ᠭᠠᠩᠭᠠᠨᠨᠠᠭᠤᠷ ᠤᠨ ᠦᠵᠡᠮᠵᠢ ᠶᠢᠨ ᠣᠷᠣᠨ ᠨᠢ ᠠᠯᠳ᠋ᠬᠤᠪᠤᠭᠠ ᠪᠠᠯᠭᠠᠰᠤᠨ ᠤ ᠬᠢᠯᠢ ᠲᠤᠳᠤᠷ᠎ᠠ ᠪᠠᠶᠢᠷᠢᠯᠠᠵᠤ | ᠂ ᠣᠨᠴᠠᠭᠠᠢ ᠭᠠᠵᠠᠷ ᠵᠦᠢ ᠶᠢᠨ ᠣᠷᠴᠢᠨ ᠲᠣᠭᠤᠷᠢᠨ ᠪᠠ ᠣᠨᠴᠠᠭᠠᠢ ᠪᠠᠶᠢᠭᠠᠯᠢ ᠶᠢᠨ ᠦᠵᠡᠮᠵᠢ ᠪᠠᠷ ᠢᠶᠠᠨ ︽ | ᠡᠯᠡᠰᠦᠨ ᠴᠦᠯ ᠳᠠᠬᠢ ᠲᠩᠷᠢ ᠶᠢᠨ ᠨᠠᠭᠤᠷ︾ ᠬᠡᠮᠡᠬᠦ ᠰᠠᠶᠢᠬᠠᠨ ᠠᠯᠳᠠᠷ ᠲᠠᠢ᠃ | ︽ᠭᠠᠩᠭᠠᠨᠨᠠᠭᠤᠷ︾ ᠭᠡᠳᠡᠭ ᠨᠢ ᠦᠵᠡᠰᠬᠦᠯᠡᠩᠲᠦ ᠰᠠᠶᠢᠬᠠᠨ ᠨᠠᠭᠤᠷ ᠭᠡᠰᠡᠨ ᠤᠳᠬ᠎ᠠ ᠲᠠᠢ᠃ | ᠭᠠᠩᠭᠠᠨᠨᠠᠭᠤᠷ ᠪᠣᠯ ᠭᠠᠵᠠᠷ ᠳᠣᠤᠷᠠᠬᠢ ᠪᠤᠯᠠᠭ ᠤᠨ ᠤᠰᠤ ᠪᠠᠷ ᠪᠦᠷᠢᠯᠳᠦᠭᠰᠡᠨ ᠪᠠᠶᠢᠭᠠᠯᠢ ᠶᠢᠨ ᠨᠠᠭᠤᠷ ᠪᠠᠶᠢᠵᠤ᠂ | ᠭᠠᠵᠠᠷ ᠰᠢᠨᠵᠢᠯᠡᠭᠡᠨ ᠤ ᠪᠦᠲᠦᠭᠰᠡᠨ ᠰᠢᠯᠲᠠᠭᠠᠨ ᠤ ᠬᠤᠪᠢ ᠳᠤ ᠬᠠᠰᠢᠭᠳᠠᠮᠠᠯ ᠨᠠᠭᠤᠷ ᠲᠤ ᠬᠠᠷᠢᠶᠠᠯᠠᠭᠳᠠᠵᠤ᠂ | ᠦᠵᠡᠮᠵᠢ ᠶᠢᠨ ᠣᠷᠣᠨ ᠨᠢ ᠪᠠᠷᠤᠭ 5000 ᠮᠥ ᠭᠠᠵᠠᠷ ᠡᠵᠡᠯᠡᠵᠦ᠂ ᠨᠠᠭᠤᠷ ᠤᠨ ᠣᠷᠳᠣ ᠨᠢ 300 ᠮᠧᠲᠷ᠂ | ᠥᠷᠭᠡᠨ ᠨᠢ 60 ᠮᠧᠲᠷ᠂ ᠬᠠᠮᠤᠭ ᠤᠨ ᠶᠡᠭᠡ ᠤᠰᠤᠨ ᠤ ᠭᠦᠨᠴᠡ ᠨᠢ 10 ᠮᠧᠲᠷ ᠰᠢᠬᠠᠮ ᠪᠠᠶᠢᠳᠠᠭ᠃ ᠭᠤᠣᠯ | ᠣᠷᠣᠨ ᠪᠦᠰᠡ ᠳᠤ ᠡᠯᠡᠰᠦᠨ ᠴᠥᠯ ᠤᠨ ᠬᠠᠰᠢᠭᠳᠠᠮᠠᠯ ᠨᠠᠭᠤᠷ᠂ ᠡᠯᠡᠰᠦᠨ ᠴᠥᠯ ᠤᠨ ᠨᠣᠭᠤᠭᠠᠨ ᠪᠦᠷᠢᠳᠦ᠂ | ᠰᠠᠯᠬᠢᠨ ᠳᠤ ᠢᠳᠡᠭᠳᠡᠭᠰᠡᠨ ᠪᠣᠷᠵᠢᠨ ᠴᠢᠯᠠᠭᠤᠯᠢᠭ᠂ ᠬᠠᠪᠴᠢᠯ ᠭᠤᠷᠤᠬ᠎ᠠ ᠶᠢᠨ ᠤᠷᠤᠰᠬᠠᠯ᠂ ᠡᠷᠲᠡᠨ ᠤ ᠬᠥᠮᠦᠨ | ᠲᠥᠷᠥᠯᠬᠢᠲᠡᠨ ᠤ ᠠᠪᠠ ᠶᠢᠨ ᠲᠠᠯᠠᠪᠠᠶ᠂ ᠡᠷᠲᠡᠨ ᠤ ᠬᠥᠮᠦᠨ ᠲᠥᠷᠥᠯᠬᠢᠲᠡᠨ ᠤ ᠠᠮᠢᠳᠤᠷᠠᠵᠤ ᠪᠠᠶᠢᠭᠰᠠᠨ ᠠᠭᠤᠶ ᠵᠡᠷᠭᠡ | ᠡᠯᠧᠮᠧᠨ᠋ᠲ ᠪᠠᠭᠲᠠᠨ᠎ᠠ᠃ | | | | | | | | | | | | | | | ︽ᠡᠯᠡᠰᠦᠨ ᠴᠦᠯ ᠳᠠᠬᠢ ᠲᠩᠷᠢ ᠶᠢᠨ ᠨᠠᠭᠤᠷ︾ ᠤᠨ ᠨᠢᠭᠡ ᠲᠠᠯ᠎ᠠ ᠪᠠᠷ ᠰᠢᠷ᠎ᠠ ᠡᠯᠡᠰᠦ ᠲᠠᠢ᠂ ᠨᠦᠬᠦᠭᠡ | ᠲᠠᠯ᠎ᠠ ᠪᠠᠷ ᠡᠭᠴᠡ ᠠᠰᠬ᠎ᠠ ᠲᠠᠢ᠂ ᠳᠤᠮᠳᠠ ᠨᠢ ᠨᠣᠮᠢᠨ ᠨᠤᠭᠤᠭᠠᠨ ᠤᠰᠤ ᠲᠠᠢ᠂ ᠨᠠᠭᠤᠷ ᠤᠨ ᠡᠷᠬᠢᠨ | ᠲᠣᠭᠤᠷᠢᠨ ᠳᠤ ᠪᠦᠬᠦ ᠦᠵᠡᠮᠵᠢ ᠶᠢ ᠰᠣᠨᠢᠷᠬᠠᠬᠤ ᠪᠠᠶᠢᠭᠠᠯᠢ ᠶᠢᠨ ᠲᠢᠩᠰᠡ ᠲᠠᠢ᠃ ᠪᠠᠰᠠ ᠵᠤᠭᠠᠴᠠᠭᠰᠠᠳ ᠤᠨ | ᠦᠢᠯᠡᠴᠢᠯᠡᠭᠡᠨ ᠤ ᠲᠥᠪ᠂ ᠵᠣᠴᠢᠨ ᠤ ᠦᠷᠦᠭᠡ᠂ ᠬᠤᠭᠤᠯᠠᠨ ᠭᠡᠷ ᠵᠡᠷᠭᠡ ᠪᠦᠷᠢᠨ ᠲᠦᠬᠦᠷ ᠰᠠᠭᠤᠷᠢ ᠲᠥᠬᠦᠭᠡᠷᠦᠮᠵᠢ | ᠪᠣᠯᠤᠨ ᠵᠤᠭ᠎ᠠ ᠴᠡᠩᠭᠡᠯ ᠤᠨ ᠲᠥᠬᠦᠭᠡᠷᠦᠮᠵᠢ ᠶᠢ ᠪᠠᠶᠢᠭᠤᠯᠵᠤ᠂ ᠵᠤᠭᠠᠴᠠᠭᠰᠠᠳ ᠤᠨ ᠵᠤᠭᠠᠴᠠᠨ ᠲᠣᠭᠤᠷᠢᠬᠤ ᠰᠠᠶᠢᠨ | ᠭᠠᠵᠠᠷ ᠪᠣᠯᠵᠠᠢ᠃ | | | | | | | | | | | | | | | | | |