ᠤᠯᠤᠰ ᠲᠦᠷᠤ ᠶᠢᠨ ᠵᠦᠪᠯᠡᠯᠭᠡᠨ ᠤ ᠠᠯᠠᠱᠠ ᠪᠠᠷᠠᠭᠤᠨ ᠬᠤᠰᠢᠭᠤᠨ ᠤ ᠠᠷᠪᠠᠨ ᠨᠢᠭᠡᠳᠤᠭᠡᠷ ᠬᠤᠭᠤᠴᠠᠭᠠᠨ  ᠤ ᠭᠡᠰᠢᠬᠦᠳ ᠤᠨ ᠬᠤᠷᠠᠯ ᠤᠨ ᠨᠢᠭᠡᠳᠤᠭᠡᠷ ᠤᠳᠠᠭᠠᠨ ᠤ ᠬᠤᠷᠠᠯ ᠬᠤᠷᠠᠯᠳᠤᠯ᠎ᠠ
ᠨᠡᠶᠢᠲᠡᠯᠡᠭᠰᠡᠨ ᠴᠠᠭ᠄
2022/1/10
     1 ᠰᠠᠷ᠎ᠠ ᠶᠢᠨ 9 ᠶᠢᠨ ᠡᠳᠤᠷ  ᠂ ᠲᠤᠮᠳᠠᠳᠤ ᠤᠯᠤᠰ ᠤᠨ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ  ᠠᠯᠠᠱᠠ ᠪᠠᠷᠠᠭᠤᠨ ᠬᠤᠰᠢᠭᠤᠨ ᠤ  ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶᠠᠨ ᠤ  ᠨᠢᠭᠡᠳᠤᠭᠡᠷ ᠤᠳᠠᠭᠠᠨ ᠤ ᠬᠤᠷᠠᠯ ᠪᠠᠳᠠᠢ ᠶᠢᠨ ᠵᠢᠷᠠᠨ ᠪᠠᠯᠭᠠᠰᠤᠨ ᠳᠤ ᠬᠤᠷᠠᠯᠳᠤᠭᠰᠠᠨ ᠪᠠᠶᠢᠨ᠎ᠠ᠃
     ᠬᠤᠷᠠᠯ ᠳᠤ᠂  ᠤᠷᠤᠯᠴᠠᠬᠤ ᠶᠤᠰᠤᠳᠠᠢ ᠭᠡᠰᠢᠬᠦᠳ 102 ᠨᠡᠷ᠎ᠡ᠂ ᠪᠣᠳᠠᠲᠠᠢ 100 ᠭᠡᠰᠢᠭᠦᠨ ᠣᠷᠣᠯᠴᠠᠵᠤ ᠂  ︽ᠤᠯᠤᠰ ᠲᠦᠷᠤ ᠶᠢᠨ ᠵᠦᠪᠯᠡᠯᠭᠡᠨ ᠤ ᠲᠦᠷᠢᠮ︾ ᠤᠨ ᠲᠤᠭᠳᠠᠭᠠᠯ ᠳᠤ ᠨᠡᠶᠢᠴᠡᠵᠡᠢ᠃ ᠶᠡᠭᠡ ᠬᠤᠷᠠᠯ ᠤᠨ ᠬᠦᠢᠴᠡᠳᠭᠡᠭᠴᠢ ᠲᠡᠷᠢᠬᠦᠡᠯᠭᠴᠢ ᠰᠦᠨ ᠭᠠᠩ ᠳ᠋ᠧ᠂  ᠬᠠᠰᠴᠢᠯᠠᠭᠤ᠂  ᠯᠢ ᠱᠧᠦ ᠹᠦ᠋᠂  ᠫᠧᠩ ᠶᠠᠨ ᠰᠢᠶᠠ᠂  ᠱᠠᠩ ᠬᠤᠣ᠂  ᠡᠷᠳᠡᠨᠢᠠᠭᠤᠯᠠ᠂ ᠠᠷᠢᠭᠤᠨ᠎ᠡ᠂  ᠬᠠᠨ ᠰᠢᠶᠣᠣ᠂  ᠹᠠᠩ ᠶᠠ ᠨᠠᠨ᠂  ᠰᠢᠦᠢ ᠵᠢᠶᠠᠨ ᠵᠢᠶᠦ᠋ᠨ᠂ ᠲᠤᠯᠭᠠᠭᠤᠷᠢ᠃
     ᠠᠶᠢᠠᠮᠭ ᠤᠨ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠴᠧᠩ ᠵᠢᠶᠦ᠋ᠨ ᠯᠠᠢ ᠤᠷᠢᠯᠭ᠎ᠠ ᠪᠠᠷ ᠬᠤᠷᠠᠯ ᠳᠤ ᠣᠷᠣᠯᠴᠠᠨ᠂  ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠦᠩ ᠰᠢᠶᠣᠣ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠷᠤᠯᠠᠭᠴᠢ ᠬᠤᠰᠢᠭᠤ ᠲᠠᠷᠤᠭ᠎ᠠ  ᠵᠢᠶᠠᠩ ᠪᠢᠩ ᠵᠢᠶᠧ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠶᠠᠩ ᠯᠢ ᠶᠦᠨ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ ᠸᠠᠩ ᠳ᠋ᠦᠩ ᠵᠡᠷᠭᠡ ᠬᠤᠰᠢᠭᠤᠨ ᠤ ᠭᠠᠵᠠᠷ ᠤᠨ ᠲᠡᠰ ᠤᠨ ᠤᠳᠤᠷᠢᠳᠤᠯᠭ᠎ᠠ ᠵᠢᠴᠢ ᠬᠤᠰᠢᠭᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠲᠠᠷᠤᠭ᠎ᠠ᠂ ᠤᠷᠤᠨ ᠠᠶᠢᠠᠮᠭ ᠤᠨ ᠬᠤᠰᠢᠭᠤᠨ ᠳᠤ ᠰᠠᠭᠤᠭ᠎ᠠ  ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠤᠷᠢᠯᠭ᠎ᠠ ᠪᠠᠷ ᠬᠤᠷᠠᠯ ᠳᠤ ᠤᠷᠤᠯᠴᠠᠭᠰᠠᠨ ᠪᠠᠶᠢᠨ᠎ᠠ᠃ ᠰᠦᠨ ᠭᠠᠩ ᠳ᠋ᠧ ᠨᠦᠬᠦᠷ ᠠᠴᠠ ᠤᠯᠤᠰ ᠲᠦᠷᠤ ᠶᠢᠨ ᠵᠦᠪᠯᠡᠯᠭᠡᠨ ᠤ ᠠᠯᠠᠱᠠ ᠪᠠᠷᠠᠭᠤᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠭᠡᠰᠢᠬᠦᠳ  ᠤᠨ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠭᠡᠯ ᠬᠢᠵᠤ᠂ ᠫᠧᠩ ᠶᠠᠨ ᠰᠢᠶᠠ ᠨᠦᠬᠦᠷ ᠤᠯᠤᠰ ᠲᠦᠷᠤ ᠶᠢᠨ ᠵᠦᠪᠯᠡᠯᠭᠡᠨ ᠤ ᠠᠯᠠᠱᠠ ᠪᠠᠷᠠᠭᠤᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠭᠡᠰᠢᠬᠦᠳ ᠤᠨ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠠᠨᠠᠯ ᠲᠤᠷᠠᠳᠤᠯᠭ᠎ᠠ ᠶᠢᠨ ᠠᠵᠢᠯ ᠤᠨ ᠮᠡᠳᠡᠬᠦᠯᠤᠯᠳᠡ ᠶᠢ ᠬᠢᠵᠤ᠂  ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ  ᠬᠠᠰᠴᠢᠯᠠᠭᠤ ᠬᠤᠷᠠᠯ ᠢ ᠡᠷᠬᠢᠯᠡᠭᠰᠡᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ  ᠬᠤᠭᠤᠴᠠᠭ᠎ᠠ ᠬᠠᠯᠠᠬᠤ ᠰᠤᠩᠭᠤᠭᠠᠯᠢ ᠶᠢᠨ ᠨᠠᠢᠮᠠᠳᠤᠭᠠᠷ ᠬᠢᠨᠠᠨ ᠵᠢᠯᠣᠭᠤᠳᠬᠤ‌‍ᠲ᠋ᠤᠭᠤᠶᠢᠯᠠᠩ᠂ ᠠᠶᠢᠠᠮᠭ ᠤᠨ ᠬᠤᠭᠤᠴᠠᠭ᠎ᠠ ᠬᠠᠯᠠᠬᠤ ᠰᠤᠩᠭᠤᠭᠠᠯᠢ ᠶᠢᠨ  ᠬᠤᠶᠠᠳᠤᠭᠠᠷ  ᠪᠠᠶᠢᠴᠠᠭᠠᠨ ᠵᠢᠯᠣᠭᠤᠳᠬᠤ ᠲᠤᠭᠤᠶᠢᠯᠠᠩ ᠬᠤᠷᠠᠯ ᠳᠤ ᠵᠢᠯᠤᠭᠤᠳᠤᠯᠭ᠎ᠠ ᠬᠢᠵᠡᠢ᠃      ᠯᠢᠦ ᠴᠦᠩ ᠰᠢᠶᠣᠣ  ᠬᠤᠰᠢᠭᠤᠨ ᠤ ᠨᠠᠮ ᠤᠨ ᠬᠤᠷᠢᠶ᠎ᠠ ᠶᠢ ᠲᠦᠯᠤᠭᠡᠯᠡᠨ ᠬᠤᠷᠠᠯ ᠳᠤ ᠪᠠᠶᠠᠷ ᠬᠦᠷᠭᠡᠵᠤ᠂ ᠲᠡᠷᠡ ᠵᠢᠭᠠᠨ ᠭᠠᠷᠭᠠᠭᠰᠠᠨ ᠨᠢ᠂ ᠥᠩᠭᠡᠷᠡᠭᠰᠡᠨ ᠲᠦᠷᠪᠡᠨ ᠵᠢᠯ ᠳᠤ᠂ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠪᠠ ᠪᠦᠬᠦ ᠭᠡᠰᠢᠬᠦᠳ ᠵᠦᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠬᠡᠵᠢᠶᠡᠳᠡ ᠪᠠᠷᠢᠮᠳᠠᠯᠠᠵᠤ᠂ ᠪᠦᠯᠬᠦᠮᠳᠡᠯ ᠪᠠ ᠠᠷᠠᠳᠴᠢᠯᠠᠯ ᠬᠤᠶᠠᠷ ᠭᠤᠤᠯ ᠰᠡᠳᠤᠪ ᠢ ᠠᠳᠬᠤᠨ᠂ ᠪᠦᠬᠦ ᠬᠤᠰᠢᠭᠤᠨ ᠤ ᠭᠦᠭᠵᠢᠯᠳᠡ ᠶᠢᠨ ᠶᠡᠭᠡ ᠲᠠᠯ᠎ᠠ ᠤᠨ ᠲᠤᠭᠤᠷᠢᠨ ᠳᠤ ᠰᠠᠨᠠᠯ ᠲᠤᠷᠠᠳᠤᠯᠭ᠎ᠠ  ᠲᠡᠪᠰᠢᠭᠦᠯᠦᠨ ᠵᠠᠰᠠᠭ ᠲᠤ ᠲᠤᠰᠠᠯᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠯᠡᠨ᠂ ᠨᠡᠶᠢᠭᠡᠮ ᠤᠨ ᠡᠶ᠎ᠡ ᠵᠤᠬᠢᠴᠠᠯ ᠢ ᠠᠬᠢᠭᠤᠯᠬᠤ ᠳᠤ ᠰᠦᠪᠡᠭᠴᠢᠯᠡᠨ᠂  ᠬᠢᠵᠢᠭ ᠤᠨ ᠰᠡᠷᠭᠡᠶᠢᠯᠡᠯᠳᠡ᠂ ᠶᠠᠳᠠᠭᠤ ᠠᠴᠠ ᠠᠩᠬᠢᠵᠢᠷᠠᠬᠤ ᠪᠣᠭᠤᠮᠲᠠ ᠰᠢᠪᠲᠤᠯᠬᠤ᠂ ᠬᠦᠳᠡᠭᠡ ᠲᠤᠰᠬᠤᠨ ᠢ ᠭᠦᠭᠵᠢᠬᠦᠯᠤᠨ ᠮᠠᠨᠳᠤᠭᠤᠯᠬᠤ ᠵᠡᠷᠭᠡ ᠲᠠᠯ᠎ᠠ ᠪᠠᠷ ᠶᠡᠭᠡ  ᠭᠡᠮᠵᠢᠶᠡᠨ ᠤ ᠥᠷ᠎ᠡ ᠪᠦᠲᠦᠮᠵᠢᠲᠡᠢ ᠠᠵᠢᠯ ᠬᠢᠭᠰᠡᠨ ᠪᠠᠶᠢᠨ᠎ᠠ᠃
     ᠯᠢᠦ ᠴᠦᠩ ᠰᠢᠶᠣᠣ ᠵᠢᠭᠠᠨ ᠭᠠᠷᠠᠭᠠᠭᠰᠠ ᠨᠢ᠂ ᠲᠠᠷᠠᠭᠠᠴᠢ ᠶᠢᠨ ᠲᠠᠪᠤᠨ ᠵᠢᠯ ᠳᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠪᠦᠬᠦ ᠭᠡᠰᠢᠬᠦᠳ ᠡᠬᠦᠷᠭᠡ ᠬᠠᠷᠢᠭᠤᠴᠠᠭᠯᠠᠳᠤ ᠰᠡᠳᠬᠢᠯᠭᠡ ᠪᠠᠨ ᠤᠯᠠᠮ ᠨᠡᠮᠡᠭᠳᠡᠬᠦᠯᠵᠤ᠂ ᠲᠠᠪᠠᠭᠤᠯᠢᠭ ᠢᠶᠠᠨ ᠪᠠᠳᠠᠷᠠᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠨᠳᠦᠷ ᠴᠢᠨᠠᠷ ᠰᠠᠶᠢᠳᠠᠢ ᠭᠦᠭᠵᠢᠯᠳᠡ ᠳᠤ ᠰᠢᠨ᠎ᠡ ᠬᠤᠪᠢ ᠨᠡᠮᠡᠷᠢ ᠪᠠᠨ ᠭᠠᠷᠭᠠᠨ᠎ᠠ ᠭᠡᠯ᠎ᠡ  ᠃      ᠯᠢᠦ ᠴᠦᠩ ᠰᠢᠶᠣᠣ ᠴᠢᠬᠤᠯᠠᠴᠢᠯᠠᠭᠰᠠᠨ ᠨᠢ᠂ ᠭᠡᠵᠢᠶᠡᠳᠡ ᠵᠦᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠪᠠᠷᠢᠮᠳᠠᠯᠠᠨ᠎ᠠ᠃ ᠤᠯᠤᠰ ᠲᠦᠷᠤ ᠶᠢᠨ ᠢᠳᠡᠭᠡᠯ ᠢ ᠪᠠᠳᠤᠳᠬᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ ︽ᠲᠦᠷᠪᠡᠨ ᠢᠳᠡᠭᠡᠯ︾ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠤᠨ᠎ᠡ᠃ ᠬᠤᠰᠢᠭᠤ ᠲᠤᠭᠤᠷᠢᠭ ᠤᠨ ᠠᠵᠤ ᠠᠬᠤᠢ ᠤᠨ ᠦᠨᠳᠦᠷ ᠴᠢᠨᠠᠷ ᠰᠠᠶᠢᠳᠠᠢ ᠭᠦᠭᠵᠢᠯᠳᠡ ᠶᠢ ᠢᠳᠡᠪᠬᠢᠳᠠᠢ ᠠᠬᠢᠭᠤᠯᠤᠨ᠎ᠡ᠃ ︽ᠠᠷᠠᠳ ᠤᠨ ᠤᠯᠤᠰ ᠲᠦᠷᠤ ᠶᠢᠨ ᠵᠦᠪᠯᠡᠯᠭᠡᠨ ᠨᠢ ᠠᠷᠠᠳ ᠤᠨ ᠲᠦᠯᠤᠭᠡ︾ ᠭᠡᠬᠦ ᠠᠵᠢᠯ ᠤᠨ ᠤᠶᠢᠯᠭᠠᠭᠳᠠᠬᠤᠨ ᠢ ᠪᠠᠳᠤ ᠱᠤᠭᠤᠵᠤ᠂ ᠰᠠᠨᠠᠯ ᠲᠤᠷᠠᠳᠤᠯᠭ᠎ᠠ᠂ ᠪᠠᠶᠢᠴᠠᠭᠠᠨ ᠰᠤᠳᠤᠯᠤᠯᠳᠡ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠭᠡᠪ ᠤᠨ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠳᠡ ᠦᠭᠡᠢ ᠲᠡᠭᠡᠭᠰᠢᠯᠡᠬᠦᠯᠵᠤ᠂ ᠢᠯᠡᠭᠦᠬᠡᠨ ᠪᠣᠳᠠᠲᠠᠢ ᠰᠠᠨᠠᠯ ᠲᠤᠷᠠᠳᠤᠯᠭ᠎ᠠ ᠶᠢ ᠲᠡᠪᠰᠢᠬᠦᠯᠤᠨ᠎ᠡ᠃ ᠭᠠᠵᠠᠷ ᠤᠷᠤᠨ ᠤ ᠡᠶ᠎ᠡ ᠵᠤᠬᠢᠴᠠᠯ ᠲᠤᠭᠳᠠᠭᠤᠨ ᠭᠦᠭᠵᠢᠯᠳᠡ ᠶᠢᠨ ᠶᠡᠭᠡ ᠲᠠᠯ᠎ᠠ ᠶᠢ ᠪᠡᠬᠡᠵᠢᠭᠦᠯᠦᠨ᠎ᠡ᠃ ᠠᠷᠠᠳᠴᠢᠯᠠᠯ ᠢ ᠪᠠᠳᠠᠷᠠᠭᠤᠯᠬᠤ᠂ ᠪᠦᠯᠬᠦᠮᠳᠡᠯ ᠢ  ᠠᠬᠢᠭᠤᠯᠬᠤ ᠠᠵᠢᠯ ᠳᠤ ᠬᠦᠴᠤᠯᠡᠨ᠂ ᠬᠠᠷᠢᠴᠠᠭ᠎ᠠ ᠬᠤᠯᠪᠣᠭ᠎ᠠ ᠪᠠᠨ ᠵᠣᠬᠢᠴᠠᠭᠤᠯᠤᠨ᠂ ᠵᠦᠷᠢᠴᠡᠯ ᠮᠦᠷᠬᠦᠯᠳᠤᠬᠡᠨ ᠢ ᠡᠶᠡᠳᠡᠬᠦᠯᠬᠦ ᠠᠵᠢᠯ ᠢ ᠰᠠᠶᠢᠲᠤᠷ ᠬᠢᠨ᠎ᠡ᠃ ᠲᠣᠰ ᠪᠡᠶ᠎ᠡ ᠶᠢᠨ ᠪᠦᠳᠤᠭᠡᠨ ᠪᠠᠶᠢᠭᠤᠯᠤᠯᠳᠡ ᠶᠢ ᠲᠠᠰᠤᠷᠠᠯᠳᠠ ᠦᠭᠡᠢ ᠴᠢᠩᠭᠠᠷᠠᠭᠤᠯᠤᠨ᠎ᠡ᠃ ᠦᠵᠡᠯ ᠰᠠᠨᠠᠭ᠎ᠠ ᠤᠨᠤᠯ᠂ ᠴᠢᠭᠯᠡᠯ ᠲᠦᠷᠤ ᠶᠢᠨ ᠪᠤᠳᠤᠯᠭ᠎ᠠ᠂ ᠴᠠᠭ ᠤᠨ ᠪᠠᠶᠢᠳᠠᠯ ᠤᠯᠤᠰ ᠲᠦᠷᠤ ᠶᠢᠨ ᠰᠤᠷᠤᠯᠴᠠᠯᠭ᠎ᠠ ᠶᠢ ᠴᠢᠩᠭᠠᠳᠬᠠᠨ᠂ ᠤᠯᠤᠰ ᠲᠦᠷᠤ ᠶᠢᠨ ᠵᠦᠪᠡᠯᠡᠯᠭᠡᠨ ᠤ ᠡᠩᠨᠡᠭᠡ  ᠶᠢᠨ ᠪᠠᠶᠢᠭᠤᠯᠤᠯᠳᠡ ᠶᠢ ᠠᠳᠬᠤᠵᠤ᠂ ᠭᠡᠰᠢᠬᠦᠳ ᠤᠨ ᠡᠭᠦᠷᠭᠡ ᠲᠣᠰᠢᠶᠠᠯ ᠪᠠᠨ ᠬᠦᠢᠴᠡᠳᠭᠡᠬᠦ ᠴᠢᠳᠠᠪᠦᠷᠢ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠎ᠡ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠨᠢ ᠤᠯᠤᠰ ᠲᠦᠷᠤ ᠶᠢᠨ ᠵᠦᠪᠯᠡᠯᠭᠡᠨ ᠤ ᠭᠡᠰᠢᠬᠦᠨ ᠤ ᠲᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠤᠨ᠂ ᠲᠤᠬᠠᠢ ᠶᠢᠨ ᠴᠠᠭ ᠲᠤ ᠨᠢ ᠬᠠᠷᠢᠭᠤᠯᠳᠡ ᠦᠭᠴᠤ᠂ ᠬᠤᠰᠢᠭᠤᠨ ᠤ ᠨᠠᠮ ᠤᠨ ᠬᠤᠷᠢᠶ᠎ᠠ ᠴᠢᠬᠤᠯᠠᠴᠢᠯᠠᠵᠤ᠂  ᠵᠠᠰᠠᠭ ᠤᠨ ᠤᠷᠤᠨ ᠲᠡᠮᠵᠢᠨ᠂ ᠡᠯ᠎ᠡ ᠲᠠᠯ᠎ᠠ ᠪᠠᠷ ᠢᠶᠠᠨ ᠬᠠᠷᠢᠯᠴᠠᠨ ᠬᠠᠮᠵᠢᠯᠴᠠᠭᠰᠠᠨ ᠠᠮᠢᠳᠤᠯᠢᠭ ᠪᠠᠶᠢᠳᠠᠯ ᠢ ᠪᠦᠷᠢᠯᠳᠤᠬᠦᠯᠤᠨ᠎ᠡ  ᠃      ᠰᠦᠨ ᠭᠠᠩ ᠳ᠋ᠧ ᠨᠦᠬᠦᠷ ᠠᠴᠠ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠠᠷᠪᠠᠳᠤᠭᠠᠷ ᠬᠤᠭᠤᠴᠠᠭᠠᠨ ᠤ  ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠭᠡᠯ  ᠬᠢᠵᠡᠢ᠃ ᠢᠯᠡᠳᠭᠡᠯ  ᠳᠤ  ᠬᠤᠰᠢᠭᠤᠨ  ᠤ ᠠᠷᠪᠠᠳᠤᠭᠠᠷ ᠬᠤᠭᠤᠴᠠᠭᠠᠨ ᠤ ᠤᠯᠤᠰ ᠲᠦᠷᠤ ᠶᠢᠨ ᠵᠦᠪᠯᠡᠯᠭᠡᠨ ᠤ ᠲᠦᠷᠪᠡᠨ ᠵᠢᠯ ᠤᠨ ᠠᠵᠢᠯ ᠤᠨ ᠲᠤᠷᠰᠢᠯᠭ᠎ᠠ  ᠶᠢ ᠪᠦᠬᠦ ᠲᠠᠯ᠎ᠠ ᠪᠠᠷ ᠡᠷᠬᠢᠴᠡᠬᠦᠯᠬᠦ ᠶᠢᠨ ᠬᠠᠮᠳᠤ ᠠᠷᠪᠠᠨ ᠨᠢᠭᠡᠳᠤᠭᠡᠷ ᠬᠤᠭᠤᠴᠠᠭᠠᠨ ᠤ ᠤᠯᠤᠰ ᠲᠦᠷᠤ ᠶᠢᠨ ᠵᠦᠪᠯᠡᠯᠭᠡᠨ ᠤ ᠠᠵᠢᠯ ᠢ ᠭᠡᠷᠬᠢᠨ ᠰᠠᠶᠢᠳᠤᠷ ᠬᠢᠬᠦ ᠲᠤᠬᠠᠢ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ ᠢᠯᠡᠳᠭᠡᠯ  ᠳᠤ ᠵᠢᠭᠠᠨ ᠭᠠᠷᠭᠠᠭᠰᠠᠨ ᠨᠢ᠂ ᠠᠷᠪᠠᠳᠤᠭᠠᠷ ᠬᠤᠭᠤᠴᠠᠭᠠᠠ ᠤ ᠬᠤᠰᠢᠭᠤᠨ ᠤ ᠣᠯᠣᠰ ᠲᠦᠷᠤ ᠶᠢᠨ ᠵᠦᠪᠯᠡᠯᠭᠡᠡ ᠵᠢᠴᠢ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ  ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠳᠠᠯᠠᠵᠣ᠂ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠵᠢᠴᠢ ᠠᠷᠪᠠ ᠶᠢᠰᠣᠳᠣᠬᠡᠷ ᠬᠤᠭᠤᠴᠠᠭᠠᠨ ᠤ ᠤᠳᠠᠭ᠎ᠠ ᠪᠥᠷᠢ ᠶᠢᠨ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠨ ᠲᠣᠣᠱᠯᠠᠭᠤᠯᠵᠤ᠂ ᠠᠷᠠᠳᠴᠢᠯᠠᠯ ᠢ ᠪᠠᠳᠠᠷᠠᠭᠤᠯᠬᠤ ᠪᠠ ᠪᠥᠯᠭᠦᠯᠳᠡᠯ ᠢ ᠠᠬᠢᠭᠤᠯᠬᠤ ᠶᠢ ᠬᠠᠷᠢᠯᠴᠠᠨ ᠨᠡᠪᠲᠡᠷᠡᠭᠦᠯᠦᠨ᠂ ᠰᠠᠨᠠᠯ ᠵᠥᠪᠯᠡᠯᠭᠡ ᠳᠣᠷᠠᠳᠣᠨ ᠵᠠᠰᠠᠭ ᠲᠤ ᠳᠣᠰᠠᠯᠠᠬᠤ ᠪᠠ ᠬᠠᠮᠳᠣ ᠶᠢᠨ ᠳᠠᠨᠢᠯᠳᠠ ᠶᠢ ᠨᠢᠭᠲᠠᠷᠠᠭᠤᠯᠬᠤ ᠶᠢ ᠬᠤᠣᠰ ᠴᠢᠭᠯᠡᠯ ᠢᠶᠠᠷ ᠭᠥᠴᠥᠯᠡᠭᠦ ᠶᠢ ᠪᠠᠷᠢᠮᠳᠠᠯᠠᠨ᠂ ᠠᠷᠠᠳ ᠤᠨ ᠤᠯᠤᠰ ᠲᠥᠷᠦ ᠶᠢᠨ ᠵᠦᠪᠯᠡᠯᠭᠡᠨ ᠤ ᠠᠷᠠᠳᠴᠢᠯᠠᠭᠰᠠᠨ ᠵᠦᠪᠯᠡᠯᠭᠡ ᠶᠢᠨ ᠴᠢᠬᠤᠯᠠ ᠵᠠᠮ ᠰᠤᠪᠠᠭ ᠪᠠ ᠲᠤᠰᠬᠠᠢ ᠵᠦᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ︽ᠠᠷᠪᠠᠨ ᠭᠤᠷᠪᠠᠳᠣᠭᠠᠷ ᠳᠠᠪᠣᠨ ᠵᠢᠯ︾ ᠤᠨ ᠡᠯ᠎ᠡ ᠲᠥᠷᠥᠯ ᠤᠨ ᠡᠭᠦᠷᠭᠡ ᠶᠢ ᠠᠮᠵᠢᠯᠳᠠ ᠲᠠᠢ ᠪᠡᠶᠡᠯᠡᠭᠦᠯᠦᠡ᠂ ᠪᠥᠭᠦ ᠬᠤᠰᠢᠭᠤᠨ ᠤ ᠠᠵᠣ ᠠᠬᠤᠢ ᠨᠡᠶᠢᠬᠡᠮ ᠤᠨ ᠦᠨᠳᠦᠷ ᠴᠢᠨᠠᠷ ᠰᠠᠶᠢᠳᠠᠢ ᠭᠥᠭᠵᠢᠯᠳᠡ ᠶᠢᠨ ᠰᠢᠨ᠎ᠡ ᠪᠠᠶᠢᠳᠠᠯ ᠢ ᠪᠡᠶᠡᠯᠡᠭᠦᠯᠭᠦ ᠳᠤ ᠢᠳᠡᠪᠬᠢᠳᠠᠢ ᠬᠤᠪᠢ ᠨᠡᠮᠡᠷᠢ  ᠦᠵᠡᠭᠦᠯᠵᠡᠢ᠃
     ᠢᠯᠡᠳᠭᠡᠯ ᠳᠤ ᠵᠢᠭᠠᠨ ᠭᠠᠷᠭᠠᠭᠰᠠᠨ ᠨᠢ᠂  ᠬᠤᠶᠢᠰᠢᠳᠠ ᠶᠢᠨ ᠲᠠᠪᠤᠨ ᠵᠢᠯ ᠤᠨ ᠤᠯᠤᠰ ᠲᠦᠷᠤ ᠶᠢᠨ ᠵᠦᠪᠯᠡᠯᠭᠡᠨ ᠤ ᠠᠵᠢᠯ ᠤᠨ ᠭᠤᠣᠯ ᠱᠠᠭᠠᠷᠳᠠᠯᠭ᠎ᠠ  ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠳᠠᠯᠠᠵᠣ ᠂ ᠨᠠᠮ ᠤᠨ ᠠᠷᠪᠠ ᠶᠢᠰᠣᠳᠣᠭᠡᠷ ᠶᠡᠭᠡ ᠬᠤᠷᠠᠯ ᠪᠠ ᠠᠷᠪᠠ ᠶᠢᠰᠣᠳᠣᠬᠡᠷ ᠬᠤᠭᠤᠴᠠᠭᠠᠨ ᠤ ᠤᠳᠠᠭ᠎ᠠ ᠪᠥᠷᠢ ᠶᠢᠨ ᠪᠥᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠤ᠂ ᠲᠥᠪ ᠬᠤᠷᠢᠶ᠎ᠠ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠣᠯᠣᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠨᠠᠮ ᠪᠠᠶᠢᠭᠤᠯᠣᠭᠰᠠᠨ ᠠᠭᠤᠣ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠣ᠂ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠡ ᠤ ᠠᠷᠪᠠᠠ ᠬᠤᠶᠠᠳᠤᠭᠠᠷ ᠤᠳᠠᠭᠠᠠ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠣᠷᠢᠳᠣ ᠪᠣᠳᠣᠯᠭ᠎ᠠ ᠪᠠᠶᠢᠷᠢᠯᠠᠭᠤᠯᠣᠯᠳᠠ ᠶᠢᠨ ᠲᠤᠭᠤᠷᠢᠡ ᠳᠤ᠂ ᠣᠯᠣᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠵᠠᠰᠠᠭ ᠤᠨ ᠶᠠᠪᠣᠳᠠᠯ ᠳᠤ ᠣᠷᠣᠯᠴᠠᠨ ᠲᠥᠷᠥ ᠶᠢᠨ ᠶᠠᠪᠣᠳᠠᠯ ᠢ ᠵᠥᠪᠯᠡᠭᠦ ᠡᠭᠦᠷᠭᠡ ᠴᠢᠳᠠᠪᠣᠷᠢ ᠪᠠᠨ ᠨᠠᠷᠢᠡ ᠬᠢᠨᠠᠮᠠᠭᠠᠢ ᠬᠡᠷᠡᠭᠵᠢᠭᠦᠯᠵᠦ᠂ ᠰᠠᠨᠠᠯ ᠵᠥᠪᠯᠡᠯᠭᠡ ᠳᠣᠷᠠᠳᠣᠨ ᠵᠠᠰᠠᠭ ᠤᠨ ᠶᠠᠪᠣᠳᠠᠯ ᠢ ᠵᠥᠪᠯᠡᠭᠦ ᠪᠠ ᠬᠠᠮᠳᠣ ᠶᠢᠨ ᠳᠠᠨᠢᠯᠳᠠ ᠪᠠᠨ ᠨᠢᠭᠳᠠᠷᠠᠭᠤᠯᠬᠤ ᠬᠤᠣᠰ ᠴᠢᠭᠯᠡᠯ ᠢᠶᠠᠷ ᠬᠥᠴᠦᠯᠡᠬᠦ ᠬᠢᠷᠢ ᠲᠥᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠠᠮᠢ ᠠᠬᠤᠢ ᠶᠢ ᠲᠡᠷᠢᠭᠦᠨ ᠪᠠᠶᠢᠷᠢᠨ ᠳᠤ ᠳᠠᠯᠪᠢᠨ ᠠᠯᠠᠱᠠ ᠪᠠᠷᠠᠭᠤᠨ ᠬᠤᠰᠢᠭᠤᠨ ᠤ ᠨᠡᠶᠢᠬᠡᠮ ᠠᠵᠤ ᠠᠬᠤᠢ ᠶᠢ ᠲᠥᠯᠬᠢᠨ ᠠᠬᠢᠭᠤᠯᠵᠣ᠂ ᠪᠥᠭᠢᠷᠳᠣᠯ ᠥᠬᠡᠢ ᠬᠥᠭᠵᠢᠯᠳᠡ ᠪᠠᠷ ᠣᠳᠣᠷᠢᠳᠣᠮᠵᠢ ᠪᠤᠯᠭᠠᠭᠰᠠᠠ ᠦᠨᠳᠦᠷ ᠴᠢᠨᠠᠷ ᠰᠠᠶᠢᠲᠠᠢ ᠭᠥᠭᠵᠢᠯᠳᠡ ᠶᠢᠨ ᠰᠢᠨ᠎ᠡ ᠵᠠᠮ ᠢᠶᠠᠷ ᠵᠠᠮᠨᠠᠬᠤ ᠳᠤ ᠤᠯᠤᠰ ᠲᠦᠷᠥ ᠶᠢᠨ ᠵᠦᠪᠯᠡᠯᠭᠡᠡ ᠤ ᠤᠶᠤᠡ ᠤᠬᠠᠭᠠᠠ ᠪᠠ ᠭᠥᠴᠥᠨ ᠴᠢᠳᠠᠯ ᠢᠶᠠᠨ ᠡᠷᠭᠦᠨ᠎ᠡ᠃
