ᠰᠢᠨ᠎ᠡ ᠵᠢᠯ ᠤᠨ ᠰᠢᠨ᠎ᠡ ᠶᠢᠨ ᠨᠢᠭᠡᠨ ᠤ ᠬᠤᠭᠤᠴᠠᠭᠠᠨ ᠳᠤ ᠣᠯᠠᠩᠬᠢ ᠬᠥᠮᠦᠰ ᠠᠮᠠᠷᠠᠯᠲᠠ ᠶᠢᠨ ᠡᠳᠦᠷ ᠢᠶᠠᠨ | ᠦᠩᠭᠡᠷᠡᠭᠦᠯᠵᠦ ᠪᠠᠶᠢᠬᠤ ᠳᠤ᠂ ᠨᠢᠭᠡ ᠬᠡᠰᠡᠭ ᠬᠦᠮᠦᠰ ᠡᠨᠡᠬᠦ ᠣᠨᠴᠠᠭᠠᠶ ᠡᠳᠦᠷ ᠤᠳ ᠲᠤ ᠥᠪᠡᠷ ᠤᠨ ᠬᠡᠷ ᠢᠶᠠᠨ | ᠣᠷᠬᠢᠨ ᠣᠯᠠᠨ ᠲᠥᠮᠡᠨ ᠢᠶᠠᠨ ᠪᠤᠳᠤᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠤᠶᠠᠴᠢ ᠦᠭᠡᠢ ᠵᠢᠳᠬᠦᠵᠦ᠂ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠪᠦᠭᠦ ᠬᠤᠰᠢᠭᠤᠨ ᠤ ᠥᠷᠭᠡᠨ ᠤᠯᠠᠨ ᠠᠷᠠᠳ ᠲᠦᠮᠡᠨ ᠤ | ᠠᠮᠤᠷ ᠠᠮᠤᠭᠤᠯᠠᠩ ᠵᠣᠯ ᠵᠢᠷᠭᠠᠯ ᠲᠠᠢ ᠰᠢᠨ᠎ᠡ ᠵᠢᠯ ᠢᠶᠠᠨ ᠥᠩᠭᠡᠷᠡᠭᠦᠯᠬᠦ ᠶᠢ ᠪᠠᠳᠤᠯᠠᠵᠤ ᠪᠠᠶᠢᠨ᠎ᠠ᠃ | ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠪᠠᠳᠠᠶ ᠶᠢᠨ ᠵᠢᠷᠠᠨ ᠪᠠᠯᠭᠠᠰᠤᠨ ᠤ ᠣᠷᠴᠢᠨ ᠲᠣᠭᠤᠷᠢᠨ | ᠴᠡᠪᠡᠷ ᠪᠠᠶᠢᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠳ ᠤᠨ ᠠᠵᠢᠯᠯᠠᠬᠤ ᠴᠠᠭ ᠢ ᠨᠡᠮᠡᠭᠳᠡᠭᠦᠯᠵᠦ᠂ ᠠᠷᠢᠭᠤᠨ ᠴᠡᠪᠡᠷ ᠤᠨ ᠡᠷᠴᠢᠮ ᠢ | ᠴᠢᠩᠭᠠᠷᠠᠭᠤᠯᠤᠨ᠂ ᠰᠠᠭᠤᠭᠠᠯᠢ ᠠᠷᠠᠳ ᠲᠤ ᠴᠡᠪᠡᠷ ᠲᠠᠭᠠᠯᠠᠮᠵᠢᠲᠠᠶ ᠠᠷᠢᠭᠤᠨ ᠴᠡᠪᠡᠷ ᠣᠷᠴᠢᠨ ᠲᠣᠭᠤᠷᠢᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ ᠥᠭᠭᠦᠨ᠎ᠡ᠃ | | | | | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠥᠪᠡᠷ ᠤᠨ ᠠᠵᠢᠯ ᠤᠨ ᠪᠠᠶᠢᠷᠢ ᠪᠠᠨ ᠪᠠᠲᠤ | ᠰᠠᠬᠢᠵᠤ᠂ ᠪᠠᠳᠠᠢ ᠶᠢᠨ ᠵᠢᠷᠠᠨ ᠪᠠᠯᠭᠠᠰᠤᠨ ᠤ ᠠᠷᠢᠭᠤᠨ ᠴᠡᠪᠡᠷ ᠪᠠᠶᠢᠬᠤ ᠶᠢᠨ ᠲᠥᠯᠥᠭᠡ ᠦᠭᠡ ᠳᠠᠭᠤᠨ ᠦᠭᠡᠢ | ᠬᠤᠪᠢ ᠨᠡᠮᠡᠷᠢ ᠪᠠᠨ ᠦᠵᠡᠭᠦᠯᠵᠦ᠂ ᠲᠡᠳᠡ ᠦᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠪᠤᠳᠠᠳᠤ | ᠪᠠᠶᠢᠳᠠᠯ ᠢᠶᠠᠷ ᠬᠠᠷᠢᠭᠤᠴᠠᠯᠭ᠎ᠠ ᠪᠣᠯᠤᠨ ᠡᠭᠦᠷᠭᠡ ᠪᠠᠨ ᠢᠯᠡᠷᠬᠡᠶᠢᠯᠡᠵᠦ᠂ ᠰᠢᠨ᠎ᠡ ᠨᠢᠭᠡ ᠵᠢᠯ ᠤᠨ ᠢᠷᠥᠭᠡᠯ | ᠵᠥᠩᠨᠡᠯ ᠢᠶᠠᠨ ᠢᠯᠡᠳᠬᠡᠵᠡᠢ᠃ ᠠᠯᠠᠱᠠ ᠪᠠᠷᠠᠭᠤᠨ ᠬᠤᠰᠢᠭᠤᠨ ᠤ ᠴᠠᠭᠠᠨ ᠲᠦᠩᠬᠡ ᠶᠢᠨ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠦᠷᠲᠡᠭᠡᠨ ᠳᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠨᠠᠰᠢ ᠴᠠᠰᠢ ᠥᠩᠭᠡᠷᠡᠬᠦ | ᠬᠥᠮᠦᠰ ᠪᠠ ᠲᠡᠷᠭᠡ ᠤᠨᠤᠭ᠎ᠠ ᠶᠢ ᠪᠠᠶᠢᠴᠠᠭᠠᠵᠤ᠂ ᠥᠩᠭᠡᠷᠡᠬᠦ ᠬᠥᠮᠦᠰ ᠲᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ | ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | | | | | ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠠᠵᠢᠯ ᠤᠨ | ᠪᠠᠶᠢᠷᠢ ᠪᠠᠨ ᠪᠠᠲᠤ ᠰᠠᠬᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠵᠢᠵᠢᠭᠦᠷᠯᠡᠬᠦ ᠪᠠᠨ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠪᠠᠨ ᠴᠢᠩᠭᠠᠳᠬᠠᠵᠤ᠂ ᠠᠵᠢᠯ ᠤᠨ ᠲᠥᠰᠦᠪ ᠢᠶᠠᠨ | ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠡᠯ᠎ᠡ | ᠵᠤᠶᠢᠯ ᠤᠨ ᠠᠵᠢᠯ ᠢᠶᠠᠨ ᠦᠨᠡᠨᠬᠦ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠨᠡᠶᠢᠭᠡᠮ ᠤᠨ ᠶᠡᠭᠡ | ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠨ᠂ ᠠᠵᠢᠯ ᠢᠶᠠᠨ ᠪᠠᠲᠤ | ᠰᠠᠬᠢᠵᠤ ᠬᠤᠪᠢ ᠨᠡᠮᠡᠷᠢ ᠦᠵᠡᠭᠦᠯᠬᠦ ᠪᠠᠷ ᠠᠯᠠᠱᠠ ᠪᠠᠷᠠᠭᠤᠨ ᠬᠤᠰᠢᠭᠤᠨ ᠤ ᠲᠦᠮᠡᠨ ᠡᠷᠦᠬᠡ ᠶᠢ ᠰᠠᠬᠢᠨ ᠬᠠᠮᠠᠭᠠᠯᠠᠵᠤ | ᠪᠠᠶᠢᠨ᠎ᠠ᠃ ᠪᠥᠬᠦ ᠬᠤᠰᠢᠭᠤᠨ ᠤ ᠠᠷᠠᠳ ᠣᠯᠠᠨ ᠤ ᠠᠮᠤᠷ ᠠᠮᠤᠭᠤᠯᠠᠩ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ | ᠪᠠᠲᠤᠯᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠤᠯᠢ ᠬᠡᠷᠡᠭᠵᠢᠭᠦᠯᠦᠭᠴᠢ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ | ᠪᠠᠶᠢᠷᠢ ᠪᠠᠨ ᠪᠠᠲᠤ ᠰᠠᠬᠢᠵᠤ᠂ ᠪᠥᠬᠦ ᠬᠤᠰᠢᠭᠤᠨ ᠤ ᠬᠡᠪᠴᠢᠶᠡᠨ ᠳᠤ ᠢᠳᠡᠭᠡᠨ ᠤ ᠠᠮᠤᠷ ᠲᠦᠪᠰᠢᠨ ᠵᠢᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠵᠤ᠂ ᠥᠷᠭᠡᠨ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠬᠠᠮᠠᠭᠠᠯᠠᠨ᠎ᠠ᠃ | | | | | ᠲᠠᠳᠠ ᠪᠣᠯ ᠵᠥᠪᠬᠡᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠪᠥᠬᠦ ᠬᠤᠰᠢᠭᠤᠨ ᠤ ᠪᠥᠬᠦ ᠠᠵᠢᠯᠲᠠᠳ ᠤᠨ | ᠬᠤᠷᠢᠶᠠᠩᠭᠤᠶ ᠲᠦᠷᠬᠦ ᠲᠡᠳᠦᠶ ᠶᠤᠮ᠂ 2022 ᠣᠨ ᠤ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ | ᠠᠳᠠᠯᠢ ᠪᠤᠰᠤ ᠠᠵᠢᠯ ᠲᠥᠷᠥᠯ ᠪᠠ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ᠂ ᠪᠠᠰᠠ ᠮᠠᠰᠢ ᠣᠯᠠᠨ ᠠᠵᠢᠯ ᠤᠨ | ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠳᠡᠯᠮᠦᠷᠢᠴᠢᠨ ᠠᠵᠢᠯᠳᠠᠨ ᠪᠠᠶᠢᠳᠠᠭ᠂ ᠲᠡᠲᠡᠨᠡᠷ ᠤᠨ ᠬᠠᠷᠠᠮ ᠦᠭᠡᠢ ᠵᠢᠳᠭᠦᠯ | ᠪᠤᠯᠤᠨ ᠵᠤᠷᠢᠭᠤᠯᠤᠯᠲᠠ᠂ ᠪᠠᠶᠠᠷ ᠤᠨ ᠡᠳᠦᠷ ᠢ ᠨᠠᠩ ᠬᠠᠯᠠᠭᠤᠨ ᠳᠤᠯᠠᠭᠠᠨ᠂ ᠨᠠᠩ ᠡᠶ᠎ᠡ ᠨᠠᠶᠢᠷᠠᠮᠳᠠᠭᠤ ᠪᠣᠯᠭᠠᠵᠤ᠂ | ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ | ᠠᠵᠢᠯᠲᠠᠳ ᠲᠤ ᠬᠦᠨᠳᠦᠳᠬᠡᠯ ᠳᠡᠪᠰᠢᠭᠦᠯᠦᠶ᠎ᠡ︕ | | |