ᠪᠢ ᠤᠯᠠᠨ ᠲᠦᠮᠡᠨ ᠳᠤ ᠪᠤᠳᠠᠳᠠᠢ ᠠᠵᠢᠯ ᠬᠢᠨ᠎ᠡ — ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢᠨ ᠫᠠᠶᠢᠰᠠ ᠶᠢ ᠰᠡᠬᠦᠵᠦ ᠠᠵᠢᠯᠯᠠᠵᠤ ᠡᠬᠢᠯᠡᠪᠡ
ᠨᠡᠶᠢᠲᠡᠯᠡᠭᠰᠡᠨ ᠴᠠᠭ᠄
2022/1/12
     1 ᠰᠠᠷ᠎ᠠ ᠶᠢᠨ 5 ᠤ ᠡᠳᠦᠷ᠂ ᠠᠯᠠᠱᠠ ᠪᠠᠷᠠᠭᠤᠨ ᠬᠤᠰᠢᠭᠤᠨ ᠤ ᠪᠠᠳᠠᠶ ᠶᠢᠨ ᠵᠢᠷᠠᠨ ᠪᠠᠯᠭᠠᠰᠤᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠥᠷᠲᠡᠭᠡ ᠵᠢᠩᠬᠢᠨᠢ ᠪᠠᠷ ᠫᠠᠶᠢᠰᠠ ᠡᠯᠭᠦᠨ ᠠᠵᠢᠯᠯᠠᠪᠠ᠃ ᠬᠤᠰᠢᠭᠤᠨ ᠤ ᠳᠡᠳ᠋ ᠳᠠᠷᠤᠭ᠎ᠠ ᠤᠳᠬᠤᠨᠴᠢᠮᠡᠭ ᠬᠤᠷᠠᠯ ᠳᠤ ᠣᠷᠣᠯᠴᠠᠭᠰᠠᠨ ᠪᠥᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠫᠠᠶᠢᠰᠠ ᠶᠢ ᠰᠡᠬᠦᠪᠡ᠃
     ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠲᠡᠭᠡ ᠨᠢ ᠪᠠᠳᠠᠢ ᠶᠢᠨ ᠵᠢᠷᠠᠨ ᠪᠠᠯᠭᠠᠰᠤᠨ ᠤ ᠪᠠᠶᠠᠠᠦ᠋ᠨᠳᠦᠷ ᠠᠭᠤᠳᠠᠮ ᠲᠠᠯᠠᠪᠠᠢ ᠳᠤ ᠪᠠᠶᠢᠷᠢᠯᠠᠵᠤ᠂ ᠨᠠᠰᠤᠲᠠᠶᠢᠴᠤᠳ ᠤᠨ ᠵᠤᠭ᠎ᠠ ᠴᠡᠩᠭᠡᠯ ᠤᠨ ᠦᠷᠦᠭᠡ᠂ ᠦᠰᠦ ᠵᠠᠰᠠᠬᠤ ᠦᠷᠦᠭᠡ᠂ ᠡᠳᠦᠷ ᠤᠨ ᠰᠤᠪᠢᠯᠠᠯᠲᠠ ᠶᠢᠨ ᠦᠷᠦᠭᠡ᠂ ᠬᠤᠭᠤᠯᠠ  ᠢᠳᠡᠭᠡᠨ ᠤ ᠦᠷᠦᠭᠡ ᠂ ᠡᠮᠴᠢᠯᠡᠭᠡᠨ ᠤ ᠲᠣᠭᠤᠷᠢᠭ᠂ ᠨᠠᠰᠤᠲᠠᠶᠢᠴᠤᠳ ᠤᠨ ᠤᠬᠢᠶᠠᠯᠭ᠎ᠠ ᠶᠢᠨ ᠦᠷᠦᠭᠡ᠂ ᠠᠮᠠᠷᠠᠯᠲᠠ ᠶᠢᠨ ᠲᠣᠭᠤᠷᠢᠭ᠂ ᠨᠠᠰᠤᠲᠠᠶᠢᠴᠤᠳ ᠤᠨ ᠪᠥᠵᠢᠭ ᠤᠨ ᠦᠷᠦᠭᠡ ᠶᠢ ᠲᠤᠬᠢᠷᠠᠭᠤᠯᠵᠤ᠂ ᠨᠠᠰᠤᠲᠠᠶᠢᠴᠤᠳ ᠤᠨ ᠵᠤᠭ᠎ᠠ ᠴᠡᠩᠭᠡᠯ ᠤᠨ ᠣᠷᠴᠢᠨ ᠢ ᠬᠠᠩᠭᠠᠨ᠎ᠠ᠃
     ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠨᠢ ᠪᠠᠳᠠᠶ ᠶᠢᠨ ᠵᠢᠷᠠᠨ ᠪᠠᠯᠭᠠᠰᠤᠨ ᠤ ᠲᠠᠪᠤᠨ ᠨᠡᠶᠢᠭᠡᠮ ᠲᠣᠭᠤᠷᠢᠭ ᠢ ᠬᠠᠮᠤᠷᠴᠤ᠂ 1100 ᠭᠠᠷᠤᠶ ᠨᠠᠰᠤᠲᠠᠶᠢᠴᠤᠳ ᠲᠤ ᠬᠡᠷ ᠲᠤᠨᠢ ᠬᠦᠷᠴᠦ ᠦᠢᠯᠡᠴᠢᠯᠡᠭᠡ ᠬᠠᠩᠭᠠᠵᠤ ᠪᠣᠯᠤᠨ᠎ᠠ᠂ ᠬᠡᠷ ᠲᠤᠨᠢ ᠬᠦᠷᠴᠦ ᠦᠢᠯᠡᠴᠢᠯᠡᠬᠦ ᠵᠤᠶᠢᠯᠡᠰ ᠲᠤ ᠦᠰᠦ ᠵᠠᠰᠠᠬᠤ᠂ ᠬᠡᠷ ᠤᠨ ᠶᠠᠪᠤᠳᠠᠯ᠂ ᠡᠮ ᠡᠮᠨᠡᠯᠭᠡ ᠶᠢᠨ ᠦᠢᠯᠡᠴᠢᠯᠡᠭᠡ᠂ ᠬᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ ᠬᠤᠪᠴᠠᠰᠤ ᠤᠬᠢᠶᠠᠬᠤ᠂ ᠬᠤᠭᠤᠯᠠ ᠬᠦᠷᠭᠡᠬᠦ ᠵᠡᠷᠭᠡ ᠪᠠᠭᠲᠠᠨ᠎ᠠ᠃
     ᠬᠥᠮᠦᠨ ᠠᠮᠠ ᠶᠢᠨ ᠨᠠᠰᠤᠵᠢᠯᠲᠠ ᠶᠢᠨ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠠᠷᠭᠠᠴᠠᠵᠤ᠂ ᠬᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠠᠯᠠᠱᠠ ᠪᠠᠷᠠᠭᠤᠨ ᠬᠤᠰᠢᠭᠤ ᠶᠢᠨ ᠬᠢᠨ ᠨᠡᠶᠢᠭᠡᠮ ᠲᠣᠭᠤᠷᠢᠭ ᠪᠠ ᠬᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠥᠲᠡᠯᠪᠡᠯ ᠠᠰᠠᠷᠠᠮᠵᠢ ᠲᠠᠢ᠂ ᠡᠮᠨᠡᠯᠭᠡ ᠲᠠᠢ᠂ ᠥᠲᠡᠯᠪᠡᠯ ᠰᠤᠷᠭᠠᠨ ᠬᠥᠮᠦᠵᠢᠯ ᠲᠠᠢ᠂ ᠥᠲᠡᠯᠪᠡᠯ ᠰᠤᠷᠤᠯᠭ᠎ᠠ ᠲᠠᠢ᠂ ᠠᠵᠢᠯᠯᠠᠭ᠎ᠠ ᠲᠠᠢ᠂ ᠪᠠᠶᠠᠷ ᠴᠡᠩᠭᠡᠯ ᠲᠠᠢ ᠪᠠᠶᠢᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ ᠨᠢᠳᠤᠨᠤᠨ ᠤ ᠵᠢᠯ ᠤᠨ ᠡᠴᠦᠰ ᠲᠤ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠵᠠᠰᠠᠭ ᠤᠨ ᠣᠷᠳᠣᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠬᠤᠳᠠᠯᠳᠤᠨ ᠠᠪᠬᠤ︾ ᠠᠷᠭ᠎ᠠ ᠮᠠᠶ᠋ᠢᠭ ᠢᠶᠠᠷ ᠨᠠᠰᠤᠲᠠᠶᠢᠴᠤᠳ ᠲᠤ ᠲᠥᠷᠥ ᠶᠢᠨ ᠪᠣᠳᠣᠯᠭ᠎ᠠ ᠶᠢᠨ ᠨᠥᠬᠦᠪᠥᠷᠢ ᠣᠯᠭᠤᠪᠠ᠄ ᠡᠭᠦᠨ ᠳᠤ 70 — 79 ᠨᠠᠰᠤᠨ ᠤ ᠵᠠᠰᠠᠭ ᠵᠠᠬᠢᠷᠭᠠᠨ ᠤ ᠠᠵᠢᠯ  ᠦᠢᠯᠡᠰ ᠤᠨ ᠠᠵᠢᠯ ᠠᠴᠠ ᠪᠠᠨ ᠠᠮᠠᠷᠠᠭᠰᠠᠳ ᠲᠤ ᠵᠢᠯ ᠪᠦᠷᠢ 260 ᠲᠥᠭᠦᠷᠢᠭ ᠤᠨ ᠨᠥᠬᠦᠪᠥᠷᠢ ᠣᠯᠭᠤᠨ᠎ᠠ︔ 70 — 79 ᠨᠠᠰᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠪᠤᠰᠤ ᠠᠵᠢᠯ ᠠᠴᠠ ᠪᠠᠨ ᠠᠮᠠᠷᠠᠭᠰᠠᠨ ᠬᠥᠮᠦᠰ ᠲᠤ ᠵᠢᠯ ᠪᠦᠷᠢ 360 ᠲᠥᠭᠦᠷᠢᠭ ᠤᠨ ᠨᠥᠬᠦᠪᠥᠷᠢ ᠣᠯᠭᠤᠨ᠎ᠠ︔ 80 ᠨᠠᠰᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠠᠵᠢᠯ ᠦᠢᠯᠡᠰ ᠤᠨ ᠠᠵᠢᠯ ᠠᠴᠠ ᠪᠠᠨ ᠠᠮᠠᠷᠠᠭᠰᠠᠳ ᠲᠤ ᠵᠢᠯ ᠪᠦᠷᠢ 360 ᠲᠥᠭᠦᠷᠢᠭ ᠤᠨ ᠨᠥᠬᠦᠪᠥᠷᠢ ᠣᠯᠭᠤᠨ᠎ᠠ︔ 80 ᠨᠠᠰᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠠᠵᠢᠯ ᠦᠢᠯᠡᠰ ᠤᠨ ᠪᠤᠰᠤ ᠠᠵᠢᠯ ᠠᠴᠠ ᠪᠠᠨ ᠠᠮᠠᠷᠠᠭᠰᠠᠨ ᠬᠥᠮᠦᠰ ᠲᠤ ᠵᠢᠯ ᠪᠦᠷᠢ 460 ᠲᠥᠭᠦᠷᠢᠭ ᠤᠨ ᠨᠥᠬᠦᠪᠥᠷᠢ ᠣᠯᠭᠤᠨ᠎ᠠ︔ ᠨᠢᠭᠡᠳᠦᠭᠡᠷ᠂ ᠬᠤᠶᠠᠳᠤᠭᠠᠷ ᠳᠡᠰ ᠤᠨ ᠬᠦᠨᠳᠦ ᠵᠡᠮᠳᠡᠭᠴᠦᠳ ᠲᠤ ᠵᠢᠯ ᠪᠦᠷᠢ 480 ᠲᠥᠭᠦᠷᠢᠭ ᠤᠨ ᠨᠥᠬᠦᠪᠥᠷᠢ ᠣᠯᠭᠤᠨ᠎ᠠ᠃ 70 ᠨᠠᠰᠤᠨ ᠠᠴᠠ ᠳᠡᠭᠡᠭᠰᠢᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ᠂ ᠭᠤᠷᠪᠠᠨ ᠠᠷᠠᠳ᠂ ᠭᠤᠷᠪᠠᠨ ᠥᠬᠡᠶ᠂ ᠠᠷᠠᠳ ᠤᠨ ᠶᠠᠪᠤᠳᠠᠯ ᠤᠨ ᠭᠤᠤᠯᠳᠠᠯᠭ᠎ᠠ ᠲᠠᠢ ᠬᠠᠷᠠᠭᠠᠯᠵᠠᠯ ᠭᠥᠷᠳᠡᠬᠦ ᠡᠲᠡᠭᠡᠳ ᠲᠤ ᠵᠢᠯ ᠪᠦᠷᠢ 480 ᠲᠥᠭᠦᠷᠢᠭ ᠤᠨ ᠨᠥᠬᠦᠪᠥᠷᠢ ᠣᠯᠭᠤᠨ᠎ᠠ᠃ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠤᠨ ᠬᠤᠳᠠᠯᠳᠤᠨ ᠠᠪᠤᠭᠰᠠᠨ ᠦᠢᠯᠡᠴᠢᠯᠡᠭᠡᠨ ᠤ ᠵᠠᠷᠤᠳᠠᠯ ᠢ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠨᠥᠬᠦᠪᠥᠷᠢᠯᠡᠵᠦ᠂ ᠨᠥᠬᠦᠪᠥᠷᠢ ᠶᠢᠨ ᠲᠤᠭ᠎ᠠ  ᠬᠡᠮᠵᠢᠶᠡᠨ ᠠᠴᠠ ᠬᠡᠲᠦᠷᠡᠭᠰᠡᠨ ᠬᠡᠰᠡᠭ ᠦᠢᠯᠡᠴᠢᠯᠡᠭᠡᠨ ᠤ ᠵᠠᠷᠤᠳᠠᠯ ᠢ ᠠᠰᠢᠭ ᠬᠦᠷᠲᠡᠭᠴᠢ ᠠᠴᠠ ᠢᠯᠡᠭᠦᠤ ᠥᠭᠭᠦᠨ᠎ᠡ᠃ ᠨᠢᠭᠡ ᠨᠠᠰᠤᠲᠠᠨ ᠵᠢᠷᠭᠤᠭᠠᠨ ᠳᠡᠰ ᠤᠨ ᠨᠥᠬᠦᠪᠥᠷᠢ ᠶᠢᠨ ᠳᠣᠲᠣᠷ᠎ᠠ ᠠᠴᠠ ᠨᠢᠭᠡ ᠯᠡ ᠵᠦᠢᠯ ᠤᠨ ᠠᠰᠢᠭ ᠬᠦᠷᠳᠡᠬᠦ ᠶᠢᠨ ᠬᠠᠮᠲᠤ ᠤᠯᠠᠨ ᠳᠡᠰ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠡᠭᠡᠳᠦ ᠳᠡᠰ ᠤᠨ ᠨᠥᠬᠦᠪᠥᠷᠢ ᠣᠯᠭᠤᠨ᠎ᠠ᠃
 
ᠢᠷᠡᠯᠲᠡ᠄ ᠠᠯᠠᠱᠠ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号