     ᠢᠯᠡᠳᠭᠡᠯ ᠳᠤ ᠲᠤᠷᠠᠳᠤᠭᠰᠠᠨ ᠨᠢ᠂ ᠨᠠᠮ ᠤᠨ ᠣᠳᠣᠷᠢᠳᠣᠯᠭ᠎ᠠ ᠶᠢᠨ ᠲᠤᠭᠲᠠᠭᠠᠯᠲᠠ ᠶᠢ ᠰᠠᠶᠢᠳᠣᠷ ᠠᠳᠬᠤᠵᠣ᠂ ᠨᠠᠮ ᠤᠨ ᠪᠠᠶᠢᠭᠤᠯᠣᠯᠳᠠ ᠶᠢᠨ ᠰᠢᠨ᠎ᠡ ᠬᠠᠭᠤᠳᠠᠰᠣ ᠶᠢ ᠪᠢᠴᠢᠭᠯᠡᠨ᠎ᠡ᠃ ᠨᠠᠮ ᠤᠨ ᠣᠳᠣᠷᠢᠳᠣᠯᠭ᠎ᠠ ᠶᠢ ᠭᠤᠶᠢᠪᠢᠰᠢ ᠥᠬᠡᠢ ᠪᠠᠷᠢᠮᠳᠠᠯᠠᠨ᠂ ᠣᠨᠣᠯ ᠢᠶᠠᠷ ᠵᠡᠪᠰᠡᠭᠯᠡᠭᠦ ᠶᠢ ᠴᠢᠩᠭᠠᠳᠬᠠᠡ᠂ ᠭᠤᠣᠯ ᠠᠵᠢᠯ ᠢ  ᠬᠡᠯᠪᠡᠶᠢᠯᠭᠡᠬᠦ ᠥᠭᠡᠢ ᠰᠠᠶᠢᠳᠤᠷ ᠠᠳᠬᠤᠡ᠂ ᠬᠤᠰᠢᠭᠤ ᠨᠠᠮ ᠤᠨ ᠬᠤᠷᠢᠶᠠᠨ ᠤ ᠰᠢᠢᠳᠪᠣᠷᠢᠳᠣ ᠪᠣᠳᠣᠯᠭ᠎ᠠ ᠪᠠᠶᠢᠷᠢᠯᠠᠭᠤᠯᠣᠯᠳᠠ ᠶᠢ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠮᠡᠳᠡᠷᠡᠭᠦᠯᠬᠦ ᠪᠠ ᠣᠬᠠᠮᠰᠠᠷ ᠤᠨ ᠠᠵᠢᠯᠯᠠᠭᠠᠨ ᠪᠣᠯᠭᠠᠵᠤ ᠬᠤᠪᠢᠷᠠᠭᠤᠯᠤᠨ᠎ᠡ᠃ ᠠᠷᠠᠳᠴᠢᠯᠠᠯ ᠢᠶᠠᠷ ᠵᠥᠪᠯᠡᠭᠦ ᠬᠠᠷᠢᠭᠤᠴᠠᠯᠭ᠎ᠠ ᠶᠢ ᠴᠢᠩᠭᠠᠳᠬᠠᠡ᠂ ᠵᠥᠪᠯᠡᠯᠭᠡ ᠬᠢᠵᠣ ᠵᠠᠰᠠᠭ ᠲᠤ ᠳᠣᠰᠠᠯᠠᠬᠤ ᠰᠢᠨ᠎ᠡ ᠪᠠᠶᠢᠳᠠᠯ ᠢ ᠡᠭᠦᠳᠣᠨ ᠪᠥᠳᠥᠭᠡᠨ᠎ᠡ᠃ ᠦᠢᠯᠡᠴᠢᠯᠡᠭᠡ ᠪᠠ ᠬᠥᠭᠵᠢᠯᠲᠡ ᠶᠢ ᠬᠠᠮᠳᠤ ᠳᠤᠨᠢ ᠴᠢᠬᠤᠯᠠᠴᠢᠯᠠᠵᠤ᠂ ᠬᠤᠰᠢᠭᠤ ᠳᠣᠭᠤᠷᠢᠭ ᠤᠨ ᠠᠵᠣ ᠠᠬᠤᠢ ᠶᠢᠨ ᠰᠢᠨ᠎ᠡ ᠥᠢᠯᠡᠳᠣᠯᠭᠡ ᠳᠤ ᠭᠥᠴᠥ ᠪᠠᠨ ᠲᠥᠪᠯᠡᠷᠡᠭᠦᠯᠥᠨ᠎ᠡ᠃ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠭᠦ᠂ ᠥᠬᠡᠷᠡᠴᠢᠯᠯᠡᠳᠡ ᠬᠢᠵᠣ ᠰᠢᠨ᠎ᠡ ᠶᠢ ᠡᠭᠦᠳᠭᠦ᠂ ᠭᠥᠳᠡᠭᠡ ᠳᠣᠰᠬᠤᠨ ᠢ ᠭᠥᠭᠵᠢᠭᠦᠯᠥᠨ ᠮᠠᠨᠳᠣᠭᠤᠯᠬᠤ᠂ ᠨᠡᠶᠢᠭᠡᠮ ᠤᠨ ᠵᠠᠰᠠᠯᠲᠠ᠂ ᠣᠨᠴᠠᠯᠢᠭᠳᠣ ᠠᠵᠣ ᠥᠢᠯᠡᠰ ᠢ ᠭᠥᠭᠵᠢᠭᠦᠯᠭᠦ ᠵᠡᠷᠭᠡ ᠭᠤᠣᠯᠳᠠᠯᠭ᠎ᠠ ᠲᠠᠢ ᠠᠵᠢᠯ ᠤᠨ ᠳᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ᠪᠦᠬᠦ ᠬᠤᠰᠢᠭᠤᠡ ᠤ ᠠᠵᠤ ᠠᠬᠤᠢ ᠶᠢᠨ ᠦᠨᠳᠦᠷ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠣᠯᠣᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢ ᠭᠥᠢᠴᠡᠳ ᠪᠠᠳᠠᠷᠠᠭᠤᠯᠵᠣ᠂ ᠬᠡᠰᠢᠭᠦᠳ ᠢ ᠵᠢᠯᠤᠭᠤᠳᠤᠡ ᠠᠵᠤ ᠠᠬᠤᠢ ᠨᠡᠶᠢᠬᠡᠮ᠂ ᠭᠥᠳᠡᠭᠡ ᠳᠣᠰᠬᠤᠨ ᠢ ᠭᠥᠭᠵᠢᠭᠦᠯᠥᠨ ᠮᠠᠨᠳᠣᠭᠤᠯᠬᠤ ᠵᠡᠷᠭᠡ ᠠᠵᠢᠯ ᠳᠤ ᠣᠷᠣᠯᠴᠠᠭᠤᠯᠤᠨ᠎ᠠ᠃ ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠣᠯᠳᠠ ᠶᠢᠨ ᠠᠵᠢᠯ ᠢ ᠪᠣᠳᠠᠳᠠᠢ ᠴᠢᠩᠭᠠᠳᠬᠠᠡ᠂ ᠣᠨ ᠤ ᠠᠵᠢᠯ ᠤᠨ ᠲᠥᠯᠥᠪᠯᠡᠯᠭᠡ ᠪᠠ ᠬᠠᠷᠠᠯᠳᠠᠳᠣ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠳᠣᠭᠳᠠᠴᠠ ᠶᠢ ᠳᠡᠭᠦᠯᠳᠡᠷᠵᠢᠭᠦᠯᠵᠣ᠂ ᠣᠯᠣᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠤ ᠳᠣᠰᠢᠶᠠᠯ ᠤᠨ ᠮᠡᠳᠡᠭᠦᠯᠥᠯᠳᠡ ᠶᠢᠨ ᠲᠥᠷᠢᠮ ᠢ ᠨᠠᠶᠢᠳᠠᠪᠣᠷᠢᠵᠢᠭᠤᠯᠣᠨ᠂ ᠣᠯᠣᠰ ᠲᠥᠷᠥ ᠶᠢᠨ ᠵᠥᠪᠯᠡᠯᠭᠡᠨ ᠤ ᠠᠵᠢᠯ ᠤᠨ ᠬᠢᠷᠢ ᠲᠥᠪᠰᠢᠡ ᠢ  ᠴᠢᠨᠠᠭᠰᠢᠳᠠ ᠳᠡᠭᠡᠭᠰᠢᠯᠡᠭᠦᠯᠥᠨ᠎ᠡ  ᠭᠡᠵᠡᠢ᠃
