ᠷᠠᠮ ᠵᠡᠷᠭᠡ ᠶᠢ ᠵᠢᠭᠠᠨ᠎ᠠ᠃      ᠭᠤᠷᠪᠠᠳᠤᠭᠠᠷ ᠵᠤᠶᠢᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠪᠣᠯ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠭᠠᠳᠠᠭᠰᠢ ᠤᠬᠠᠭᠤᠯᠭ᠎ᠠ ᠬᠢᠬᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠬᠡᠷᠡᠭᠵᠢᠭᠦᠯᠬᠦ᠂ ᠵᠠᠰᠠᠭ ᠠᠷᠠᠳ ᠬᠠᠷᠢᠯᠴᠠᠨ ᠦᠶ᠋ᠯᠡᠳᠦᠯᠴᠡᠬᠦ ᠶᠢ ᠥᠷᠨᠢᠭᠦᠯᠬᠦ᠂ ᠣᠯᠠᠨ ᠲᠦᠮᠡᠨ ᠲᠠᠢ ᠬᠠᠷᠢᠯᠴᠠᠬᠤ᠂ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠥᠷᠨᠢᠭᠦᠯᠬᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠲᠦᠷᠭᠡᠳᠬᠡᠬᠦ ᠴᠢᠬᠤᠯᠠ ᠠᠷᠭ᠎ᠠ ᠪᠠᠷᠢᠯ ᠪᠠ ᠲᠠᠪᠴᠠᠩ ᠪᠠᠶᠢᠵᠤ᠂ ᠵᠠᠰᠠᠭ ᠠᠷᠠᠳ ᠬᠠᠷᠢᠯᠴᠠᠨ ᠦᠶ᠋ᠯᠡᠳᠦᠯᠴᠡᠬᠦ ᠶᠢ ᠠᠬᠢᠭᠤᠯᠬᠤ᠂ ᠨᠢᠭᠡᠴᠡ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠪᠠ ᠨᠡᠶᠢᠭᠡᠮ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠶ᠋ᠯᠡᠳᠦᠯ ᠲᠠᠢ ᠶᠤᠮ᠃      ᠬᠤᠶᠠᠳᠤᠭᠠᠷ ᠪᠦᠯᠦᠭ ᠪᠠᠶᠢᠭᠤᠯᠬᠤ ᠬᠠᠭᠠᠬᠤ ᠵᠣᠭᠰᠣᠭᠠᠬᠤ      ᠳᠥᠷᠪᠡᠳᠦᠭᠡᠷ ᠵᠤᠶᠢᠯ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠳᠠᠩᠰᠠᠯᠠᠬᠤ ᠪᠠ ᠨᠡᠭᠡᠭᠡᠵᠦ᠂ ᠰᠦᠯᠵᠢᠶᠡᠨ ᠳᠡᠭᠡᠷ᠎ᠡ ᠤᠬᠠᠭᠤᠯᠬᠤ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠢᠳᠡᠪᠬᠢᠲᠡᠶ ᠥᠷᠨᠢᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠤᠯᠠᠮᠵᠢᠯᠠᠬᠤ ᠠᠷᠭ᠎ᠠ ᠵᠠᠮ ᠢ ᠥᠷᠭᠡᠳᠬᠡᠨ ᠂ ᠨᠡᠶᠢᠭᠡᠮ ᠤᠨ ᠠᠩᠬᠠᠷᠴᠤ ᠪᠠᠶᠢᠭ᠎ᠠ ᠵᠦᠶ᠋ᠯ ᠳᠤ ᠴᠠᠭ ᠲᠤᠬᠠᠶ ᠳᠤᠨᠢ ᠬᠠᠷᠢᠭᠤ ᠥᠭᠴᠦ᠂ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠡᠷᠴᠢᠮᠵᠢᠭᠦᠯᠦᠨ ᠠᠷᠪᠢᠯᠠᠬᠤ ᠵᠠᠷᠴᠢᠮ ᠢ ᠴᠢᠩᠭ᠎ᠠ ᠵᠢᠷᠤᠮᠯᠠᠨ ᠰᠢᠯᠵᠢᠮᠡᠯ ᠰᠢᠯᠵᠢᠶ᠎ᠡ ᠶᠢᠨ ᠦᠵᠦᠭᠦᠷ ᠵᠡᠷᠭᠡ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ︽ᠨᠢᠭᠡ ᠯᠡ ᠳᠣᠤᠷ᠎ᠠ ᠳᠦᠷᠭᠢᠯᠳᠦᠨ᠂ ᠨᠢᠭᠡ ᠶᠠᠪᠤᠳᠠᠯ ᠢ ᠨᠢᠭᠡ ᠦᠵᠦᠭᠦᠷ ᠲᠤ᠂ ᠨᠢᠭᠡ ᠨᠢᠭᠡᠴᠡ ᠳᠤ ᠨᠢᠭᠡ ᠬᠡᠷᠡᠭᠯᠡᠬᠦ︾ ᠠᠴᠠ ᠵᠠᠶᠢᠯᠠᠰᠬᠢᠵᠦ᠂ ᠰᠢᠯᠵᠢᠮᠡᠯ ᠰᠢᠯᠵᠢᠶ᠎ᠡ ᠶᠢᠨ ᠦᠵᠦᠭᠦᠷ ᠲᠤ IPv6 ︵ᠢᠨᠲ᠋ᠤᠷ ᠰᠦᠯᠵᠢᠶᠡᠨ ᠤ ᠵᠥᠪᠯᠡᠯᠴᠡᠭᠡᠷ ᠤᠨ 6 ᠳ᠋ᠤᠭᠠᠷ ᠨᠢᠭᠤᠷ︶ ᠶᠢ ᠪᠥᠬᠦ ᠲᠠᠯ᠎ᠠ ᠪᠠᠷ ᠳᠡᠮᠵᠢᠵᠦ᠂ ᠠᠳᠠᠯᠢ ᠪᠤᠰᠤ ᠦᠵᠦᠭᠦᠷ ᠲᠤ ᠳᠥᠭᠦᠮ ᠳᠥᠲᠡ ᠬᠡᠷᠡᠭᠯᠡᠬᠦ ᠶᠢ ᠳᠡᠮᠵᠢᠬᠦ ᠬᠡᠷᠡᠭᠲᠡᠶ᠃      ᠲᠠᠪᠤᠳᠤᠭᠠᠷ ᠵᠤᠶᠢᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠡᠷᠬᠡᠪᠰᠢ ᠤᠯᠤᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠲᠠᠪᠴᠠᠩ ᠳᠡᠭᠡᠷ᠎ᠡ ᠪᠠᠶᠢᠭᠤᠯᠬᠤ ᠶᠢᠨ ᠬᠠᠮᠲᠤ ᠬᠡᠷᠡᠭᠯᠡᠯᠲᠡ ᠶᠢ ᠥᠷᠨᠢᠭᠦᠯᠬᠦ ᠬᠡᠷᠡᠭᠲᠡᠶ᠃      ᠵᠢᠷᠭᠤᠳᠤᠭᠠᠷ ᠵᠤᠶᠢᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠨᠡᠷᠡᠶᠢᠳᠦᠯ ᠨᠢ ︽ᠢᠨᠲ᠋ᠤᠷ ᠰᠦᠯᠵᠢᠶᠡᠨ ᠤ ᠬᠡᠷᠡᠭᠯᠡᠭᠴᠢ ᠶᠢᠨ ᠲᠠᠩᠰᠠᠨ ᠨᠣᠮᠧᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠣᠭᠲᠠᠭᠠᠯ︾ ᠳᠤ ᠨᠡᠶᠢᠴᠡᠭᠰᠡᠨ ᠪᠠᠶᠢᠬᠤ ᠬᠡᠷᠡᠭᠲᠡᠶ᠃ ᠲᠣᠰ ᠨᠢᠭᠡᠴᠡ ᠶᠢᠨ ᠢᠶᠠᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠤᠨ᠂ ᠪᠣᠳᠠᠲᠤ ᠬᠡᠷᠡᠭᠴᠡᠭᠡ᠂ ᠪᠣᠳᠠᠲᠠᠶ᠂ ᠪᠣᠳᠠᠲᠤ ᠦᠷ᠎ᠡ ᠪᠦᠲᠦᠮᠵᠢ ᠪᠠᠷ ᠵᠠᠷᠴᠢᠮ ᠪᠣᠯᠭᠠᠵᠤ᠂ ᠨᠡᠷᠡᠶᠢᠳᠦᠯ ᠨᠢ ᠲᠣᠪᠴᠢ ᠠᠪᠰᠠᠷᠬᠠᠨ᠂ ᠰᠢᠭᠤᠳ᠂ ᠵᠢᠷᠤᠮᠵᠢᠯ ᠲᠠᠢ᠂ ᠲᠣᠯᠣᠭᠠᠶ ᠶᠢᠨ ᠵᠢᠷᠤᠭ ᠨᠢ ᠢᠯᠡ ᠲᠣᠳᠣ᠂ ᠲᠥᠪ ᠶᠡᠬᠡᠮᠰᠦᠭ᠂ ᠪᠣᠯᠪᠠᠰᠤᠨ ᠪᠠᠶᠢᠬᠤ ᠬᠡᠷᠡᠭᠲᠡᠶ᠃ ᠭᠤᠤᠯᠯᠠᠨ ᠡᠷᠭᠢᠯᠡᠭᠰᠡᠨ ᠨᠢᠭᠡᠴᠡ ᠶᠢᠨ ᠠᠳᠠᠯᠢ ᠪᠤᠰᠤ ᠲᠠᠪᠴᠠᠩ ᠳᠡᠭᠡᠷ᠎ᠡ ᠨᠡᠭᠡᠭᠡᠭᠰᠡᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠡᠷᠡᠶᠢᠳᠦᠯ ᠢ ᠵᠠᠷᠴᠢᠮ ᠳᠡᠭᠡᠷ᠎ᠡ ᠪᠠᠨ ᠨᠢᠭᠡᠳᠦᠯᠲᠡᠶ ᠪᠠᠶᠢᠯᠭᠠᠬᠤ ᠬᠡᠷᠡᠭᠲᠡᠶ᠃      ᠳᠣᠯᠣᠳᠤᠭᠠᠷ ᠵᠦᠶ᠋ᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠲᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠢ ᠬᠡᠷᠡᠭᠵᠢᠭᠦᠯᠵᠦ᠂ ᠲᠠᠩᠰᠠᠨ ᠨᠣᠮᠧᠷ ᠢ ᠨᠡᠭᠡᠭᠡᠬᠦ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠳᠤ ᠭᠤᠤᠯᠴᠢᠯᠠᠨ ᠬᠠᠮᠢᠶᠠᠷᠬᠤ ᠨᠢᠭᠡᠴᠡ ︵ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠴᠢᠯᠠᠨ ᠬᠠᠮᠢᠶᠠᠷᠬᠤ ᠨᠢᠭᠡᠴᠡ ᠪᠣᠯ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠪᠣᠯᠤᠨ᠎ᠠ᠂ ᠪᠣᠳᠠᠲᠠᠶ ᠬᠡᠷᠡᠭ ᠶᠠᠪᠤᠳᠠᠯ ᠢ ᠬᠤᠰᠢᠭᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠠᠯᠪᠠᠨ ᠬᠡᠷ ᠠᠴᠠ ᠬᠢᠨᠠᠨ ᠬᠠᠮᠢᠶᠠᠷᠤᠨ᠎ᠠ︶ ᠪᠣᠯᠤᠨ ᠬᠤᠰᠢᠭᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠲᠤ ᠳᠠᠩᠰᠠᠯᠠᠭᠤᠯᠤᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠭᠤᠤᠯᠯᠠᠨ ᠡᠷᠭᠢᠯᠡᠬᠦ ᠨᠢᠭᠡᠴᠡ ᠳᠤ ᠬᠤᠪᠢᠷᠠᠯᠲᠠ ᠭᠠᠷᠪᠠᠯ᠂ ᠲᠠᠩᠰᠠᠨ ᠨᠣᠮᠧᠷ ᠤᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠬᠦᠴᠦᠨ ᠥᠬᠡᠶ ᠪᠣᠯᠭᠠᠬᠤ ᠪᠤᠶᠤ ᠬᠤᠪᠢᠷᠠᠭᠤᠯᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠶ᠃ ᠴᠢᠳᠠᠮᠵᠢ ᠨᠢ ᠣᠶᠢᠷᠠᠯᠴᠠᠭ᠎ᠠ᠂ ᠬᠡᠷᠡᠭᠯᠡᠭᠴᠢ ᠶᠢᠨ ᠠᠩᠬᠠᠷᠤᠯ ᠤᠨ ᠬᠡᠮᠵᠢᠶ᠎ᠡ ᠪᠠ ᠠᠰᠢᠭᠯᠠᠯᠲᠠ ᠶᠢᠨ ᠨᠣᠷᠮ᠎ᠠ ᠪᠠᠷ ᠳᠣᠤᠷ᠎ᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠯᠭᠠᠷᠠᠭᠤᠯᠤᠨ ᠳᠢᠭᠯᠡᠵᠦ ᠡᠮᠬᠢᠯᠡᠨ ᠨᠡᠶᠢᠯᠡᠭᠦᠯᠵᠦ᠂ ᠦᠨᠡᠨᠬᠦ ᠬᠠᠮᠠᠭᠠᠯᠠᠬᠤ ᠴᠢᠳᠠᠯ ᠥᠬᠡᠶ ᠶᠢ ᠨᠢ ᠴᠠᠭ ᠲᠤᠬᠠᠶ ᠳᠤᠨᠢ ᠬᠠᠭᠠᠵᠤ ᠵᠣᠭᠰᠣᠭᠠᠬᠤ ᠬᠡᠷᠡᠭᠲᠡᠶ᠃ ᠨᠢᠭᠡ ᠨᠢᠭᠡᠴᠡ ᠵᠠᠷᠴᠢᠮ ᠳᠡᠭᠡᠷ᠎ᠡ ᠪᠠᠨ ᠠᠳᠠᠯᠢ ᠨᠢᠭᠡᠨ ᠲᠠᠪᠴᠠᠩ ᠳᠤ ᠵᠥᠪᠬᠡᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠭᠠᠷᠭᠠᠵᠤ᠂ ᠪᠠᠶᠢᠷᠢ ᠲᠣᠭᠲᠠᠭᠠᠯᠲᠠ ᠨᠢ ᠲᠣᠳᠣᠷᠬᠠᠶ᠂ ᠮᠡᠳᠡᠭᠡ ᠵᠠᠩᠭᠢ ᠨᠢ ᠡᠷᠬᠡ ᠰᠦᠷ ᠲᠠᠢ᠂ ᠠᠵᠢᠯᠯᠠᠭᠤᠯᠵᠤ ᠪᠠᠲᠤᠯᠠᠬᠤ ᠨᠢ ᠵᠢᠷᠤᠮᠵᠢᠯ ᠲᠠᠢ᠂ ᠬᠢᠨᠠᠯᠲᠠ ᠲᠠᠯᠪᠢᠯᠲᠠ ᠨᠢ ᠪᠦᠲᠦᠮᠵᠢᠲᠡᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠪᠠᠶᠢᠭᠤᠯᠤᠨ᠎ᠠ᠃ ᠠᠵᠢᠯ ᠤᠨ ᠰᠢᠯᠲᠠᠭᠠᠨ ᠠᠴᠠ ᠪᠣᠯᠵᠣ ᠬᠠᠭᠠᠵᠤ ᠵᠣᠭᠰᠣᠭᠠᠬᠤ ᠴᠢᠬᠤᠯᠠ ᠲᠠᠢ ᠪᠣᠯ᠂ ᠨᠢᠭᠡᠴᠡ ᠶᠢᠨ ᠭᠤᠤᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠴᠠᠭ ᠲᠤᠬᠠᠶ ᠳᠤᠨᠢ ᠲᠠᠩᠰᠠᠨ ᠤ ᠳ᠋ᠤᠭᠠᠷ ᠢ ᠬᠦᠴᠦᠨ ᠥᠬᠡᠶ ᠪᠣᠯᠭᠠᠬᠤ ᠶᠢᠨ ᠬᠠᠮᠲᠤ᠂ ᠭᠤᠤᠯᠴᠢᠯᠠᠨ ᠬᠠᠮᠢᠶᠠᠷᠬᠤ ᠨᠢᠭᠡᠴᠡ ᠪᠣᠯᠤᠨ ᠬᠤᠰᠢᠭᠤᠨ ᠨᠠᠮ ᠤᠨ ᠬᠤᠷᠢᠶ᠎ᠠ ᠶᠢᠨ ᠲᠣᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠤᠨ᠎ᠠ᠃      ᠨᠠᠢᠮᠠᠳᠤᠭᠠᠷ ᠵᠤᠶᠢᠯ ᠠᠯᠪᠠᠨ ᠲᠤᠰᠢᠶᠠᠯᠲᠠᠨ ᠨᠢ ᠲᠤᠰᠢᠶᠠᠯ ᠤᠨ ᠬᠢᠷᠢ ᠬᠡᠮ ᠢᠶᠠᠷ ᠢᠶᠠᠨ ᠦᠨᠡᠨ ᠨᠡᠷ᠎ᠡ ᠪᠠᠷ ᠢᠶᠠᠨ ᠭᠡᠷᠡᠴᠢᠯᠡᠬᠦ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠭᠠᠷᠭᠠᠬᠤ ᠳᠤ᠂ ᠪᠠᠶᠢᠭ᠎ᠠ ᠨᠢᠭᠡᠴᠡ ᠳᠡᠭᠡᠨ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠳᠠᠩᠰᠠᠯᠠᠭᠤᠯᠬᠤ ᠶᠢᠨ ᠬᠠᠮᠲᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠳᠦᠷ ᠲᠤᠲᠤᠮ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠠᠯᠪᠠᠨ ᠲᠤᠰᠢᠶᠠᠯᠲᠠᠨ ᠤ ᠠᠯᠪᠠᠨ ᠲᠤᠰᠢᠶᠠᠯ ᠤᠨ ᠪᠤᠰᠤ ᠪᠡᠶ᠎ᠡ ᠬᠡᠮ ᠤᠨ ᠭᠡᠷᠡᠴᠢᠯᠡᠯ ᠢᠶᠠᠷ ᠭᠠᠷᠭᠠᠭᠰᠠᠨ ᠬᠤᠪᠢ ᠬᠥᠮᠦᠨ ᠤ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠤᠨ ᠭᠡᠷᠡᠴᠢᠯᠡᠯ ᠤᠨ ᠮᠡᠳᠡᠭᠡ ᠵᠠᠩᠭᠢ ᠳᠤ ᠪᠠᠶᠢᠭ᠎ᠠ ᠨᠢᠭᠡᠴᠡ᠂ ᠡᠭᠦᠷᠭᠡᠯᠡᠵᠦ ᠪᠠᠶᠢᠭ᠎ᠠ ᠲᠤᠰᠢᠶᠠᠯ ᠵᠢᠴᠢ ᠡᠷᠭᠢᠯᠡᠵᠦ ᠪᠠᠶᠢᠭ᠎ᠠ ᠠᠯᠪᠠᠨ ᠶᠠᠪᠤᠳᠠᠯ ᠲᠠᠢ ᠬᠤᠯᠪᠣᠭᠳᠠᠬᠤ ᠮᠡᠳᠡᠭᠡ ᠵᠠᠩᠭᠢ ᠢᠯᠡᠷᠡᠵᠦ ᠪᠣᠯᠬᠤ ᠥᠬᠡᠶ᠂ ᠠᠯᠪᠠᠨ ᠶᠠᠪᠤᠳᠠᠯ ᠢ ᠭᠦᠶ᠋ᠴᠡᠳᠬᠡᠬᠦ ᠲᠠᠢ ᠬᠤᠯᠪᠣᠭᠳᠠᠬᠤ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠥᠬᠡᠶ᠃      ᠭᠤᠷᠪᠠᠳᠤᠭᠠᠷ ᠪᠦᠯᠦᠭ ᠴᠢᠳᠠᠮᠵᠢ ᠶᠢᠨ ᠪᠠᠶᠢᠷᠢ ᠲᠣᠭᠲᠠᠭᠠᠯᠲᠠ      ᠶᠢᠰᠦᠳᠦᠭᠡᠷ ᠵᠦᠢᠯ ᠰᠦ᠋ᠯᠵᠢᠶᠡᠨ ᠳᠡᠭᠡᠷᠡᠬᠢ ᠵᠥᠪ ᠲᠠᠯ᠎ᠠ ᠶᠢᠨ ᠤᠬᠠᠭᠤᠯᠭ᠎ᠠ ᠶᠢᠨ ᠭᠤᠣᠯ ᠵᠢᠭᠰᠠᠭᠠᠯ ᠤᠨ ᠭᠠᠵᠠᠷ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠢᠳᠡᠪᠬᠢᠲᠡᠶ ᠪᠠᠷ ᠬᠡᠷᠡᠭᠯᠡᠨ ᠨᠠᠮ ᠪᠠ ᠵᠠᠰᠠᠭ ᠤᠨ ᠣᠷᠳᠣᠨ ᠤ ᠲᠠᠭᠤᠨ ᠢ ᠤᠯᠠᠮᠵᠢᠯᠠᠨ ᠳᠠᠮᠵᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠤᠨ᠂ ᠢᠳᠡᠪᠬᠢ ᠬᠦᠴᠦᠨ ᠢ ᠤᠯᠠᠮᠵᠢᠯᠠᠨ᠎ᠠ᠃ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠬᠠᠮᠢᠶ᠎ᠠ ᠪᠥᠬᠦᠶ ᠮᠡᠳᠡᠭᠡ ᠵᠠᠩᠭᠢ ᠵᠢᠴᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ᠂ ᠣᠯᠠᠨ ᠨᠡᠶᠢᠲᠡ ᠪᠠᠷ ᠢᠶᠠᠨ ᠥᠷᠭᠡᠨ ᠢᠶᠠᠷ ᠮᠡᠳᠡᠬᠦ ᠴᠢᠬᠤᠯᠠᠲᠠᠶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠯᠠᠪᠳᠠᠭᠤᠨ ᠲᠣᠭᠲᠠᠭᠤᠨ ᠢᠶᠠᠷ ᠨᠡᠶᠢᠲᠡᠯᠡᠵᠦ᠂ ᠲᠠᠶᠢᠯᠪᠤᠷᠢᠯᠠᠬᠤ ᠠᠵᠢᠯ ᠢ ᠣᠨᠣᠪᠴᠢᠲᠠᠶ ᠪᠥᠭᠡᠳ ᠨᠠᠷᠢᠯᠢᠭ ᠬᠢᠨ᠎ᠠ᠃ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠡ᠊ᠨᠳᠡᠭᠦᠦ ᠣᠶᠢᠯᠠᠭᠠᠯᠲᠠ ᠪᠠ ᠰᠡᠵᠢᠭᠯᠡᠯ ᠢ ᠦᠳᠲᠡᠷ ᠲᠦᠷᠭᠡᠨ ᠲᠣᠳᠣᠷᠬᠠᠶᠢᠯᠠᠵᠤ᠂ ᠰᠡᠵᠢᠭᠯᠡᠯ ᠢ ᠨᠢ ᠲᠠᠶᠢᠯᠵᠤ ᠲᠥᠭᠡᠷᠢᠭᠳᠡᠯ ᠢ ᠨᠢ ᠲᠠᠶᠢᠯᠵᠤ᠂ ᠵᠥᠪ ᠢᠶᠠᠷ ᠬᠥᠲᠥᠯᠥᠨ ᠵᠢᠯᠣᠭᠤᠳᠴᠤ᠂ ᠬᠠᠮᠲᠤ ᠶᠢᠨ ᠲᠠᠨᠢᠯᠲᠠ ᠶᠢ ᠨᠢ ᠨᠢᠭᠲᠠᠷᠠᠭᠤᠯᠬᠤ ᠬᠡᠷᠡᠭᠲᠡᠶ᠃      ᠠᠷᠪᠠᠳᠤᠭᠠᠷ ᠵᠦᠢᠯ ᠰᠦ᠋ᠯᠵᠢᠶᠡᠨ ᠳᠡᠭᠡᠷᠡᠬᠢ ᠰᠣᠨᠢᠨ ᠮᠡᠳᠡᠭᠡᠨ ᠤ ᠮᠡᠳᠡᠭᠡ ᠵᠠᠩᠭᠢ ᠨᠡᠶᠢᠲᠡᠯᠡᠬᠦ ᠭᠤᠣᠯ ᠴᠣᠩᠬᠤ ᠃ ᠲᠤᠰ ᠠᠵᠢᠯ ᠲᠥᠷᠥᠯ᠂ ᠲᠤᠰ ᠰᠠᠯᠠᠭ᠎ᠠ ᠮᠥᠴᠢᠷ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ᠂ ᠬᠠᠯᠠᠭᠤᠨ ᠴᠡᠭ ᠤᠨ ᠠᠰᠠᠭᠤᠳᠠᠯ ᠳᠤ ᠬᠤᠯᠪᠣᠭᠳᠠᠭᠰᠠᠨ ᠦᠶ᠎ᠡ ᠳᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠦᠶ᠋ᠯᠡᠳᠦᠯ ᠢ ᠢᠳᠡᠪᠬᠢᠲᠡᠶ ᠪᠠᠳᠠᠷᠠᠭᠤᠯᠵᠤ᠂ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠢᠶᠠᠨ ᠰᠢᠨ᠎ᠡ ᠵᠠᠭᠤᠴᠢᠯᠠᠭᠤᠷ ᠤᠨ ᠲᠠᠪᠴᠠᠩ ᠳᠡᠭᠡᠷ᠎ᠡ ᠡᠩ ᠲᠡᠷᠢᠭᠦᠨ ᠳᠤ ᠡᠷᠬᠡ ᠰᠦᠷᠲᠦ ᠮᠡᠳᠡᠭᠡ ᠵᠠᠩᠭᠢ ᠶᠢ ᠨᠡᠶᠢᠲᠡᠯᠡᠵᠦ᠂ ᠦᠨᠡᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ ᠣᠪᠣᠷ ᠢᠶᠠᠨ ᠢᠯᠡᠳᠬᠡᠨ᠂ ᠴᠤᠤᠷᠬᠠᠯ ᠢ ᠠᠷᠢᠯᠭᠠᠬᠤ ᠶᠢᠨ ᠬᠠᠮᠲᠤ ᠬᠡᠷᠡᠭ ᠤᠨ ᠪᠠᠶᠢᠳᠠᠯ ᠤᠨ ᠬᠥᠭᠵᠢᠯᠲᠡ ᠪᠠ ᠰᠢᠶ᠋ᠳᠪᠦᠷᠢᠯᠡᠭᠰᠡᠨ ᠪᠠᠶᠢᠳᠠᠯ ᠢ ᠦᠨᠳᠦᠰᠦᠯᠡᠨ ᠬᠥᠳᠡᠯᠦᠩᠭᠦᠶ ᠮᠡᠳᠡᠭᠡ ᠵᠠᠩᠭᠢ ᠶᠢ ᠨᠡᠶᠢᠲᠡᠯᠡᠵᠦ᠂ ᠲᠤᠰᠬᠠᠶ ᠮᠡᠷᠭᠡᠵᠢᠯᠲᠡᠨ ᠤ ᠲᠠᠶᠢᠯᠪᠤᠷᠢᠯᠠᠬᠤ ᠦᠶ᠋ᠯᠡᠳᠦᠯ ᠢ ᠴᠢᠬᠤᠯᠠᠴᠢᠯᠠᠨ ᠪᠠᠳᠠᠷᠠᠭᠤᠯᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ ᠨᠡᠶᠢᠭᠡᠮ ᠤᠨ ᠵᠠᠰᠠᠯᠲᠠ ᠶᠢᠨ ᠭᠤᠣᠯ ᠠᠷᠭ᠎ᠠ ᠵᠠᠮ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠨ᠂ ᠠᠷᠠᠳ ᠤᠨ ᠵᠣᠪᠠᠨᠢᠯ ᠢ ᠰᠢᠶ᠋ᠳᠪᠦᠷᠢᠯᠡᠵᠦ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠣᠯᠠᠨ ᠨᠡᠶᠢᠲᠡ ᠶᠢᠨ ᠦᠯᠡᠳᠡᠭᠡᠭᠰᠡᠨ ᠦᠭᠡ ᠶᠢ ᠬᠢᠨᠠᠨ ᠦᠵᠡᠵᠦ ᠰᠤᠳᠤᠯᠤᠨ ᠮᠠᠭᠠᠳᠯᠠᠬᠤ᠂ ᠮᠡᠳᠡᠭᠦᠯᠦᠯᠲᠡ ᠴᠤᠭᠯᠠᠭᠤᠯᠬᠤ᠂ ᠰᠢᠶ᠋ᠳᠪᠦᠷᠢᠯᠡᠵᠦ ᠬᠠᠷᠢᠭᠤ ᠲᠤᠰᠬᠠᠬᠤ ᠠᠵᠢᠯ ᠢ ᠬᠢᠨᠠᠮᠠᠭᠠᠶ ᠰᠠᠶᠢᠲᠤᠷ ᠬᠢᠨ᠎ᠠ᠃ ᠰᠢᠭᠦᠮᠵᠢ᠂ ᠦᠭᠡ ᠦᠯᠡᠳᠡᠭᠡᠬᠦ ᠪᠠ ᠬᠤᠪᠢ ᠶᠢᠨ ᠵᠠᠬᠢᠳᠠᠯ ᠢᠶᠠᠨ ᠨᠡᠪᠲᠡᠷᠡᠯᠴᠡᠬᠦ ᠳᠡᠭᠡᠨ ᠣᠪᠣᠷ ᠲᠠᠢ᠂ ᠬᠠᠯᠠᠭᠤᠨ ᠲᠠᠢ᠂ ᠬᠤᠷᠳᠤᠴᠠ ᠲᠠᠢ᠂ ᠬᠠᠨᠳᠤᠯᠭᠠᠲᠤ ᠴᠢᠨᠠᠷ ᠲᠠᠢ ᠪᠠᠷ ᠴᠠᠭ ᠲᠤᠬᠠᠶ ᠳᠤᠨᠢ ᠬᠠᠷᠢᠭᠤ ᠥᠭᠬᠦ ᠬᠡᠷᠡᠭᠲᠡᠶ᠃ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠮᠡᠷᠭᠡᠵᠢᠯ ᠢ ᠬᠡᠷᠡᠭᠯᠡᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠵᠠᠳᠠᠯᠤᠨ ᠰᠤᠳᠤᠯᠵᠤ ᠮᠠᠭᠠᠳᠯᠠᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠷᠢᠯᠢᠭ ᠣᠨᠣᠴᠠᠲᠠᠶ ᠦᠶ᠋ᠯᠡᠴᠢᠯᠡᠭᠡ ᠬᠠᠩᠭᠠᠨ᠎ᠠ᠃      ᠠᠷᠪᠠᠨ ᠬᠤᠶᠠᠳᠤᠭᠠᠷ ᠵᠦᠢᠯ ᠤᠯᠠᠨ ᠲᠦᠮᠡᠨ ᠳᠤ ᠦᠢᠯᠡᠴᠢᠯᠡᠬᠦ ᠭᠤᠣᠯ ᠲᠠᠪᠴᠠᠩ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠶᠠᠪᠤᠳᠠᠯ ᠭᠦᠶ᠋ᠴᠡᠳᠬᠡᠬᠦ ᠦᠶ᠋ᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠲᠥᠬᠦᠮ ᠦᠵᠡᠭᠦᠯᠬᠦ ᠶᠢᠨ ᠲᠣᠭᠤᠷᠢᠨ ᠳᠤ ᠂ ᠠᠵᠢᠯ ᠶᠠᠪᠤᠳᠠᠯ ᠭᠦᠶ᠋ᠴᠡᠳᠬᠡᠬᠦ ᠳᠤ ᠣᠷᠣᠬᠤ ᠭᠠᠵᠠᠷ ᠢ ᠨᠡᠶᠢᠯᠡᠭᠦᠯᠦᠨ᠂ ᠬᠡᠷᠡᠭᠯᠡᠭᠴᠢ ᠶᠢᠨ ᠣᠶᠢᠯᠠᠭᠠᠯᠲᠠ ᠶᠢ ᠰᠢᠯᠢᠳᠡᠭᠵᠢᠭᠦᠯᠵᠦ᠂ ᠨᠠᠩ ᠣᠯᠠᠨ ᠤᠴᠢᠷ ᠶᠠᠪᠤᠳᠠᠯ ᠢ ︽ᠭᠠᠷ ᠲᠠᠭᠠᠨ ᠭᠦᠶ᠋ᠴᠡᠳᠬᠡᠬᠦ︾ ᠶᠢ ᠳᠥᠯᠭᠢᠨ ᠠᠬᠢᠭᠤᠯᠤᠨ᠎ᠠ ᠃ ᠠᠵᠢᠯ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠷᠠᠳ ᠤᠨ ᠠᠮᠢᠳᠤᠷᠠᠯ ᠤᠨ ᠵᠦᠶ᠋ᠯᠡᠰ ᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠳᠠᠰᠢ ᠤᠷᠲᠤᠳᠬᠠᠬᠤ ᠶᠢ ᠭᠤᠤᠯᠳᠠᠯᠭ᠎ᠠ ᠲᠠᠢ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠤᠯᠪᠣᠯᠳᠤᠨ ᠨᠡᠪᠲᠡᠷᠡᠯᠴᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠶᠢ ᠴᠢᠬᠤᠯᠠᠴᠢᠯᠠᠨ᠂ ᠦᠶ᠋ᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠬᠡᠷᠡᠭᠯᠡᠭᠴᠢ ᠶᠢᠨ ᠣᠶᠢᠯᠠᠭᠠᠯᠲᠠ ᠶᠢ ᠰᠢᠯᠢᠳᠡᠭᠵᠢᠭᠦᠯᠵᠦ᠂ ᠠᠵᠢᠯᠯᠠᠭᠠᠨ ᠤ ᠭᠤᠭᠴᠤᠭ᠎ᠠ ᠶᠢ ᠳᠥᠭᠦᠮᠴᠢᠯᠡᠨ᠂ ᠦᠶ᠋ᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠳᠥᠷᠪᠡᠳᠦᠭᠡᠷ ᠪᠦᠯᠦᠭ ᠡᠵᠢᠯᠯᠠᠭᠤᠯᠵᠤ ᠪᠠᠲᠤᠯᠠᠬᠤ ᠬᠠᠮᠢᠶᠠᠷᠤᠯᠲᠠ      ᠠᠷᠪᠠᠨ ᠭᠤᠷᠪᠠᠳᠤᠭᠠᠷ ᠵᠤᠶᠢᠯ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ︽ᠬᠡᠨ ᠨᠡᠭᠡᠭᠡᠨ ᠡᠷᠭᠢᠯᠡᠭᠰᠡᠨ ᠪᠣᠯ ᠬᠡᠨ ᠭᠤᠤᠯᠴᠢᠯᠠᠨ ᠬᠠᠮᠢᠶᠠᠷᠴᠤ᠂ ᠬᠡᠨ ᠬᠡᠷᠡᠭᠯᠡᠭᠰᠡᠨ ᠪᠣᠯ ᠲᠡᠷᠡ ᠬᠠᠷᠢᠭᠤᠴᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠥᠯᠥᠪᠵᠢᠭᠦᠯᠭᠡ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠡᠷᠡᠭᠦᠯ ᠢᠶᠠᠷ ᠬᠥᠭᠵᠢᠬᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠨ᠎ᠡ᠃ ᠠᠵᠢᠯᠯᠠᠭᠤᠯᠵᠤ ᠪᠠᠲᠤᠯᠠᠬᠤ ᠳᠤ ᠬᠦᠴᠢᠷᠳᠡᠯ ᠲᠠᠢ ᠨᠢᠭᠡᠴᠡ ᠨᠢ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠳᠦᠷ ᠲᠤᠲᠤᠮ ᠤᠨ ᠠᠵᠢᠯᠯᠠᠭᠤᠯᠵᠤ ᠪᠠᠲᠤᠯᠠᠬᠤ ᠠᠵᠢᠯ ᠢ ᠪᠣᠳᠠᠲᠠᠶ ᠡᠭᠦᠷᠭᠡᠯᠡᠭᠦᠯᠵᠦ ᠪᠣᠯᠤᠨ᠎ᠠ᠂ ᠭᠡᠬᠦ ᠳᠡᠭᠡᠨ ᠪᠠᠶᠢᠭᠤᠯᠤᠭᠰᠠᠨ ᠨᠢᠭᠡᠴᠡ ᠨᠢ ᠬᠠᠮᠢᠶᠠᠷᠤᠯᠲᠠ ᠪᠠ ᠵᠢᠯᠣᠭᠤᠳᠣᠯᠭ᠎ᠠ ᠪᠠᠨ ᠴᠢᠩᠭᠠᠳᠬᠠᠵᠤ᠂ ᠨᠡᠶᠢᠲᠡᠯᠡᠭᠰᠡᠨ ᠠᠭᠤᠯᠭ᠎ᠠ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠪᠠᠶᠢᠭᠤᠯᠤᠭᠰᠠᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠳᠤ ᠭᠤᠤᠯ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠨᠥᠬᠦᠳ ᠰᠢᠭᠤᠳ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠭᠤᠤᠯ ᠨᠠᠶᠢᠷᠠᠭᠤᠯᠤᠭᠴᠢ ᠨᠢ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃      ᠪᠥᠬᠦ ᠬᠤᠰᠢᠭᠤᠨ ᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠭᠤᠤᠯᠯᠠᠨ ᠬᠠᠮᠢᠶᠠᠷᠴᠤ ᠭᠤᠤᠯᠯᠠᠨ ᠡᠷᠭᠢᠯᠡᠬᠦ ᠪᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠤᠬᠠᠭᠤᠯᠭ᠎ᠠ᠂ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠨᠢᠭᠡᠳᠦᠯᠲᠡᠶ ᠵᠢᠯᠣᠭᠤᠳᠣᠯᠭ᠎ᠠ ᠪᠠ ᠬᠤᠷᠸ᠎ᠠ ᠬᠠᠮᠢᠶᠠᠷᠤᠯᠲᠠ ᠶᠢ ᠬᠦᠯᠢᠶᠡᠨ᠎ᠡ᠃      ᠠᠷᠪᠠᠨ ᠳᠥᠷᠪᠡᠳᠦᠭᠡᠷ ᠵᠤᠶᠢᠯ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠭᠤᠯᠭ᠎ᠠ ᠶᠢ ᠨᠡᠶᠢᠲᠡᠯᠡᠵᠦ ᠬᠢᠨᠠᠨ ᠬᠠᠷᠭᠤᠭᠤᠯᠬᠤ ᠲᠦᠷᠢᠮ ᠢ ᠴᠢᠩᠳᠠᠯᠠᠵᠤ᠂ ᠱᠠᠳᠤ ᠬᠤᠪᠢᠶᠠᠨ ᠲᠦᠷᠦᠯ ᠬᠤᠪᠢᠶᠠᠨ ᠬᠢᠨᠠᠨ ᠬᠠᠷᠭᠤᠭᠤᠯᠬᠤ᠂ ᠤᠷᠢᠳ ᠢᠶᠠᠷ ᠬᠢᠨᠠᠵᠤ ᠲᠠᠷᠠᠭ᠎ᠠ ᠨᠢ ᠲᠠᠷᠬᠠᠭᠠᠬᠤ ᠶᠢ ᠪᠠᠷᠢᠮᠲᠠᠯᠠᠵᠤ᠂ ᠬᠢᠨᠠᠨ ᠬᠠᠷᠭᠤᠭᠤᠯᠬᠤ ᠪᠡᠶᠡᠴᠢ ᠴᠣᠭᠴᠠ᠂ ᠬᠢᠨᠠᠨ ᠬᠠᠷᠭᠤᠭᠤᠯᠬᠤ ᠶᠠᠪᠤᠴᠠ ᠶᠢ ᠲᠣᠳᠣᠷᠬᠠᠶᠢᠯᠠᠵᠤ᠂ ᠤᠯᠤᠰ ᠲᠦᠷᠦ ᠶᠢᠨ ᠪᠣᠭᠤᠮᠲᠠ᠂ ᠬᠠᠤᠯᠢ ᠴᠠᠭᠠᠵᠠ ᠶᠢᠨ ᠪᠣᠭᠤᠮᠲᠠ᠂ ᠲᠦᠷᠦ ᠶᠢᠨ ᠪᠤᠳᠤᠯᠭ᠎ᠠ ᠶᠢᠨ ᠪᠣᠭᠤᠮᠲᠠ᠂ ᠨᠢᠭᠤᠴᠠ ᠶᠢ ᠬᠠᠮᠠᠭᠠᠯᠠᠬᠤ ᠪᠣᠭᠤᠮᠲᠠ᠂ ᠦᠰᠦᠭ ᠪᠢᠴᠢᠭ ᠤᠨ ᠪᠣᠭᠤᠮᠲᠠ ᠶᠢ ᠴᠢᠩᠭ᠎ᠠ ᠠᠳᠬᠤᠨ᠎ᠠ᠃ ᠰᠢᠯᠵᠢᠭᠦᠯᠦᠨ ᠨᠡᠶᠢᠲᠡᠯᠡᠵᠦ ᠨᠡᠶᠢᠲᠡᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠷᠴᠢᠮ ᠳᠡᠭᠡᠷ᠎ᠡ ᠪᠠᠨ ᠵᠥᠪᠬᠡᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠡᠬᠡ ᠪᠢᠴᠢᠭ ᠤᠨ ᠢᠷᠡᠯᠲᠡ ᠶᠢᠨ ᠨᠢᠭᠡᠴᠡ ᠶᠢᠨ ᠨᠡᠶᠢᠲᠡᠯᠡᠭᠰᠡᠨ ᠮᠡᠳᠡᠭᠡ ᠵᠠᠩᠭᠢ ᠶᠢ ᠰᠢᠯᠵᠢᠭᠦᠯᠦᠨ ᠨᠡᠶᠢᠲᠡᠯᠡᠵᠦ᠂ ᠰᠢᠯᠵᠢᠭᠦᠯᠦᠨ ᠨᠡᠶᠢᠲᠡᠯᠡᠭᠰᠡᠨ ᠮᠡᠳᠡᠭᠡ ᠵᠠᠩᠭᠢ ᠶᠢᠨ ᠢᠷᠡᠯᠲᠡ ᠶᠢ ᠨᠡᠬᠡᠮᠵᠢᠯᠡᠵᠦ ᠪᠣᠯᠤᠨ᠎ᠠ᠂ ᠭᠠᠷᠴᠠᠭ ᠤᠨ ᠣᠭ ᠰᠠᠨᠠᠭ᠎ᠠ ᠪᠠ ᠮᠡᠳᠡᠭᠡ ᠵᠠᠩᠭᠢ ᠶᠢᠨ ᠠᠭᠤᠯᠭ᠎ᠠ ᠶᠢ ᠭᠠᠵᠢᠭᠤᠳᠠᠭᠤᠯᠬᠤ ᠪᠠ ᠥᠭᠡᠷᠡᠲᠦᠭᠦᠯᠵᠦ ᠪᠣᠯᠬᠤ ᠥᠬᠡᠶ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠡᠷᠪᠡ ᠢᠨᠲ᠋ᠤᠷ ᠰᠦᠯᠵᠢᠶᠡᠨ ᠤ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠦᠶ᠋ᠯᠡᠴᠢᠯᠡᠭᠡ ᠬᠢᠬᠦ ᠪᠤᠶᠤ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠳᠠᠮᠵᠢᠭᠤᠯᠬᠤ ᠳᠤ ᠭᠦᠷᠪᠡᠯ ᠂ ᠡᠷᠬᠡᠪᠰᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠵᠣᠬᠢᠴᠠᠩᠭᠤᠶ ᠬᠢᠷᠢ ᠬᠡᠮ ᠲᠠᠢ ᠪᠠᠶᠢᠬᠤ ᠬᠡᠷᠡᠭᠲᠡᠶ᠃ ᠠᠩᠬᠠᠨ ᠤ ᠡᠭᠦᠳᠦᠯᠲᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠬᠤ ᠡᠷᠴᠢᠮ ᠢ ᠴᠢᠩᠭᠠᠷᠠᠭᠤᠯᠤᠨ᠂ ᠠᠩᠬᠠᠨ ᠤ ᠡᠭᠦᠳᠦᠯᠲᠡ ᠶᠢᠨ ᠮᠡᠳᠡᠭᠡ ᠵᠠᠩᠭᠢ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠲᠥᠯᠥᠭᠡᠯᠡᠭᠴᠢ ᠶᠢᠨ ᠬᠤᠪᠢ ᠬᠥᠮᠦᠨ ᠤ ᠦᠵᠡᠯᠲᠡ᠂ ᠰᠠᠨᠠᠯ ᠵᠢᠴᠢ ᠤᠷᠮ᠎ᠠ ᠰᠡᠳᠬᠢᠯᠭᠡ ᠶᠢᠨ ᠦᠭᠡ ᠶᠠᠷᠢᠶ᠎ᠠ ᠶᠢ ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠦᠭᠡᠢ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠯᠤᠭ᠎ᠠ ᠰᠢᠭᠤᠳ ᠬᠤᠯᠪᠣᠭ᠎ᠠ ᠦᠭᠡᠢ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠦᠭᠡᠢ᠂ ᠬᠤᠳᠠᠯᠳᠤᠭᠠᠨ ᠤ ᠴᠢᠨᠠᠷᠲᠠᠶ᠂ ᠠᠰᠢᠭ ᠣᠯᠵᠠᠪᠤᠷᠢ ᠶᠢᠨ ᠴᠢᠨᠠᠷᠲᠠᠶ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠂ ᠬᠤᠳᠠᠯᠳᠤᠭᠠᠨ ᠤ ᠵᠠᠷ ᠨᠡᠶᠢᠲᠡᠯᠡᠬᠦ ᠪᠤᠶᠤ ᠬᠤᠳᠠᠯᠳᠤᠭᠠᠨ ᠤ ᠵᠠᠷ ᠤᠨ ᠨᠢᠭᠤᠷ ᠨᠢᠭᠤᠷ ᠢ ᠬᠤᠯᠪᠣᠵᠤ ᠪᠣᠯᠬᠤ ᠦᠭᠡᠢ᠃ ᠵᠢᠵᠢᠭᠦᠷᠯᠡᠨ ᠵᠢᠵᠢᠭᠦᠷᠯᠡᠨ ᠰᠠᠬᠢᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠨ ᠬᠡᠮᠵᠢᠯᠲᠡ ᠶᠢ ᠴᠢᠩᠭᠠᠳᠬᠠᠨ᠂ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠬᠦ᠂ ᠠᠭᠤᠯᠭ᠎ᠠ ᠨᠢ ᠣᠨᠣᠪᠴᠢᠲᠠᠶ ᠪᠥᠭᠡᠳ ᠡᠷᠬᠡ ᠰᠦᠷ ᠲᠠᠢ ᠪᠠᠶᠢᠬᠤ ᠶᠢ ᠦᠨᠡᠨᠬᠦ ᠪᠠᠲᠤᠯᠠᠵᠤ᠂ ᠬᠠᠤᠯᠢ ᠠᠴᠠ ᠵᠥᠷᠢᠴᠡᠭᠰᠡᠨ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠣᠯᠵᠤ ᠮᠡᠳᠡᠪᠡᠯ ᠬᠠᠮᠤᠭ ᠤᠨ ᠲᠡᠷᠢᠭᠦᠨ ᠳᠤ ᠰᠢᠶ᠋ᠳᠪᠦᠷᠢᠯᠡᠬᠦ ᠬᠡᠷᠡᠭᠲᠡᠶ᠃ ᠪᠠᠶᠢᠩᠭᠤᠵᠢᠭᠤᠯᠤᠭᠰᠠᠨ ᠪᠣᠯᠪᠠᠰᠤᠷᠠᠭᠤᠯᠤᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠲᠥᠷᠥ ᠶᠢᠨ ᠪᠣᠳᠣᠯᠭ᠎ᠠ ᠶᠢ ᠡᠵᠡᠮᠳᠡᠬᠦ᠂ ᠮᠡᠳᠡᠭᠡ ᠵᠠᠩᠭᠢ ᠶᠢ ᠨᠠᠶᠢᠷᠠᠭᠤᠯᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ᠂ ᠬᠠᠷᠢᠭᠤ ᠥᠭᠴᠦ ᠬᠥᠲᠥᠯᠦᠨ ᠵᠢᠯᠣᠭᠤᠳᠬᠤ᠂ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃      ᠠᠷᠪᠠᠨ ᠲᠠᠪᠤᠳᠤᠭᠠᠷ ᠵᠦᠢᠯ ᠠᠶᠤᠯ ᠥᠭᠡᠢ ᠶᠢᠨ ᠲᠣᠭᠲᠠᠴᠠ ᠶᠢ ᠪᠥᠷᠢᠨᠰᠢᠬᠦᠯᠥᠨ᠎ᠡ᠃ ᠰᠦᠯᠵᠢᠶᠡᠨ ᠤ ᠠᠮᠤᠷ ᠲᠦᠪᠰᠢᠨ ᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠲᠦᠷᠢᠮ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠳᠤ ᠲᠤᠰᠬᠠᠶ ᠨᠢᠰᠬᠡᠯ ᠢ ᠲᠤᠰᠬᠠᠶ ᠬᠡᠷᠡᠭᠯᠡᠬᠦ᠂ ᠲᠤᠰᠬᠠᠶ ᠬᠥᠮᠦᠨ ᠢ ᠲᠤᠰᠬᠠᠶ ᠬᠡᠷᠡᠭᠯᠡᠬᠦ ᠶᠢ ᠭᠦᠶ᠋ᠴᠡᠳᠬᠡᠵᠦ᠂ ᠲᠠᠩᠰᠠᠨ ᠨᠣᠮᠧᠷ ᠤᠨ ᠨᠢᠭᠤᠴᠠ ᠨᠣᠮᠧᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠲᠠᠩᠰᠠᠨ ᠨᠣᠮᠧᠷ ᠤᠨ ᠨᠢᠭᠤᠴᠠ ᠨᠣᠮᠧᠷ ᠤᠨ ᠬᠦᠴᠦᠯᠡᠴᠡ ᠶᠢ ᠳᠡᠭᠡᠭᠰᠢᠯᠡᠭᠦᠯᠵᠦ᠂ ᠲᠠᠩᠰᠠᠨ ᠨᠣᠮᠧᠷ ᠢ ᠬᠤᠯᠠᠭᠠᠶᠢᠯᠠᠨ ᠬᠡᠷᠡᠭᠯᠡᠬᠦ ᠪᠤᠶᠤ ᠮᠠᠭᠤ ᠰᠠᠨᠠᠭ᠎ᠠ ᠲᠠᠢ ᠪᠠᠷ ᠳᠠᠭᠠᠷᠢᠭᠳᠠᠬᠤ ᠵᠡᠷᠭᠡ ᠠᠮᠤᠷ ᠲᠦᠪᠰᠢᠨ ᠤ ᠬᠡᠷᠡᠭ ᠡᠭᠦᠰᠬᠦ ᠶᠢ ᠰᠡᠷᠭᠡᠶᠢᠯᠡᠨ ᠬᠤᠷᠢᠭᠯᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠬᠡᠷᠡᠭᠯᠡᠭᠴᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠷᠠᠭᠤᠯᠵᠤ᠂ ᠦᠶ᠋ᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠠᠴᠠ ᠳᠠᠪᠠᠭᠰᠠᠨ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠲᠣᠭᠲᠠᠭᠠᠯ ᠠᠴᠠ ᠵᠥᠷᠢᠴᠡᠨ ᠣᠯᠵᠤ ᠪᠣᠯᠬᠤ ᠥᠬᠡᠶ᠂ ᠬᠡᠷᠡᠭᠯᠡᠭᠴᠢ ᠶᠢᠨ ᠡᠷᠬᠡ ᠠᠰᠢᠭ ᠢ ᠬᠤᠬᠢᠷᠠᠭᠤᠯᠤᠭᠰᠠᠨ ᠠᠭᠤᠯᠭ᠎ᠠ ᠶᠢ ᠢᠯᠡ ᠪᠣᠯᠭᠠᠵᠤ ᠪᠣᠯᠬᠤ ᠥᠬᠡᠶ᠂ ᠬᠤᠪᠢ ᠬᠥᠮᠦᠨ ᠤ ᠮᠡᠳᠡᠭᠡ ᠵᠠᠩᠭᠢ ᠶᠢᠨ ᠡᠷᠬᠡ ᠳᠤ ᠬᠠᠯᠳᠠᠬᠤ᠂ ᠵᠠᠳᠠᠷᠠᠭᠤᠯᠬᠤ ᠪᠤᠶᠤ ᠬᠠᠤᠯᠢ ᠪᠤᠰᠤ ᠪᠠᠷ ᠴᠤᠭᠯᠠᠭᠤᠯᠤᠨ ᠬᠡᠷᠡᠭᠯᠡᠬᠦ ᠦᠶ᠋ᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ ‍ᠤᠯᠠᠮᠵᠢᠯᠠᠨ ᠲᠠᠷᠬᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠵᠢᠮ᠎ᠡ ᠶᠣᠰᠣ ᠪᠠ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠤᠯᠠᠮᠵᠢᠯᠠᠬᠤ ᠠᠭᠤᠯᠭ᠎ᠠ ᠶᠢᠨ ᠢᠯᠡᠷᠡᠬᠦ ᠬᠡᠯᠪᠡᠷᠢ ᠶᠢ ᠪᠠᠶᠠᠯᠢᠭᠵᠢᠭᠤᠯᠤᠨ᠂ ᠠᠮᠢᠳᠤ ᠴᠣᠪᠣᠭᠤᠯᠢᠭ᠂ ᠬᠢᠯᠪᠠᠷ ᠣᠶᠢᠯᠠᠭᠠᠮᠵᠢᠲᠠᠶ ᠦᠭᠡ ᠬᠡᠯᠡ ᠵᠢᠴᠢ ᠵᠢᠷᠤᠭ ᠬᠦᠰᠦᠨᠦᠭᠲᠦ ᠵᠢᠷᠤᠭᠲᠤ ᠲᠠᠶᠢᠯᠪᠤᠷᠢ᠂ ᠲᠠᠭᠤᠨ ᠳᠠᠪᠲᠠᠮᠵᠢ ᠬᠠᠷᠠᠭᠠᠨ ᠳᠠᠪᠲᠠᠮᠵᠢ ᠵᠡᠷᠭᠡ ᠣᠯᠠᠨ ᠨᠡᠶᠢᠲᠡ ᠶᠢᠨ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠶᠢ ᠬᠡᠷᠡᠭᠯᠡᠨ ᠲᠠᠶᠢᠯᠪᠤᠷᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠲᠠᠬᠤ ᠬᠦᠴᠦᠨ᠂ ᠤᠯᠠᠮᠵᠢᠯᠠᠬᠤ ᠬᠦᠴᠦᠨ᠂ ᠨᠥᠯᠥᠭᠡᠯᠡᠬᠦ ᠬᠦᠴᠦᠨ ᠢ ᠦᠨᠡᠨᠬᠦ ᠴᠢᠩᠭᠠᠷᠠᠭᠤᠯᠤᠨ᠎ᠠ᠃      ᠲᠠᠪᠤᠳᠤᠭᠠᠷ ᠪᠦᠯᠦᠭ ᠬᠢᠨᠠᠨ ᠰᠢᠯᠭᠠᠵᠤ ᠱᠠᠩᠨᠠᠬᠤ ᠲᠣᠷᠭᠠᠬᠤ      ᠠᠷᠪᠠᠨ ᠳᠣᠯᠣᠳᠤᠭᠠᠷ ᠵᠤᠶᠢᠯ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠪᠠᠶᠢᠳᠠᠯ ᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠵᠢᠭᠰᠠᠭᠠᠨ ᠣᠷᠣᠭᠤᠯᠵᠤ᠂ ᠰᠢᠯᠭᠠᠨ ᠬᠢᠨᠠᠵᠤ ᠦᠨᠡᠯᠡᠬᠦ ᠠᠷᠭ᠎ᠠ ᠶᠢ ᠲᠣᠭᠲᠠᠭᠠᠨ᠎ᠠ᠃ ᠢᠳᠡᠪᠬᠢ ᠬᠦᠴᠦᠨ ᠢ ᠪᠠᠳᠠᠷᠠᠭᠤᠯᠤᠭᠰᠠᠨ᠂ ᠡᠷᠡᠭᠦᠯ ᠥᠭᠡᠳᠡᠷᠬᠡᠭ ᠤᠳᠤᠷᠢᠳᠤᠮᠵᠢ ᠲᠠᠢ᠂ ᠵᠥᠪ ᠤᠳᠤᠷᠢᠳᠤᠮᠵᠢ ᠲᠠᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠵᠣᠬᠢᠶᠠᠨ ᠪᠦᠲᠦᠭᠡᠵᠦ ᠤᠯᠠᠮᠵᠢᠯᠠᠨ ᠲᠠᠷᠬᠠᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ ᠣᠷᠳᠣ ᠬᠤᠭᠤᠴᠠᠭ᠎ᠠ ᠪᠠᠷ ᠨᠡᠶᠢᠲᠡᠯᠡᠬᠦ ᠥᠬᠡᠶ᠂ ᠠᠵᠢᠯᠯᠠᠭᠤᠯᠵᠤ ᠪᠠᠲᠤᠯᠠᠬᠤ ᠨᠢ ᠵᠢᠷᠤᠮᠵᠢᠯ ᠥᠬᠡᠶ᠂ ᠲᠦᠷᠢᠮ ᠨᠢ ᠲᠡᠭᠦᠯᠳᠡᠷ ᠪᠤᠰᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠥᠬᠡᠶ᠂ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠬᠡᠶ᠂ ᠣᠯᠠᠨ ᠲᠦᠮᠡᠨ ᠬᠠᠨᠤᠮᠵᠢ ᠥᠬᠡᠶ ᠪᠠᠶᠢᠪᠠᠯ᠂ ᠨᠢᠭᠡᠴᠡ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠲᠤ ᠢᠯᠡ ᠪᠠᠷ ᠵᠠᠷᠯᠠᠨ ᠰᠢᠭᠦᠮᠵᠢᠯᠡᠨ᠎ᠡ᠃      ᠠᠷᠪᠠᠨ ᠨᠠᠢᠮᠠᠳᠤᠭᠠᠷ ᠵᠦᠢᠯ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠨ ᠮᠠᠭᠤ ᠪᠤᠶᠤ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠨᠡᠶᠢᠲᠡᠯᠡᠭᠰᠡᠨ᠂ ᠰᠢᠯᠵᠢᠭᠦᠯᠦᠨ ᠨᠡᠶᠢᠲᠡᠯᠡᠭᠰᠡᠨ᠂ ᠰᠦᠯᠵᠢᠶᠡᠨ ᠤ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠡᠮᠬᠢ ᠵᠢᠷᠤᠮ ᠢ ᠡᠪᠳᠡᠭᠰᠡᠨ᠂ ᠤᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ᠂ ᠤᠯᠠᠨ ᠨᠡᠶᠢᠲᠡ ᠶᠢᠨ ᠡᠷᠬᠡ ᠠᠰᠢᠭ ᠢ ᠬᠤᠬᠢᠷᠠᠭᠤᠯᠤᠭᠰᠠᠨ︔ ᠤᠯᠤᠰ ᠤᠨ ᠨᠢᠭᠤᠴᠠ ᠶᠢ ᠵᠠᠳᠠᠷᠠᠭᠤᠯᠵᠤ᠂ ᠲᠡᠷᠰᠯᠡᠭᠦᠦ᠂ ᠬᠦᠴᠦᠷᠬᠡᠭᠯᠡᠯ᠂ ᠱᠠᠯᠢᠭ ᠵᠠᠪᠬᠠᠢ ᠵᠡᠷᠭᠡ ᠠᠭᠤᠯᠭ᠎ᠠ ᠶᠢ ᠨᠡᠶᠢᠲᠡᠯᠡᠬᠦ ᠪᠤᠶᠤ ᠬᠤᠯᠪᠣᠵᠤ᠂ ᠨᠡᠶᠢᠲᠡᠯᠡᠭᠰᠡᠨ ᠠᠭᠤᠯᠭ᠎ᠠ ᠨᠢ ᠵᠤᠬᠢᠰ ᠦᠭᠡᠢ ᠠᠴᠠ ᠪᠤᠯᠵᠤ ᠬᠦᠨᠳᠦ ᠨᠣᠴᠢᠲᠠᠢ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠡᠭᠦᠰᠭᠡᠭᠰᠡᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠ ᠶᠢᠰᠦᠳᠦᠭᠡᠷ ᠵᠤᠶᠢᠯ ᠠᠭᠤᠯᠭ᠎ᠠ ᠶᠢᠨ ᠳᠤᠮᠳᠠ ᠬᠦᠨᠳᠦ ᠨᠣᠴᠢᠲᠠᠶ ᠪᠤᠷᠤᠭᠤ ᠲᠣᠭᠠᠴᠢᠯᠲᠠ ᠲᠠᠢ᠂ 2 ᠭᠠᠷᠠᠭ ᠤᠨ ᠳᠣᠲᠣᠷ᠎ᠠ ᠰᠢᠨᠡᠳᠬᠡᠭᠰᠡᠨ ᠥᠬᠡᠶ᠂ ᠰᠢᠯᠵᠢᠮᠡᠯ ᠬᠡᠷᠡᠭᠯᠡᠭᠴᠢ ᠶᠢᠨ ᠦᠵᠦᠭᠦᠷ ︵APP︶ ᠢ ᠪᠠᠭᠤᠯᠭᠠᠬᠤ ᠪᠤᠶᠤ ᠬᠡᠷᠡᠭᠯᠡᠬᠦ ᠶᠢᠨ ᠠᠷᠭ᠎ᠠ ᠥᠬᠡᠶ᠂ ︽ᠦᠬᠦᠳᠡᠯ︾᠂ ︽ᠤᠨᠲᠠᠬᠤ︾ ᠪᠠᠶᠢᠳᠠᠯ ᠭᠠᠷᠴᠤ᠂ ᠪᠦᠲᠦᠮᠵᠢᠲᠡᠶ ᠦᠶ᠋ᠯᠡᠳᠦᠯᠴᠡᠯ ᠤᠨ ᠴᠢᠳᠠᠮᠵᠢ ᠬᠠᠩᠭᠠᠭᠰᠠᠨ ᠥᠬᠡᠶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠬᠤᠰᠢᠭᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ ᠪᠤᠶᠤ ᠵᠠᠷᠯᠢᠭᠳᠠᠨ ᠬᠠᠭᠠᠯᠭᠠᠬᠤ ᠵᠡᠷᠭᠡ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃      ᠵᠢᠷᠭᠤᠳᠤᠭᠠᠷ ᠪᠦᠯᠦᠭ ᠲᠠᠭᠠᠯᠳᠠᠭᠤᠯᠤᠭᠰᠠᠨ ᠲᠦᠷᠢᠮ      ᠬᠤᠷᠢᠳᠤᠭᠠᠷ ᠵᠤᠶᠢᠯ ᠲᠣᠰ ᠬᠠᠮᠢᠶᠠᠷᠤᠯᠲᠠ ᠶᠢᠨ ᠠᠷᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠪᠠᠷᠠᠭᠤᠨ ᠬᠤᠰᠢᠭᠤᠨ ᠤ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃      ᠬᠤᠷᠢᠨ ᠨᠢᠭᠡᠳᠦᠭᠡᠷ ᠵᠦᠢᠯ ᠲᠤᠰ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号