1 ᠰᠠᠷ᠎ᠠ ᠶᠢᠨ 7 ᠤ ᠡᠳᠦᠷ᠂ ᠠᠯᠠᠱᠠ ᠪᠠᠷᠠᠭᠤᠨ ᠬᠤᠰᠢᠭᠤᠨ ᠤ ᠬᠢᠨ ᠬᠤᠶᠠᠳᠠᠬᠢ ᠤᠳᠠᠭᠠᠨ ᠤ ᠳᠤᠮᠳᠠᠳᠤ | ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠶᠣᠰᠣᠯᠠᠯ ᠶᠠᠪᠤᠭᠳᠠᠭᠤᠯᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠧᠨ ᠪᠢᠨ | ᠶᠣᠰᠣᠯᠠᠯ ᠳᠤ ᠣᠷᠣᠯᠴᠠᠵᠤ᠂ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠬᠤᠤ ᠱᠢ ᠸᠧᠶ ᠶᠣᠰᠣᠯᠠᠯ ᠢ ᠡᠷᠭᠢᠯᠡᠪᠡ᠃ | ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠠᠮᠤᠷ ᠲᠦᠪᠰᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠪᠥᠬᠦ ᠠᠷᠠᠳ ᠤᠨ | ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠣᠰᠣᠯᠠᠯ ᠳᠤ ᠣᠷᠣᠯᠴᠠᠵᠠᠶ᠃ | | | | | ᠥᠷᠯᠥᠭᠡ ᠶᠢᠨ 8 ᠴᠠᠭ ᠲᠤ᠂ ᠥᠭᠡᠳᠡᠯᠡᠨ ᠮᠠᠨᠳᠤᠬᠤ ᠥᠷᠯᠥᠭᠡ ᠶᠢᠨ ᠨᠡᠷᠡᠨ ᠲᠠᠢ ᠤᠷᠤᠯᠳᠤᠨ᠂ ᠪᠦᠬᠦ | ᠠᠷᠠᠳ ᠤᠨ ᠴᠠᠭᠳᠠᠭ᠎ᠠ ᠨᠠᠷ ᠶᠤᠰᠤᠯᠠᠯ ᠤᠨ ᠵᠢᠭᠰᠠᠭᠠᠯ ᠤᠨ ᠶᠣᠰᠣᠭᠠᠷ ᠲᠡᠷᠢ ᠲᠡᠭᠰᠢ ᠵᠢᠭᠰᠠᠵᠤ᠂ ᠲᠥᠪ ᠡᠷᠬᠢᠮᠰᠦᠭ᠂ | ᠴᠤᠭ ᠵᠢᠪᠬᠤᠭ᠎ᠠ ᠪᠠᠳᠠᠷᠠᠩᠭᠤᠢ᠂ ᠰᠡᠳᠬᠢᠯ ᠵᠢᠷᠦᠬᠡ ᠨᠢ ᠲᠤᠭᠳᠤᠯᠠᠩᠭᠤᠢ᠂ ᠤᠯᠤᠰ ᠤᠨ ᠲᠤᠭ ᠢᠶᠠᠨ ᠬᠠᠮᠠᠭᠠᠯᠠᠬᠤ | ᠠᠩᠭᠢ ᠶᠢᠨ ᠬᠢᠨ ᠢᠳᠡᠷᠡᠭᠦᠨ ᠠᠯᠬᠤᠭ᠎ᠠ ᠪᠠᠷ ᠲᠠᠯᠠᠪᠠᠶ ᠳᠤ ᠤᠷᠤᠵᠤ᠂ ᠰᠦᠷ ᠵᠢᠪᠬᠤᠯᠠᠩᠲᠤ ᠤᠯᠤᠰ ᠤᠨ ᠳᠠᠭᠤᠨ | ᠳᠤᠮᠳᠠ ᠤᠯᠤᠰ ᠤᠨ ᠲᠤᠭ ᠢᠶᠠᠨ ᠠᠯᠭᠤᠷᠬᠠᠨ ᠢᠶᠠᠷ ᠮᠠᠨᠳᠤᠭᠤᠯᠵᠤ᠂ ᠪᠦᠬᠦ ᠴᠠᠭᠳᠠᠭ᠎ᠠ ᠨᠠᠡᠷ ᠲᠤᠭ ᠤᠨ ᠲᠤᠤᠷ᠎ᠠ | ᠲᠥᠪ ᠬᠢᠴᠢᠶᠡᠩᠭᠦᠶ ᠪᠠᠷ ᠶᠣᠰᠣᠯᠠᠪᠠ᠃ ᠪᠦᠬᠦ ᠠᠷᠠᠳ ᠤᠨ ᠴᠠᠭᠳᠠᠭ᠎ᠠ ᠨᠠᠷ ᠴᠠᠭᠳᠠᠭᠠᠨ ᠤ ᠲᠤᠭ ᠤᠨ ᠳᠤᠤᠷ᠎ᠠ ︽ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠷᠠᠳ ᠤᠨ ᠴᠠᠭᠳᠠᠭ᠎ᠠ ᠶᠢᠨ ᠲᠠᠩᠭᠠᠷᠢᠭ︾ ᠤᠨ ᠦᠭᠡᠰ ᠢ | ᠣᠩᠰᠢᠪᠠ᠃ | | | | | ᠴᠧᠨ ᠪᠢᠨ ᠪᠥᠬᠦ ᠬᠤᠰᠢᠭᠤᠨ ᠤ ᠠᠷᠠᠳ ᠤᠨ ᠴᠠᠭᠳᠠᠭ᠎ᠠ ᠳᠤ ᠪᠠᠶᠠᠷ ᠤᠨ ᠡᠳᠦᠷ ᠤᠨ ᠮᠡᠨᠳᠦ ᠬᠦᠷᠭᠡᠬᠦ ᠶᠢᠨ | ᠬᠠᠮᠲᠤ᠂ ᠣᠷᠳᠣ ᠬᠤᠭᠤᠴᠠᠭᠠᠨ ᠤ ᠲᠤᠷᠰᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠣᠯᠠᠨ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠭᠰᠠᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ | ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠠᠷᠠᠳ ᠤᠨ ᠴᠠᠭᠳᠠᠭ᠎ᠠ | ᠲᠤᠰᠠᠯᠠᠬᠤ ᠴᠠᠭᠳᠠᠭ᠎ᠠ ᠶᠢ ᠣᠭ ᠰᠠᠨᠠᠭ᠎ᠠ ᠪᠠᠨ ᠦᠨᠡᠨᠴᠢ ᠰᠢᠳᠤᠷᠭᠤ ᠪᠠᠷ ᠰᠠᠬᠢᠵᠤ᠂ ᠰᠢᠷᠭᠠᠭᠤ ᠬᠠᠲᠠᠭᠤᠵᠢᠯᠲᠠᠶ ᠪᠠᠷ | ᠳᠠᠬᠢᠨ ᠮᠣᠷᠳᠠᠬᠤ ᠶᠢ ᠵᠣᠷᠢᠭᠵᠢᠭᠤᠯᠪᠠ᠃ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ | ᠠᠮᠤᠷ ᠲᠣᠭᠲᠠᠭᠤᠨ ᠢ ᠬᠠᠮᠠᠭᠠᠯᠠᠬᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠬᠤ ᠳᠤᠮᠳᠠ | ᠳᠣᠲᠣᠭᠠᠳᠤ ᠶᠢ ᠬᠠᠮᠠᠭᠠᠯᠠᠬᠤ ᠬᠠᠷᠢᠭᠤᠴᠠᠯᠭ᠎ᠠ ᠪᠠᠨ ᠢᠯᠡᠷᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ | | | | | ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠦᠨᠳᠦᠰᠦᠨ ᠱᠠᠲᠤᠨ ᠤ ᠴᠡᠷᠢᠭ ᠠᠩᠬᠢ ᠳᠤ | ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠲᠡᠷᠭᠡ ᠵᠢᠴᠢ ᠲᠦᠯᠬᠢᠭᠦᠷ ᠲᠠᠷᠬᠠᠭᠠᠪᠠ᠃ | | | | | ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ᠂ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠢᠷᠠᠭᠤ ᠠᠯᠳᠠᠷ | ᠣᠯᠭᠤᠬᠤ ᠶᠣᠰᠣᠯᠠᠯ ᠶᠠᠪᠤᠭᠳᠠᠭᠤᠯᠪᠠ᠃ 2021 ᠣᠨ ᠤ ᠰᠢᠯᠢᠳᠡᠭ ᠨᠠᠮ ᠤᠨ ᠡᠭᠦᠷ᠂ ᠰᠢᠯᠢᠳᠡᠭ ᠡᠪ ᠬᠠᠮᠲᠤ | ᠨᠠᠮ ᠤᠨ ᠭᠡᠰᠢᠭᠦᠨ᠂ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠲᠤᠰᠠᠯᠠᠭᠰᠠᠨ ᠲᠡᠷᠢᠭᠦᠨ ᠤ ᠬᠤᠪᠢ ᠬᠥᠮᠦᠨ᠂ 2021 ᠣᠨ ᠤ ᠲᠡᠷᠢᠭᠦᠨ ᠤ ᠠᠵᠢᠯᠲᠠᠨ᠂ ᠴᠠᠭᠳᠠᠭᠠᠨ | ᠠᠵᠢᠯ ᠳᠤ ᠤᠷᠤᠭᠰᠠᠨ 35 ᠵᠢᠯ᠂ 30 ᠵᠢᠯ᠂ 20 ᠵᠢᠯ᠂ 10 ᠵᠢᠯ ᠤᠨ ᠢᠷᠠᠭᠤ ᠠᠯᠳᠠᠷᠲᠤ ᠳᠤᠷᠠᠰᠬᠠᠯ ᠤᠨ | ᠲᠡᠮᠳᠡᠭ ᠣᠯᠭᠤᠭᠰᠠᠳ ᠲᠤ ᠲᠠᠰ ᠳᠠᠷᠠᠭᠠᠯᠠᠨ ᠲᠠᠶᠢᠰᠠᠨ ᠳᠤ ᠭᠠᠷᠴᠤ ᠱᠠᠩᠨᠠᠯ ᠲᠤᠰᠪᠠ᠃ | | | | | ᠬᠤᠤ ᠱᠢ ᠸᠧᠢ ᠥᠷᠭᠡᠨ ᠤᠯᠠᠨ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠪᠦᠬᠦ ᠠᠵᠢᠯᠲᠠᠳ ᠢ | ᠡᠷᠡᠯᠬᠡᠭᠯᠡᠨ ᠤᠷᠤᠭᠰᠢᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠤᠷᠤᠭᠰᠢᠯᠠᠵᠤ᠂ | ᠣᠷᠭᠢᠯᠤᠮ᠎ᠠ ᠬᠠᠯᠠᠭᠤᠨ ᠰᠡᠳᠬᠢᠯᠭᠡ᠂ ᠠᠵᠢᠯ ᠬᠢᠬᠦ ᠣᠷᠭᠢᠯᠤᠮ᠎ᠠ ᠰᠡᠳᠬᠢᠯᠭᠡ ᠪᠠᠷ 2022 ᠣᠨ ᠤ ᠰᠢᠨ᠎ᠡ | ᠠᠶᠠᠨ ᠢᠶᠠᠨ ᠡᠬᠢᠯᠡᠭᠦᠯᠵᠦ᠂ ᠨᠢᠭᠡ ᠭᠠᠵᠠᠷ ᠤᠨ ᠠᠮᠤᠷ ᠠᠮᠤᠭᠤᠯᠠᠩ ᠢ ᠬᠠᠮᠠᠭᠠᠯᠠᠵᠤ᠂ ᠲᠡᠷᠢᠭᠦᠨ ᠤ ᠠᠮᠵᠢᠯᠲᠠ | ᠪᠦᠲᠦᠮᠵᠢ ᠶᠢ ᠡᠭᠦᠳᠴᠦ᠂ ᠨᠡᠩ ᠥᠨᠳᠥᠷ ᠭᠠᠷᠤᠭ᠎ᠠ ᠠᠴᠠ ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ | ᠬᠡᠷᠡᠭᠲᠡᠢ ᠭᠡᠵᠦ ᠵᠣᠷᠢᠭᠵᠢᠭᠤᠯᠪᠠ᠃ | | | | | ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠲᠤᠰᠬᠠᠶ ᠮᠡᠷᠭᠡᠵᠢᠯᠲᠡᠨ ᠢ ᠤᠷᠢᠵᠤ ᠪᠥᠬᠦ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠳᠤ | ᠴᠠᠭᠳᠠᠭ᠎ᠠ ᠪᠠᠨ ᠬᠠᠶᠢᠷᠠᠯᠠᠬᠤ ᠴᠠᠭᠳᠠᠭ᠎ᠠ ᠪᠠᠨ ᠪᠠᠶᠠᠷᠯᠠᠭᠤᠯᠬᠤ ᠰᠢᠨ᠎ᠡ ᠵᠢᠯ ᠤᠨ ᠡᠷᠡᠭᠦᠯ ᠮᠡᠨᠳᠦ ᠶᠢᠨ ᠲᠤᠰᠬᠠᠶ | ᠰᠡᠳᠦᠪᠲᠦ ᠲᠠᠶᠢᠯᠤᠮᠵᠢ ᠬᠢᠯᠭᠡᠵᠡᠶ᠃ | | |