     ᠫᠧᠩ ᠶᠠᠨ ᠰᠢᠶᠠ ᠤᠯᠤᠰ ᠲᠦᠷᠤ ᠶᠢᠨ ᠵᠦᠪᠯᠡᠯᠭᠡᠨ ᠤ ᠠᠯᠠᠱᠠ ᠪᠠᠷᠠᠭᠤᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠤᠷᠠᠯ ᠳᠤ ᠠᠷᠪᠠᠳᠤᠭᠠᠷ ᠬᠤᠭᠤᠴᠠᠭᠠᠨ ᠤ ᠤᠯᠤᠰ ᠲᠦᠷᠤ ᠶᠢᠨ ᠵᠦᠪᠯᠡᠯᠭᠡᠨ ᠤ ᠰᠠᠨᠠᠯ ᠳᠣᠷᠠᠳᠣᠯᠭ᠎ᠠ ᠶᠢᠨ ᠠᠵᠢᠯ ᠤᠨ ᠪᠠᠶᠢᠳᠠᠯ ᠤᠨ ᠳᠣᠬᠠᠢ ᠮᠡᠳᠡᠭᠦᠯᠥᠯᠳᠡ ᠬᠢᠵᠡᠢ᠃ ᠠᠷᠪᠠᠳᠣᠭᠠᠷ ᠬᠤᠭᠤᠴᠠᠭᠠᠨ ᠤ ᠣᠯᠣᠰ ᠲᠥᠷᠥ ᠶᠢᠨ ᠵᠥᠪᠯᠡᠯᠭᠡᠨ ᠠᠴᠠ ᠨᠠᠰᠢ᠂  ᠨᠡᠶᠢᠳᠡ 357 ᠬᠤᠪᠢ  ᠭᠡᠰᠢᠭᠦᠳ ᠤᠨ ᠰᠠᠨᠠᠯ ᠲᠤᠷᠠᠳᠤᠯᠭ᠎ᠠ ᠶᠢ ᠬᠤᠷᠢᠶᠠᠨ ᠠᠪᠴᠣ᠂ 283 ᠬᠤᠪᠢ ᠰᠠᠨᠠᠯ ᠲᠤᠷᠠᠳᠤᠯᠭ᠎ᠠ ᠶᠢ ᠳᠠᠩᠰᠠᠯᠠᠨ᠂  ᠰᠢᠢᠳᠪᠦᠷᠢᠯᠡᠭᠰᠡᠨ ᠨᠤᠷᠮ᠎ᠠ ᠨᠢ100 %   ᠳᠤ ᠬᠦᠷᠴᠡᠢ᠃  
     ᠬᠤᠷᠠᠯ ᠲᠡᠭᠡᠷ᠎ᠡ᠂  ︽ᠰᠣᠩᠭᠤᠭᠤᠯᠢ ᠶᠢᠨ ᠠᠷᠭ᠎ᠠ ᠶᠢᠨ ︵ᠲᠥᠰᠥᠯ︶︾ ᠢ ᠤᠩᠰᠢᠨ᠂  ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶᠠᠨ ᠤ ᠲᠡᠷᠢᠬᠦᠯᠡᠭᠴᠢ᠂ ᠲᠡᠳ᠋ ᠲᠠᠷᠢᠬᠦᠯᠡᠭᠴᠢ᠂ ᠨᠠᠷᠢᠨ ᠪᠢᠴᠢᠭᠡᠴᠢ ᠶᠢᠨ ᠲᠠᠷᠤᠭ᠎ᠠ᠂  ᠪᠠᠶᠢᠩᠭᠤ ᠶᠢᠨ ᠭᠡᠰᠢᠬᠦᠳ ᠤᠨ ᠵᠢᠱᠢᠭᠳᠡᠭᠴᠢ ᠶᠢᠨ ᠪᠠᠶᠢᠳᠠᠯ ᠢ  ᠲᠠᠨᠢᠯᠴᠠᠭᠤᠯᠵᠡᠢ᠃ ᠵᠤᠬᠢᠶᠠᠨ ᠪᠠᠶᠢᠭᠤᠯᠤᠯᠳᠡ ᠶᠢᠨ ᠲᠠᠨᠢᠯᠴᠠᠭᠤᠯᠭ᠎ᠠ ᠶᠢ ᠦᠨᠳᠤᠰᠤᠯᠡᠨ᠂  ᠶᠡᠭᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠤᠨ ᠰᠤᠳᠤᠯᠤᠯᠳᠡ ᠪᠠᠷ᠂ ᠤᠯᠤᠰ ᠲᠦᠷᠤ ᠶᠢᠨ ᠵᠦᠪᠯᠡᠯᠭᠡᠨ ᠤ ᠠᠯᠠᠱᠠ ᠪᠠᠷᠠᠭᠤᠨ ᠬᠤᠰᠢᠭᠤᠨ ᠤ ᠠᠷᠪᠠᠨ ᠨᠢᠭᠡᠳᠤᠭᠡᠷ ᠬᠤᠭᠤᠴᠠᠭᠠᠨ ᠤ ᠬᠤᠷᠢᠶᠠᠨ ᠤ ᠲᠡᠷᠢᠬᠦᠯᠡᠭᠴᠢ᠂ ᠲᠡᠳ᠋ ᠲᠠᠷᠢᠬᠦᠯᠡᠭᠴᠢ᠂ ᠨᠠᠷᠢᠨ ᠪᠢᠴᠢᠭᠡᠴᠢ ᠶᠢᠨ ᠲᠠᠷᠤᠭ᠎ᠠ᠂  ᠪᠠᠶᠢᠩᠭᠤ ᠶᠢᠨ ᠭᠡᠰᠢᠬᠦᠨ ᠤᠨ ᠵᠢᠱᠢᠭᠳᠡᠭᠴᠢ ᠵᠢᠨ‌‍ᠰᠠᠨᠠᠭᠤᠯᠭ᠎ᠠ ᠶᠢᠨ ᠨᠡᠷᠡᠰ ᠢ ᠲᠤᠷᠠᠳᠤᠭᠰᠠᠨ ᠪᠠᠶᠢᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号