ᠠᠯᠠᠱᠠ ᠪᠠᠷᠠᠭᠤᠨ ᠬᠤᠰᠢᠭᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠮᠲᠤ ᠶᠢᠨ ᠶᠠᠷᠢᠯᠴᠠᠭᠠᠨ ᠤ ᠬᠤᠷᠠᠯ ᠬᠢᠪᠠ
ᠨᠡᠶᠢᠲᠡᠯᠡᠭᠰᠡᠨ ᠴᠠᠭ᠄
2022/1/10
     1 ᠰᠠᠷ᠎ᠠ ᠶᠢᠨ 7 ᠤ ᠡᠳᠦᠷ᠂ ᠠᠯᠠᠱᠠ ᠪᠠᠷᠠᠭᠤᠨ ᠬᠤᠰᠢᠭᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠮᠲᠤ ᠶᠢᠨ ᠶᠠᠷᠢᠯᠴᠠᠭᠠᠨ ᠤ ᠬᠤᠷᠠᠯ ᠬᠢᠪᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠡᠤ ᡁᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠱᠣᠤ ᠴᠦᠨ ᠬᠤᠷᠠᠯ ᠡᠷᠭᠢᠯᠡᠪᠡ᠃
     ᠯᠢᠦ ᠴᠥᠩ ᠰᠢᠶᠤᠤ ᠵᠢᠭᠠᠵᠤ ᠭᠠᠷᠭᠠᠭᠰᠠᠨ ᠨᠢ᠂ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠳᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠪᠣᠯ ᠡᠪ ᠬᠠᠮᠲᠤ ᠨᠠᠮ ᠤᠨ ᠭᠡᠰᠢᠭᠦᠨ ᠤ ᠬᠠᠮᠤᠭ ᠤᠨ ᠦᠨᠳᠦᠰᠦᠨ ᠤᠯᠤᠰ ᠲᠦᠷᠦ ᠶᠢᠨ ᠱᠠᠭᠠᠷᠳᠠᠯᠭ᠎ᠠ ᠪᠣᠯᠤᠨ᠎ᠠ᠃ ᠥᠪᠡᠷ ᠢ ᠪᠠᠨ ᠡᠪ ᠬᠠᠮᠲᠤ ᠨᠠᠮ ᠤᠨ ᠭᠡᠰᠢᠭᠦᠨ ᠭᠡᠳᠡᠭ ᠢᠶᠠᠨ ᠪᠠᠲᠦ ᠴᠡᠭᠡᠵᠢᠯᠡᠵᠦ᠂ ᠨᠢᠭᠡᠳᠦᠭᠡᠷ ᠲᠤᠰᠢᠶᠠᠯ ᠬᠠᠷᠢᠭᠤᠴᠠᠯᠭ᠎ᠠ ᠪᠣᠯ ᠨᠠᠮ ᠤᠨ ᠲᠥᠯᠥᠭᠡ ᠠᠵᠢᠯᠯᠠᠬᠤ ᠶᠠᠪᠤᠳᠠᠯ ᠮᠥᠨ᠂ ᠶᠠᠮᠠᠷᠪᠠ ᠦᠶ᠎ᠡ ᠳᠤ ᠴᠥᠮ ᠨᠠᠮ ᠲᠠᠢ ᠰᠡᠳᠬᠢᠯ ᠰᠠᠨᠠᠭ᠎ᠠ ᠪᠠᠨ ᠨᠢᠭᠡᠳᠬᠡᠵᠦ᠂ ᠠᠳᠠᠯᠢ ᠴᠢᠭᠯᠡᠯ ᠢᠶᠠᠷ ᠬᠠᠮᠲᠤ ᠪᠠᠷ ᠤᠷᠤᠭᠰᠢᠯᠠᠬᠤ ᠬᠡᠷᠡᠭᠲᠡᠶ᠃ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠦᠷᠳᠡᠭ ᠤᠨ ᠦᠵᠡᠯᠲᠡ᠂ ᠡᠷᠬᠡ ᠶᠢᠨ ᠦᠵᠡᠯᠲᠡ ᠶᠢ ᠪᠤᠢ ᠪᠣᠯᠭᠠᠵᠤ᠂ ᠤᠬᠠᠮᠰᠠᠷ ᠠᠴᠠ ᠪᠠᠨ ᠡᠪ ᠬᠠᠮᠲᠤ ᠶᠣᠰᠣᠨ ᠤ ᠠᠯᠤᠰ ᠭᠡᠳᠤ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ᠃ ᠨᠠᠮ ᠳᠤ ᠪᠠᠶᠢᠬᠤ ᠳᠠᠭᠠᠨ ᠨᠠᠮ ᠢᠶᠠᠨ ᠬᠠᠶᠢᠷᠠᠯᠠᠵᠤ᠂ ᠨᠠᠮ ᠤᠨ ᠲᠥᠯᠥᠭᠡ ᠰᠠᠨᠠᠭᠠᠰᠢᠷᠠᠵᠤ᠂ ᠨᠠᠮ ᠢᠶᠠᠨ ᠮᠠᠨᠳᠤᠭᠤᠯᠵᠤ᠂ ᠨᠠᠮ ᠢᠶᠠᠨ ᠬᠠᠮᠠᠭᠠᠯᠠᠵᠤ᠂ ᠤᠯᠤᠰ ᠲᠦᠷᠦ ᠶᠢᠨ ᠲᠠᠯ᠎ᠠ ᠪᠠᠷ ᠬᠢ ᠮᠡᠷᠭᠡᠨ ᠬᠥᠮᠦᠨ᠂ ᠦᠨᠡᠨᠴᠢ ᠰᠢᠳᠤᠷᠭᠤ ᠬᠥᠮᠦᠨ ᠪᠣᠯᠬᠤ ᠬᠡᠷᠡᠭᠲᠡᠶ᠃ ᠤᠬᠠᠮᠰᠠᠷ ᠠᠴᠠ ᠪᠠᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠴᠠᠭ ᠢᠮᠠᠭᠲᠠ ᠨᠠᠮ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠤᠯᠠᠨ ᠲᠦᠮᠡᠨ ᠤ ᠲᠥᠯᠥᠭᠡ ᠬᠠᠷᠢᠭᠤᠴᠠᠵᠤ᠂ ᠠᠵᠢᠯ ᠦᠢᠯᠡᠰ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃      ᠯᠢᠦ ᠴᠥᠩ ᠰᠢᠶᠤᠤ ᠴᠢᠬᠤᠯᠠᠴᠢᠯᠠᠬᠤ ᠳᠠᠭᠠᠨ᠄ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠨᠣᠮ ᠪᠢᠴᠢᠭ ᠠᠴᠠ ᠰᠤᠷᠤᠯᠴᠠᠬᠤ᠂ ᠬᠠᠮᠲᠤ ᠠᠵᠢᠯᠯᠠᠭᠴᠢ ᠠᠴᠠ ᠪᠠᠨ ᠰᠤᠷᠤᠯᠴᠠᠬᠤ᠂ ᠦᠢᠯᠡᠳᠦᠯᠭᠡ ᠠᠴᠠ ᠰᠤᠷᠤᠯᠴᠠᠬᠤ᠂ ᠤᠯᠠᠨ ᠲᠦᠮᠡᠨ ᠠᠴᠠ ᠰᠤᠷᠤᠯᠴᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠰᠢᠨ᠎ᠡ ᠤᠢᠢᠯᠠᠭᠠᠭᠳᠠᠬᠤᠨ᠂ ᠰᠢᠨ᠎ᠡ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠬᠥᠭᠵᠢᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠦᠨᠡᠨ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠬᠡᠶᠢᠯᠡᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠬᠡᠷᠡᠭᠲᠡᠢ᠃ ᠲᠤᠯᠤᠭᠠᠶᠢᠯᠠᠨ ᠨᠠᠮᠴᠢ ᠴᠢᠨᠠᠷ ᠢ ᠡᠷᠬᠢᠮᠯᠡᠵᠦ᠂ ᠵᠠᠩ ᠰᠤᠷᠲᠠᠯ ᠢ ᠴᠢᠬᠤᠯᠠᠴᠢᠯᠠᠨ᠂ ᠦᠯᠢᠭᠡᠷ ᠳᠠᠭᠤᠷᠢᠶᠠᠯ ᠪᠤᠯᠵᠤ᠂ ︽ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ︾ ᠪᠠ ︽ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠤᠷᠢᠭ᠎ᠠ ᠱᠤᠭᠤᠮ᠂ ᠶᠣᠰᠣ ᠮᠣᠷᠠᠯ ᠤᠨ ᠬᠤᠷᠢᠭ᠎ᠠ ᠱᠤᠭᠤᠮ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠷᠠᠳ ᠤᠨ ᠲᠥᠯᠥᠭᠡ ᠪᠤᠳᠠᠳᠠᠢ ᠠᠵᠢᠯᠯᠠᠭ᠎ᠠ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠶ᠃      ᠶᠠᠩ ᠱᠣᠣ ᠴᠦᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠰᠠᠯᠠᠭᠠᠨ ᠤ ᠲᠠᠰ ᠤᠨ ᠺᠠᠳ᠋ᠷᠴᠤᠳ ᠲᠤ ᠭᠤᠷᠪᠠᠨ ᠬᠦᠰᠡᠯ ᠳᠤᠷᠠᠳᠴᠠᠶ᠄ ᠨᠢᠭᠡ ᠳᠤ ᠲᠠᠨᠢᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠪᠠ ᠤᠯᠠᠨ ᠲᠦᠮᠡᠨ ᠤ ᠬᠦᠰᠡᠯ ᠡᠷᠡᠮᠡᠯᠵᠡᠯ ᠢ ᠦᠷᠭᠦᠯᠵᠢ ᠪᠣᠳᠣᠯᠬᠢᠯᠠᠵᠤ᠂ ᠮᠥᠷᠥᠨ ᠳᠡᠭᠡᠷᠡᠬᠢ ᠡᠭᠦᠷᠭᠡ ᠬᠠᠷᠢᠭᠤᠴᠠᠯᠭ᠎ᠠ ᠪᠠ ᠡᠭᠦᠷᠭᠡ ᠲᠤᠰᠢᠶᠠᠯ ᠢᠶᠠᠨ ᠦᠷᠭᠦᠯᠵᠢ ᠪᠣᠳᠣᠯᠬᠢᠯᠠᠵᠤ᠂ ᠰᠢᠨ᠎ᠡ ᠥᠷᠢᠰᠥᠯᠳᠦᠭᠡᠨ ᠢ ᠵᠣᠷᠢᠭᠲᠠᠢ ᠪᠠᠷ ᠬᠦᠯᠢᠶᠡᠨ ᠠᠪᠴᠤ᠂ ᠰᠢᠨ᠎ᠡ ᠠᠵᠢᠯ ᠤᠨ ᠪᠠᠶᠢᠷᠢ ᠳᠡᠭᠡᠷ᠎ᠡ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠶᠢ ᠦᠷᠭᠦᠯᠵᠢ ᠪᠣᠳᠣᠯᠬᠢᠯᠠᠨ᠎ᠠ᠃ ᠬᠤᠶᠠᠷ ᠲᠤ ᠂ ᠪᠦᠯᠬᠦᠮᠳᠡᠯ ᠢ ᠬᠠᠮᠠᠭᠠᠯᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ᠂ ᠪᠦᠯᠬᠦᠮᠳᠡᠯ ᠤᠨ ᠤᠬᠠᠮᠰᠠᠷ ᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠵᠣᠷᠢᠯᠲᠠ ᠨᠢᠭᠡᠲᠡᠶ ᠪᠠᠶᠢᠬᠤ᠂ ᠦᠵᠡᠯ ᠰᠠᠨᠠᠭᠠᠨ ᠤ ᠲᠠᠯ᠎ᠠ ᠪᠠᠷ ᠦᠨᠡᠨ ᠰᠡᠳᠬᠢᠯ ᠠᠴᠠ ᠪᠠᠨ ᠨᠥᠬᠦᠷᠯᠡᠬᠦ᠂ ᠠᠵᠢᠯ ᠤᠨ ᠲᠠᠯ᠎ᠠ ᠪᠠᠷ ᠨᠢᠭᠲᠠ ᠬᠠᠮᠵᠢᠯᠴᠠᠬᠤ ᠶᠢ ᠴᠢᠷᠮᠠᠶᠢᠨ ᠪᠡᠶᠡᠯᠡᠭᠦᠯᠵᠦ᠂ ᠪᠦᠯᠬᠦᠮᠳᠡᠨ ᠨᠢᠭᠡᠳᠴᠦ ᠨᠢᠭᠡ ᠰᠡᠳᠬᠢᠯ ᠢᠶᠠᠷ ᠠᠵᠢᠯ ᠦᠢᠯᠡᠰ ᠲᠡᠭᠡᠨ ᠴᠢᠷᠮᠠᠶᠢᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠭᠦᠯᠬᠦ ᠪᠠᠷ ᠴᠢᠷᠮᠠᠶᠢᠬᠤ ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠡᠶ᠎ᠡ ᠵᠣᠬᠢᠴᠠᠯ ᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠭᠤᠷᠪᠠ ᠳᠤ᠂ ᠲᠤᠯᠤᠭᠠᠶᠢᠯᠠᠨ ᠪᠣᠳᠠᠲᠠᠢ ᠠᠵᠢᠯᠯᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠣᠷᠢᠭᠲᠠᠢ ᠪᠠᠷ ᠭᠠᠪᠰᠢᠭᠠᠶᠢᠯᠠᠨ᠂ ᠳᠤᠷᠠᠲᠠᠶ᠎ᠠ ᠠᠮᠢ ᠪᠡᠶ᠎ᠡ ᠪᠠᠨ ᠵᠣᠷᠢᠭᠤᠯᠵᠤ᠂ ᠴᠤᠭ ᠪᠠᠳᠠᠷᠠᠩᠭᠤᠢ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠲᠦᠷᠬᠦ ᠪᠠᠶᠢᠳᠠᠯ ᠢᠶᠠᠷ ᠬᠠᠮᠤᠭ ᠤᠨ ᠰᠠᠶᠢᠨ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃      ᠦ᠋ ᡁᠢ ᠨᠠᠮ ᠳᠠᠭᠠᠨ ᠦᠨᠡᠨᠴᠢ ᠰᠢᠳᠤᠷᠭᠤ ᠪᠠᠷ ᠤᠯᠤᠰ ᠲᠦᠷᠦ ᠶᠢᠨ ᠪᠠᠶᠢᠭᠤᠯᠤᠯᠲᠠ ᠬᠢᠳᠡᠭ ᠮᠡᠷᠭᠡᠨ ᠬᠥᠮᠦᠨ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠳᠡᠭ ᠨᠠᠶᠢᠳᠠᠪᠤᠷᠢᠵᠢᠭᠤᠯᠤᠭᠴᠢ᠂ ᠪᠡᠶ᠎ᠡ ᠪᠠᠨ ᠴᠢᠩᠭ᠎ᠠ ᠱᠠᠭᠠᠷᠳᠠᠳᠠᠭ ᠰᠢᠯᠢᠳᠡᠭ ᠰᠤᠷᠲᠠᠯ ᠤᠨ ᠦᠢᠯᠡᠳᠦᠯᠭᠡᠵᠢᠭᠦᠯᠦᠭᠴᠢ ᠪᠣᠯᠬᠤ᠂ ᠳᠡᠷᠭᠡᠳᠡᠬᠢ ᠬᠥᠮᠦᠰ ᠢᠶᠠᠨ ᠰᠠᠶᠢᠲᠤᠷ ᠬᠠᠮᠢᠶᠠᠷᠴᠤ ᠰᠠᠬᠢᠯᠭ᠎ᠠ ᠪᠠᠲᠤ ᠶᠢ ᠰᠠᠬᠢᠬᠤ ᠲᠠᠭᠠᠭᠤᠯᠤᠬᠴᠢ ᠪᠣᠯᠬᠤ ᠵᠡᠷᠭᠡ ᠲᠦᠷᠪᠡᠨ ᠲᠠᠯ᠎ᠠ ᠠᠴᠠ ᠰᠢᠨ᠎ᠡ ᠪᠠᠷ ᠲᠤᠰᠢᠶᠠᠯ ᠡᠭᠦᠷᠭᠡᠯᠡᠬᠦ ᠰᠠᠯᠠᠭᠠᠨ ᠲᠡᠰ ᠤᠨ ᠺᠠᠳ᠋ᠷ ᠲᠤ ᠠᠵᠢᠯ ᠤᠨ ᠱᠠᠭᠠᠷᠳᠠᠯᠭ᠎ᠠ ᠳᠤᠷᠠᠳᠴᠠᠢ᠃      ᠰᠢᠨ᠎ᠡ ᠪᠠᠷ ᠳᠡᠪᠰᠢᠭᠦᠯᠦᠨ ᠬᠡᠷᠡᠭᠯᠡᠭᠰᠡᠨ ᠰᠠᠯᠠᠭᠠᠨ ᠳᠡᠰ ᠤᠨ ᠺᠠᠳ᠋ᠷ᠂ ᠰᠢᠯᠵᠢᠭᠦᠯᠦᠨ ᠲᠣᠮᠢᠯᠠᠭᠰᠠᠨ᠂ ᠲᠤᠰᠢᠶᠠᠯ ᠰᠢᠯᠵᠢᠭᠰᠡᠨ ᠪᠠ ᠴᠢᠨᠠᠭᠰᠢᠳᠠ ᠬᠡᠷᠡᠭᠯᠡᠬᠦ  ᠰᠠᠯᠠᠭᠠᠨ ᠳᠡᠰ ᠤᠨ ᠺᠠᠳ᠋ᠷ᠂ ᠠᠳᠠᠯᠢ ᠳᠡᠰ ᠤᠨ ᠰᠣᠯᠢᠯᠴᠠᠭᠰᠠᠨ ᠰᠠᠯᠠᠭᠠᠨ ᠳᠡᠰ ᠤᠨ ᠺᠠᠳ᠋ᠷ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号